ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ 2022 ᠣᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ
ᠨᠡᠶ᠋ᠢᠲᠡᠯᠡᠭᠰᠡᠨ ᠴᠠᠭ᠄ 2023-02-06

     《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠦᠷᠢᠮ》 (ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠵᠠᠷᠯᠢᠭ 711 ᠳ᠋ᠦ᠍ᠭᠡᠷ ᠲᠣᠭ᠋ᠠᠲᠤ)᠂   《〈ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ ᠵᠢᠨ ᠵᠠᠭᠪᠤᠷ〉᠎ᠢ ᠳᠠᠷᠤᠮᠠᠯᠯᠠᠨ ᠲᠠᠷᠬᠠᠭ᠋ᠠᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠮᠡᠳᠡᠭᠡ ᠵᠠᠩᠭᠢ ᠬᠢᠭᠡᠳ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠯᠪᠠᠨ ᠬᠡᠷ᠎ᠤᠨ ᠮᠡᠳᠡᠭᠳᠡᠯ》 (ᠲᠥᠷᠥ ᠠᠯᠪᠠᠨ ᠢᠯᠡ ᠪᠣᠯᠭ᠋ᠠᠬᠤ ᠠᠯᠪᠠᠨ ᠵᠠᠬᠢᠳᠠᠯ[2021]30 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠲᠢᠩᠬᠢᠮ 2022 ᠣᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠠᠵᠢᠯ᠎ᠤᠨ ᠣᠨ᠎ᠤ ᠮᠡᠳᠡᠭᠦᠯᠦᠯᠲᠡ ᠵᠢ ᠨᠠᠢ᠌ᠷᠠᠭᠤᠯᠤᠨ ᠵᠣᠬᠢᠶᠠᠪᠠ᠃ ᠲᠣᠰ ᠣᠨ᠎ᠤ ᠮᠡᠳᠡᠭᠦᠯᠦᠯᠲᠡ ᠵᠢᠨ ᠡᠯᠧᠺᠲᠷᠣᠨ ᠬᠡᠪᠯᠡᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠰᠦᠯᠵᠢᠶ᠎ᠡ (http᠄ //jtyst.nmg.gov.cn/)᠎ᠠᠴᠠ ᠪᠠᠭᠤᠯᠭ᠋ᠠᠨ ᠠᠪᠴᠤ ᠪᠣᠯᠤᠨ᠎ᠠ᠃ ᠬᠡᠷᠪᠡ ᠲᠤᠰ ᠣᠨ᠎ᠤ ᠮᠡᠳᠡᠭᠦᠯᠦᠯᠲᠡ᠎ᠳᠤ ᠰᠡᠵᠢᠭᠯᠡᠯ᠎ᠲᠠᠢ ᠪᠠᠢ᠌ᠪᠠᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠠᠯᠪᠠᠨ ᠬᠡᠷ᠎ᠲᠠᠢ ᠬᠠᠷᠢᠯᠴᠠᠭ᠋ᠠᠷᠠᠶ (ᠳ᠋ᠢᠶᠠᠩᠬᠤᠸᠠ᠄ 0471 - 6960316)᠃
      ᠨᠢᠭᠡ᠂ ᠶᠡᠷᠦᠩᠬᠡᠢ ᠪᠠᠢ᠌ᠳᠠᠯ
     2022 ᠣᠨ᠎ᠳᠤ᠂ ᠮᠠᠨ᠎ᠤ ᠲᠢᠩᠬᠢᠮ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ   ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠪᠥᠬᠥ ᠲᠠᠯ᠎ᠠ᠎ᠪᠠᠷ ᠠᠬᠢᠭᠤᠯᠬᠤ ᠲᠤᠬᠠᠶ ᠲᠥᠪ ᠪᠠ ᠥᠪᠡᠷᠲᠡᠭᠡᠨ ᠵᠠᠰᠠᠬᠤ ᠣᠷᠣᠨ᠎ᠤ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠭᠣᠤᠯ ᠠᠵᠢᠯ᠎ᠤᠨ ᠲᠣᠭᠣᠷᠢᠨ᠎ᠳᠤ᠂ ᠨᠡᠢ᠌ᠭᠡᠮ᠎ᠤᠨ ᠠᠩᠬᠠᠷᠤᠯ᠎ᠳᠤ ᠲᠥᠪᠯᠡᠷᠡᠭᠦᠯᠵᠦ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠵᠢᠷᠤᠮᠵᠢᠭᠤᠯᠬᠤ ᠬᠢᠷᠢ ᠲᠦᠪᠰᠢᠨ ᠵᠶ᠋ᠡᠨ ᠲᠠᠰᠤᠷᠠᠯᠲᠠ ᠥᠬᠡᠶ ᠳᠡᠭᠡᠭᠰᠢᠯᠡᠭᠦᠯᠪᠡ᠃ ᠲᠢᠩᠬᠢᠮ᠎ᠤᠨ ᠫᠣᠷᠲᠸᠯ ᠰᠦᠯᠵᠢᠶ᠎ᠡ᠎ᠨᠢ ᠪᠥᠬᠥ ᠵᠢᠯ᠎ᠳᠤ ᠡᠯ᠎ᠡ ᠲᠥᠷᠥᠯ᠎ᠤᠨ ᠮᠡᠳᠡᠭᠡ ᠵᠠᠩᠭᠢ ᠵᠢ 5.19 ᠲᠦᠮᠡᠨ ᠵᠤᠷᠪᠤᠰ ᠨᠡᠢ᠌ᠲᠡᠯᠡᠪᠡ᠃
     (ᠨᠢᠭᠡ) ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠭᠰᠠᠨ ᠪᠠᠢ᠌ᠳᠠᠯ᠃ 2022 ᠣᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠭᠣᠣᠯᠳᠠᠯᠭ᠎ᠠ ᠵᠢ ᠳᠠᠷᠤᠮᠠᠯᠯᠠᠨ ᠲᠠᠷᠬᠠᠭ᠋ᠠᠵᠤ᠂ ᠪᠦᠬᠦ ᠵᠢᠯ᠎ᠤᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠨᠢᠭᠡᠳᠦᠯᠲᠡᠢ ᠲᠥᠯᠥᠪᠯᠡᠨ ᠵᠢᠯᠣᠭᠣᠳᠪᠠ᠃ 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠦᠷᠢᠮ》᠎ᠤᠨ ᠬᠠᠮᠢᠶ᠎ᠠ ᠪᠥᠬᠥᠶ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ᠂ ᠲᠣᠰ ᠣᠨ᠎ᠳᠤ ᠮᠠᠨ᠎ᠤ ᠲᠢᠩᠬᠢᠮ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠤᠰᠬᠠᠶ ᠪᠤᠯᠤᠩ᠎ᠳᠤ ᠨᠡᠢ᠌ᠲᠡ 229 ᠵᠤᠷᠪᠤᠰ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠨᠡᠢ᠌ᠲᠡᠯᠡᠨ᠂ ᠡᠭᠦᠨ᠎ᠳᠤ 15 ᠬᠤᠪᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠨᠡᠢ᠌ᠲᠡᠯᠡᠵᠦ᠂ 15 ᠵᠤᠷᠪᠤᠰ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠵᠢᠨ ᠮᠡᠳᠡᠭᠡ ᠵᠠᠩᠭᠢ ᠵᠢ ᠨᠡᠢ᠌ᠲᠡᠯᠡᠪᠡ; ᠠᠵᠤ ᠠᠬᠤᠢ᠌ᠯᠠᠯ᠎ᠳᠤ ᠬᠠᠷᠠᠭ᠋ᠠᠯᠵᠠᠯ ᠦᠵᠡᠭᠦᠯᠬᠦ ᠲᠥᠷᠥ ᠵᠢᠨ ᠪᠣᠳᠣᠯᠭ᠎ᠠ ᠵᠢᠨ ᠲᠤᠰᠬᠠᠶ ᠪᠤᠯᠤᠩ ᠨᠡᠮᠡᠵᠦ᠂ ᠠᠵᠤ ᠠᠬᠤᠢ᠌ᠯᠠᠯ᠎ᠳᠤ ᠬᠠᠷᠠᠭ᠋ᠠᠯᠵᠠᠯ ᠦᠵᠡᠭᠦᠯᠬᠦ ᠲᠥᠷᠥ ᠵᠢᠨ ᠪᠣᠳᠣᠯᠭ᠎ᠠ ᠵᠢᠨ ᠮᠡᠳᠡᠭᠡ ᠵᠠᠩᠭᠢ 4 ᠵᠤᠷᠪᠤᠰ ᠨᠡᠢ᠌ᠲᠡᠯᠡᠪᠡ; ᠲᠣᠭ᠎ᠠ ᠪᠦᠷᠢᠳᠬᠡᠯ᠎ᠤᠨ ᠮᠡᠳᠡᠭᠡ ᠵᠠᠩᠭᠢ ᠵᠢ 28 ᠵᠤᠷᠪᠤᠰ ᠨᠡᠢ᠌ᠲᠡᠯᠡᠪᠡ; ᠲᠢᠩᠬᠢᠮ᠎ᠤᠨ ᠲᠣᠰ ᠱᠠᠲᠤ ᠵᠢᠴᠢ ᠬᠠᠷᠢᠶ᠎ᠠ ᠬᠣᠶᠠᠳᠤᠭ᠋ᠠᠷ ᠳᠡᠰ᠎ᠤᠨ ᠨᠢᠭᠡᠴᠢ ᠵᠢᠨ ᠲᠥᠰᠦᠪ ᠪᠠ ᠲᠥᠰᠦᠪ᠎ᠤᠨ ᠭᠦᠢᠴᠡᠳᠬᠡᠯ᠎ᠤᠨ ᠮᠡᠳᠡᠭᠡ ᠵᠠᠩᠭᠢ ᠵᠢ 45 ᠵᠤᠷᠪᠤᠰ ᠢᠯᠡ ᠪᠣᠯᠭ᠋ᠠᠪᠠ; ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠵᠢᠨ ᠰᠠᠨᠠᠭᠤᠯᠭ᠎ᠠ ᠪᠠ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ᠎ᠤᠨ ᠳᠤᠷᠠᠳᠤᠯᠭ᠎ᠠ ᠵᠢ ᠭᠦᠢᠴᠡᠳᠬᠡᠭᠰᠡᠨ ᠦᠷ᠎ᠡ ᠳ᠋ᠦᠩ 31 ᠵᠤᠷᠪᠤᠰ ᠵᠡᠷᠭᠡ ᠮᠡᠳᠡᠭᠡ ᠵᠠᠩᠭᠢ ᠵᠢ ᠢᠯᠡ ᠪᠣᠯᠭ᠋ᠠᠪᠠ᠃ 23 ᠵᠤᠷᠪᠤᠰ ᠲᠠᠢ᠌ᠯᠤᠮᠵᠢ ᠵᠢ ᠨᠡᠢ᠌ᠲᠡᠯᠡᠬᠦ ᠪᠠ ᠰᠢᠯᠵᠢᠭᠦᠯᠦᠨ ᠨᠡᠢ᠌ᠲᠡᠯᠡᠵᠦ᠂ ᠲᠢᠩᠬᠢᠮ᠎ᠤᠨ ᠳᠠᠷᠤᠭ᠎ᠠ ᠵᠢᠨ ᠵᠠᠬᠢᠳᠠᠯ᠎ᠤᠨ ᠬᠠᠢ᠌ᠷᠴᠠᠭ᠂ ᠰᠦᠯᠵᠢᠶᠡᠨ ᠳᠡᠭᠡᠷᠡᠬᠢ ᠯᠠᠪᠯᠠᠭ᠎ᠠ᠂ ᠵᠠᠬᠢᠳᠠᠯ ᠰᠤᠷᠪᠤᠯᠵᠢᠯᠠᠭ᠎ᠠ ᠵᠢᠨ ᠵᠠᠭ᠋ᠠᠯᠳᠤᠯᠭ᠎ᠠ ᠵᠢ ᠲᠣᠰ ᠲᠣᠰ 72᠂ 140᠂ 40 ᠵᠤᠷᠪᠤᠰ ᠭᠥᠯᠢᠶᠡᠨ ᠠᠪᠬᠤ ᠵᠢᠨ ᠬᠠᠮᠲᠤ ᠭᠦᠢᠴᠡᠳᠬᠡᠵᠦ᠂ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ᠂ ᠰᠠᠨᠠᠯ ᠬᠤᠷᠢᠶᠠᠬᠤ᠂ ᠰᠦᠯᠵᠢᠶᠡᠨ ᠳᠡᠭᠡᠷᠡᠬᠢ ᠪᠠᠢ᠌ᠴᠠᠭ᠋ᠠᠯᠲᠠ ᠵᠢ ᠲᠣᠰ ᠲᠣᠰ 3᠂ 16᠂ 2 ᠵᠤᠷᠪᠤᠰ ᠨᠡᠢ᠌ᠲᠡᠯᠡᠪᠡ᠃
     (ᠬᠣᠶᠠᠷ) ᠭᠤᠶᠤᠴᠢᠯᠠᠯ ᠶᠣᠰᠣᠭ᠋ᠠᠷ ᠢᠯᠡ ᠪᠣᠯᠭ᠋ᠠᠭᠰᠠᠨ ᠪᠠᠢ᠌ᠳᠠᠯ᠃ ᠠᠭᠤᠯᠭ᠎ᠠ ᠵᠢᠨ ᠬᠢᠨᠠᠨ ᠬᠠᠷᠭᠤᠭᠤᠯᠤᠯᠲᠠ ᠵᠢ ᠴᠢᠩᠭ᠋ᠠᠳᠬᠠᠵᠤ᠂ ᠪᠠᠷᠢᠮᠵᠢᠶᠠᠲᠤ ᠲᠣᠪᠬᠢᠮᠠᠯ᠎ᠢ ᠬᠡᠷᠡᠭᠵᠢᠭᠦᠯᠦᠨ᠂ ᠭᠦᠢᠴᠡᠳᠬᠡᠬᠦ ᠶᠠᠰᠤ ᠴᠢᠨᠠᠷ᠎ᠢ ᠪᠥᠬᠥ ᠲᠠᠯ᠎ᠠ᠎ᠪᠠᠷ ᠳᠡᠭᠡᠭᠰᠢᠯᠡᠭᠦᠯᠪᠡ᠃ 2022 ᠣᠨ᠎ᠳᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠢ 14 ᠬᠤᠪᠢ ᠭᠦᠢ᠍ᠴᠡᠳᠬᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 28%᠎ᠪᠠᠷ ᠨᠡᠮᠡᠭᠳᠡᠵᠦ᠂ ᠮᠡᠳᠡᠭᠡ ᠵᠠᠩᠭᠢ ᠵᠢ ᠢᠯᠡ ᠪᠣᠯᠭ᠋ᠠᠬᠤ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠶᠠᠪᠤᠳᠠᠯ ᠭᠠᠷᠤᠭᠰᠠᠨ ᠥᠬᠡᠶ᠃
     (ᠭᠤᠷᠪᠠ) ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠪᠠᠢ᠌ᠳᠠᠯ᠃ ᠨᠢᠭᠡ᠎ᠳᠤ᠂ 2021 ᠣᠨ᠎ᠳᠤ ᠪᠥᠬᠥ ᠲᠠᠯ᠎ᠠ᠎ᠪᠠᠷ ᠢᠯᠭ᠋ᠠᠷᠠᠭᠤᠯᠤᠭᠰᠠᠨ᠎ᠤ ᠳᠠᠷᠠᠭ᠎ᠠ ᠦᠷᠭᠦᠯᠵᠢᠯᠡᠨ ᠬᠦᠴᠦᠨ᠎ᠲᠠᠢ ᠭᠠᠷᠴᠠᠭ᠎ᠲᠤ ᠵᠢᠭᠰᠠᠭ᠋ᠠᠨ ᠣᠷᠣᠭᠤᠯᠤᠭᠰᠠᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠢᠯᠭ᠋ᠠᠷᠠᠭᠤᠯᠵᠤ᠂ ᠦᠷᠭᠦᠯᠵᠢᠯᠡᠨ ᠬᠦᠴᠦᠨ᠎ᠲᠠᠢ᠎ᠨᠢ 35 ᠬᠤᠪᠢ᠂ 1 ᠬᠤᠪᠢ ᠵᠢ ᠬᠦᠴᠦᠨ ᠥᠬᠡᠶ ᠪᠣᠯᠭ᠋ᠠᠪᠠ᠃ ᠬᠣᠶᠠᠷ᠎ᠲᠤ᠂   《ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶᠡᠨ᠎ᠳᠠᠬᠢ ᠦᠨᠳᠦᠰᠦᠨ ᠱᠠᠲᠤᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠠᠷᠢᠮᠵᠢᠶ᠎ᠠ ᠵᠢᠨ ᠵᠢᠯᠣᠭᠣᠳᠤᠮᠵᠢ》 ᠪᠣᠯᠤᠨ 《ᠣᠯᠠᠨ ᠨᠡᠢ᠌ᠲᠡ ᠵᠢᠨ ᠵᠠᠮ ᠬᠠᠷᠢᠯᠴᠠᠭ᠋ᠠᠨ᠎ᠤ ᠠᠵᠤ ᠠᠬᠤᠢ᠌ᠯᠠᠯ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠲᠣᠭᠲᠠᠭ᠋ᠠᠯ》᠎ᠤᠨ ᠨᠠᠢ᠌ᠳᠠᠪᠤᠷᠢᠵᠢᠭᠤᠯᠤᠯᠲᠠ ᠵᠢ ᠤᠯᠠᠮ ᠨᠢᠭᠡ ᠠᠯᠬᠤᠮ ᠠᠬᠢᠭᠤᠯᠵᠤ᠂ ᠦᠨᠳᠦᠰᠦᠨ ᠱᠠᠲᠤᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠪᠠᠢ᠌ᠭᠤᠯᠤᠯᠲᠠ ᠵᠢ ᠠᠬᠢᠭᠤᠯᠵᠤ᠂ ᠣᠯᠠᠨ ᠨᠡᠢ᠌ᠲᠡ ᠵᠢᠨ ᠵᠠᠮ ᠬᠠᠷᠢᠯᠴᠠᠭ᠋ᠠᠨ᠎ᠤ ᠠᠵᠤ ᠠᠬᠤᠢ᠌ᠯᠠᠯ᠎ᠤᠨ ᠣᠯᠠᠨ ᠨᠡᠢ᠌ᠲᠡ ᠵᠢᠨ ᠦᠢᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠪᠡ᠃
     (ᠳᠥᠷᠪᠡ) ᠲᠠᠪᠴᠠᠩ᠎ᠤᠨ ᠪᠠᠢ᠌ᠭᠤᠯᠤᠯᠲᠠ ᠵᠢᠨ ᠪᠠᠢ᠌ᠳᠠᠯ᠃ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠠᠪᠴᠠᠩ᠎ᠢ ᠦᠷᠭᠦᠯᠵᠢᠯᠡᠨ ᠲᠡᠭᠦᠯᠳᠡᠷᠵᠢᠭᠦᠯᠵᠦ᠂ IPv6 ᠵᠢᠨ ᠥᠭᠡᠷᠡᠴᠢᠯᠡᠯᠲᠡ᠂ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠨ ᠨᠠᠰᠤᠲᠠᠢ᠌ᠴᠤᠳ᠎ᠲᠤ ᠲᠣᠬᠢᠷᠠᠭᠤᠯᠬᠤ ᠪᠥᠲᠥᠭᠡᠨ ᠪᠠᠢ᠌ᠭᠤᠯᠤᠯᠲᠠ ᠪᠠ ᠰᠠᠭ᠋ᠠᠳ ᠥᠬᠡᠶ ᠪᠣᠯᠭ᠋ᠠᠬᠤ ᠥᠭᠡᠷᠡᠴᠢᠯᠡᠯᠲᠡ ᠵᠢ ᠪᠡᠶᠡᠯᠡᠭᠦᠯᠪᠡ᠃ ᠣᠯᠠᠨ ᠨᠡᠢ᠌ᠲᠡ ᠵᠢᠨ ᠶᠠᠪᠤᠵᠤ ᠰᠠᠭᠤᠬᠤ   ᠲᠠᠪᠴᠠᠩ᠎ᠢ ᠳᠡᠰ ᠳᠡᠪᠰᠢᠭᠦᠯᠵᠦ᠂ ᠡᠯ᠎ᠡ ᠲᠥᠷᠥᠯ᠎ᠤᠨ ᠵᠠᠮ ᠬᠠᠷᠢᠯᠴᠠᠭ᠋ᠠᠨ᠎ᠤ ᠮᠡᠳᠡᠭᠡ ᠵᠠᠩᠭᠢ ᠵᠢᠨ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠬᠦ᠎ᠪᠠᠷ ᠳᠠᠮᠵᠢᠭᠤᠯᠤᠨ᠂ ᠴᠠᠭ ᠲᠤᠬᠠᠶ᠎ᠳᠤ᠎ᠨᠢ ᠪᠠᠢ᠌ᠴᠠᠭ᠋ᠠᠨ ᠯᠠᠪᠯᠠᠬᠤ ᠵᠢ ᠪᠡᠶᠡᠯᠡᠭᠦᠯᠪᠡ᠃   ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ ᠵᠢᠨ ᠬᠥᠮᠥᠷᠭᠡ ᠵᠢᠨ ᠲᠤᠰᠬᠠᠶ ᠪᠤᠯᠤᠩ᠎ᠢ ᠨᠡᠮᠡᠵᠦ᠂ ᠵᠠᠮ ᠲᠡᠭᠡᠭᠡᠪᠦᠷᠢ᠂ ᠠᠶᠠᠨᠴᠢᠳ᠎ᠤᠨ ᠲᠡᠭᠡᠭᠡᠪᠦᠷᠢ ᠵᠢᠨ ᠬᠠᠮᠢᠶᠠᠷᠤᠯᠲᠠ᠂ ᠬᠢᠷᠢ ᠬᠡᠮ᠎ᠤᠨ ᠰᠢᠯᠭ᠋ᠠᠯᠲᠠ᠂ ᠵᠠᠰᠠᠮᠠᠯ ᠵᠠᠮ ᠤᠰᠤᠨ ᠵᠠᠮ᠂ ᠮᠠᠰᠢᠨ ᠲᠡᠷᠭᠡ ᠰᠡᠯᠪᠢᠨ ᠵᠠᠰᠠᠬᠤ ᠵᠡᠷᠭᠡ ᠲᠠᠯ᠎ᠠ ᠵᠢᠨ ᠲᠥᠷᠥ ᠵᠢᠨ ᠪᠣᠳᠣᠯᠭ᠎ᠠ ᠵᠢ ᠠᠰᠠᠭᠤᠯᠲᠠ ᠬᠠᠷᠢᠭᠤᠯᠲᠠ ᠵᠢᠨ ᠬᠡᠯᠪᠡᠷᠢ᠎ᠪᠠᠷ ᠨᠡᠢ᠌ᠲᠡᠯᠡᠪᠡ᠃
     (ᠲᠠᠪᠤ) ᠬᠢᠨᠠᠯᠲᠠ ᠲᠠᠯᠪᠢᠯᠲᠠ ᠵᠢᠨ ᠪᠠᠲᠤᠯᠠᠭ᠎ᠠ ᠵᠢᠨ ᠪᠠᠢ᠌ᠳᠠᠯ᠃ ᠲᠢᠩᠬᠢᠮ᠎ᠤᠨ ᠫᠤᠷᠲ᠋ᠧᠯ ᠰᠦᠯᠵᠢᠶ᠎ᠡ ᠵᠢᠨ ᠪᠠᠢ᠌ᠩᠭᠤᠵᠢᠭᠰᠠᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠡᠯ᠎ᠡ ᠨᠢᠭᠡᠴᠢ ᠡᠯ᠎ᠡ ᠰᠠᠯᠠᠭ᠎ᠠ ᠮᠥᠴᠢᠷ᠎ᠤᠨ ᠢᠯᠡ ᠪᠣᠯᠭ᠋ᠠᠭᠰᠠᠨ   ᠪᠠᠢ᠌ᠳᠠᠯ᠎ᠳᠤ 《ᠤᠯᠠᠷᠢᠯ + ᠵᠢᠯ᠎ᠤᠨ ᠡᠴᠦᠰ》 ᠵᠶ᠋ᠠᠷ ᠦᠨᠡᠯᠡᠨ ᠵᠢᠱ᠌ᠢᠯᠲᠡ ᠬᠢᠵᠦ᠂ ᠰᠢᠯᠭ᠋ᠠᠨ ᠬᠢᠨᠠᠵᠤ ᠦᠨᠡᠯᠡᠨ ᠵᠢᠱ᠌ᠢᠬᠦ᠎ᠪᠠᠷ ᠠᠵᠢᠯ ᠵᠶ᠋ᠠᠨ ᠠᠬᠢᠭᠤᠯᠤᠨ᠂ ᠠᠵᠢᠯ ᠵᠶ᠋ᠠᠨ ᠰᠠᠢ᠌ᠵᠢᠷᠠᠭᠤᠯᠵᠤ᠂ ᠤᠳᠤᠷᠢᠳᠤᠮᠵᠢ ᠵᠢ ᠪᠤᠢ ᠪᠣᠯᠭ᠋ᠠᠨ᠂ ᠡᠯ᠎ᠡ ᠵᠦᠢᠯ᠎ᠤᠨ ᠠᠵᠢᠯ᠎ᠢ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠬᠤ ᠵᠢ ᠦᠨᠡᠨ ᠬᠦ᠌ ᠪᠠᠲᠤᠯᠠᠪᠠ᠃ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠣᠯᠪᠠᠰᠤᠷᠠᠭᠤᠯᠤᠯ᠎ᠢ ᠥᠷᠨᠢᠭᠦᠯᠵᠦ᠂ ᠲᠢᠩᠬᠢᠮ᠎ᠤᠨ ᠰᠢᠭᠤᠳ ᠬᠠᠷᠢᠶ᠎ᠠ ᠨᠢᠭᠡᠴᠢ ᠪᠠ ᠪᠠᠢ᠌ᠭᠤᠯᠭ᠎ᠠ ᠵᠢᠨ ᠭᠠᠵᠠᠷ ᠲᠠᠰᠤᠭ᠎ᠤᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠨᠥᠬᠥᠳ᠎ᠲᠤ ᠲᠥᠪᠯᠡᠷᠡᠭᠦᠯᠦᠭᠰᠡᠨ ᠪᠣᠯᠪᠠᠰᠤᠷᠠᠭᠤᠯᠤᠯ ᠦᠷᠨᠢᠭᠦᠯᠪᠡ᠃


      ᠬᠣᠶᠠᠷ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠭᠰᠠᠨ ᠪᠠᠢ᠌ᠳᠠᠯ



    ᠭᠤᠷᠪᠠ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ᠎ᠪᠠᠷ ᠭᠤᠶᠤᠴᠢᠯᠠᠬᠤ ᠵᠢ ᠬᠦᠯᠢᠶᠡᠨ ᠠᠪᠤᠭᠰᠠᠨ ᠪᠠ ᠰᠢᠢ᠍ᠳᠪᠦᠷᠢᠯᠡᠭᠰᠡᠨ ᠪᠠᠢ᠌ᠳᠠᠯ




      ᠳᠥᠷᠪᠡ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢᠨ ᠵᠠᠰᠠᠭ ᠵᠠᠬᠢᠷᠭ᠋ᠠᠨ᠎ᠤ ᠳᠠᠬᠢᠨ ᠵᠥᠪᠯᠡᠭᠰᠡᠨ᠂ ᠵᠠᠰᠠᠭ ᠵᠠᠬᠢᠷᠭ᠋ᠠᠨ᠎ᠤ ᠵᠠᠷᠭᠤ ᠵᠢᠨ ᠪᠠᠢ᠌ᠳᠠᠯ


      ᠲᠠᠪᠤ᠂ ᠣᠷᠣᠰᠢᠵᠤ ᠪᠠᠢ᠌ᠭ᠎ᠠ ᠭᠣᠣᠯ ᠠᠰᠠᠭᠤᠳᠠᠯ ᠬᠢᠭᠡᠳ ᠰᠠᠢ᠌ᠵᠢᠷᠠᠭᠤᠯᠤᠭᠰᠠᠨ ᠪᠠᠢ᠌ᠳᠠᠯ
     2022 ᠣᠨ᠎ᠳᠤ᠂ ᠮᠠᠨ᠎ᠤ ᠲᠢᠩᠬᠢᠮ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠳᠤ ᠮᠦᠨ ᠵᠠᠷᠢᠮ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠣᠷᠣᠰᠢᠵᠤ ᠪᠠᠢ᠌ᠨ᠎ᠠ᠂ ᠭᠣᠤᠯᠳᠠᠭᠤ᠄ ᠮᠡᠳᠡᠭᠡ ᠵᠠᠩᠭᠢ ᠵᠢ ᠢᠯᠡ ᠪᠣᠯᠭ᠋ᠠᠬᠤ ᠠᠭᠤᠯᠭ᠎ᠠ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠠᠵᠢᠯ ᠲᠥᠷᠥᠯ᠎ᠤᠨ ᠦᠨᠳᠦᠰᠦᠨ ᠱᠠᠲᠤᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠵᠢᠯᠣᠭᠣᠳᠣᠯᠭ᠎ᠠ ᠵᠢ ᠴᠢᠩᠭ᠋ᠠᠳᠬᠠᠬᠤ ᠴᠢᠬᠤᠯᠠᠲᠠᠶ᠃ ᠮᠠᠨ᠎ᠤ ᠲᠢᠩᠬᠢᠮ ᠳᠣᠤᠷᠠᠬᠢ ᠠᠵᠢᠯ᠎ᠤᠳ᠎ᠢ ᠬᠦᠴᠦᠯᠡᠨ ᠬᠢᠵᠡᠶ᠃ ᠨᠢᠭᠡ᠎ᠳᠤ᠂ ᠢᠯᠡ ᠪᠣᠯᠭ᠋ᠠᠬᠤ ᠠᠭᠤᠯᠭ᠎ᠠ ᠵᠢ ᠰᠢᠯᠢᠳᠡᠭᠵᠢᠭᠦᠯᠪᠡ᠃ ᠠᠷᠠᠳ ᠣᠯᠠᠨ᠎ᠤ ᠠᠰᠢᠭ ᠲᠤᠰᠠ᠎ᠲᠠᠢ ᠨᠢᠭᠲᠠ ᠬᠣᠯᠪᠣᠭ᠎ᠠ᠎ᠲᠠᠢ ᠲᠥᠷᠥ ᠵᠢᠨ ᠪᠣᠳᠣᠯᠭ᠎ᠠ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠤᠯᠠᠮ ᠴᠢᠨᠠᠭᠰᠢᠲᠠ ᠥᠷᠭᠡᠳᠬᠡᠪᠡ᠃ ᠬᠣᠶᠠᠷ᠎ᠲᠤ᠂ ᠪᠢᠴᠢᠭ ᠮᠠᠲ᠋ᠧᠷᠢᠶᠠᠯ ᠳᠠᠷᠤᠮᠠᠯᠯᠠᠨ ᠲᠠᠷᠬᠠᠭ᠋ᠠᠵᠤ ᠦᠨᠳᠦᠰᠦᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ᠎ᠤᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠵᠢᠯᠣᠭᠣᠳᠣᠯᠭ᠎ᠠ ᠵᠢ ᠴᠢᠩᠭ᠋ᠠᠳᠬᠠᠪᠠ᠃


      ᠵᠢᠷᠭᠤᠭ᠎ᠠ᠂ ᠮᠡᠳᠡᠭᠦᠯᠬᠦ ᠴᠢᠬᠤᠯᠠᠲᠠᠶ ᠪᠤᠰᠤᠳ ᠵᠦᠢ᠍ᠯᠡᠰ
      ᠲᠣᠰ ᠵᠢᠯ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠨᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠮᠡᠳᠡᠭᠡ ᠵᠠᠩᠭᠢ ᠵᠢ ᠰᠢᠢᠳᠪᠦᠷᠢᠯᠡᠬᠦ ᠰᠦᠢᠳᠬᠡᠯ ᠬᠤᠷᠢᠶᠠᠭᠰᠠᠨ ᠥᠬᠡᠶ᠃


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ


                                     2023 ᠣᠨ᠎ᠤ 1 ᠳ᠋ᠦ᠍ᠭᠡᠷ ᠰᠠᠷ᠎ᠠ ᠵᠢᠨ 30᠎ᠤ ᠡᠳᠦᠷ


        ᠳᠠᠭ᠋ᠠᠯᠳᠤᠭᠤᠯᠤᠯ᠄  2022 ᠣᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ 2023 ᠣᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ
 
            