《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠦᠷᠢᠮ》 (ᠳᠣᠷᠣᠭᠰᠢ 《ᠲᠦᠷᠢᠮ》 ᠭᠡᠵᠦ ᠲᠣᠪᠴᠢᠯᠠᠨ᠎ᠠ)᠎ᠤᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠲᠢᠩᠬᠢᠮ ᠲᠣᠰ ᠱᠠᠲᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ 2023 ᠣᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠪᠠ᠃ ᠮᠡᠳᠡᠭᠦᠯᠦᠯᠲᠡ ᠵᠢᠨ ᠪᠦᠬᠦ ᠠᠭᠤᠯᠭ᠎ᠠ ᠵᠢᠨ ᠠᠭᠤᠯᠭ᠎ᠠ᠎ᠳᠤ ᠶᠡᠷᠦᠩᠬᠡᠶ ᠪᠠᠶ᠋ᠢᠳᠠᠯ᠂ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ᠂ ᠭᠤᠶᠤᠴᠢᠯᠠᠯ ᠶᠣᠰᠣᠭ᠋ᠠᠷ ᠢᠯᠡ ᠪᠣᠯᠭ᠋ᠠᠬᠤ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠬᠠᠮᠢᠶᠠᠷᠤᠯᠲᠠ᠂ ᠲᠠᠪᠴᠠᠩ᠎ᠤᠨ ᠪᠠᠶ᠋ᠢᠭᠤᠯᠤᠯᠲᠠ᠂ ᠬᠢᠨᠠᠯᠲᠠ ᠲᠠᠯᠪᠢᠵᠤ ᠪᠠᠲᠤᠯᠠᠬᠤ᠂ ᠣᠷᠣᠰᠢᠵᠤ ᠪᠠᠶ᠋ᠢᠭ᠎ᠠ ᠠᠰᠠᠭᠤᠳᠠᠯ ᠵᠢᠴᠢ ᠬᠠᠯᠠᠨ ᠰᠠᠶ᠋ᠢᠵᠢᠷᠠᠭᠤᠯᠤᠭᠰᠠᠨ ᠪᠠᠶ᠋ᠢᠳᠠᠯ᠂ ᠪᠤᠰᠤᠳ ᠮᠡᠳᠡᠭᠦᠯᠬᠦ ᠴᠢᠬᠤᠯᠠᠲᠠᠶ ᠵᠦᠢ᠍ᠯᠡᠰ ᠵᠡᠷᠭᠡ ᠵᠢ ᠪᠠᠭᠲᠠᠭ᠋ᠠᠵᠤ᠂ ᠵᠢᠭᠰᠠᠭ᠋ᠠᠭᠰᠠᠨ ᠲᠤᠭ᠎ᠠ ᠪᠠᠷᠢᠮᠲᠠ ᠵᠢᠨ ᠪᠦᠷᠢᠳᠬᠡᠯ᠎ᠤᠨ ᠴᠠᠭ᠎ᠤᠨ ᠬᠢᠵᠠᠭ᠋ᠠᠷ᠎ᠨᠢ 2023 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ 2023 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠤᠨ᠎ᠠ᠃ ᠬᠡᠷᠪᠡ ᠲᠤᠰ ᠣᠨ᠎ᠤ ᠮᠡᠳᠡᠭᠦᠯᠦᠯᠲᠡ᠎ᠳᠤ ᠰᠡᠵᠢᠭᠯᠡᠯ᠎ᠲᠠᠢ ᠪᠠᠢ᠌ᠪᠠᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠠᠯᠪᠠᠨ ᠬᠡᠷ᠎ᠲᠠᠢ ᠬᠠᠷᠢᠯᠴᠠᠭ᠋ᠠᠷᠠᠶ (ᠳ᠋ᠢᠶᠠᠩᠬᠤᠸᠠ᠄ 0471 - 6960316)᠃
ᠨᠢᠭᠡ᠂ ᠶᠡᠷᠦᠩᠬᠡᠢ ᠪᠠᠢ᠌ᠳᠠᠯ
2023 ᠣᠨ᠎ᠳᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠪᠠ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠲᠤᠬᠠᠶ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠦᠢ᠍ᠯᠡᠴᠢᠯᠡᠭᠡᠨ᠎ᠤ ᠲᠥᠪ᠎ᠤᠨ ᠠᠵᠢᠯ᠎ᠲᠠᠢ ᠨᠢᠭᠲᠠ ᠤᠶᠠᠯᠳᠤᠭᠤᠯᠤᠨ᠂ ᠣᠯᠠᠨ ᠲᠦᠮᠡᠨ᠎ᠤ ᠠᠩᠬᠠᠷᠴᠤ ᠪᠠᠶ᠋ᠢᠭ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠥᠷᠥ ᠵᠢᠨ ᠪᠣᠳᠣᠯᠭ᠎ᠠ ᠵᠢ ᠢᠯᠡ ᠪᠣᠯᠭ᠋ᠠᠬᠤ ᠶᠠᠰᠤ ᠴᠢᠨᠠᠷ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠢᠯᠡ ᠪᠣᠯᠭ᠋ᠠᠬᠤ ᠠᠵᠢᠯ᠎ᠤᠨ ᠰᠠᠭᠤᠷᠢ ᠵᠢ ᠪᠠᠬᠢᠵᠢᠭᠦᠯᠵᠦ᠂ ᠢᠯᠡ ᠪᠣᠯᠭ᠋ᠠᠬᠤ᠎ᠪᠠᠷ ᠨᠠᠶ᠋ᠢᠳᠠᠪᠤᠷᠢᠵᠢᠭᠤᠯᠤᠯᠲᠠ ᠵᠢ ᠠᠬᠢᠭᠤᠯᠬᠤ᠂ ᠬᠢᠨᠠᠨ ᠬᠠᠮᠢᠶᠠᠷᠬᠤ ᠴᠢᠳᠠᠮᠵᠢ ᠵᠢ ᠴᠢᠩᠭ᠋ᠠᠳᠬᠠᠬᠤ ᠵᠢ ᠨᠠᠩ ᠰᠠᠶ᠋ᠢᠲᠤᠷ ᠪᠠᠳᠠᠷᠠᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠤ ᠠᠬᠤᠶ ᠵᠢᠨ ᠲᠣᠭᠲᠠᠭᠤᠨ ᠵᠶ᠋ᠠᠷ ᠠᠵᠢᠯᠯᠠᠬᠤ᠂ ᠦᠢ᠍ᠯᠡᠴᠢᠯᠡᠭᠡᠨ᠎ᠤ ᠠᠵᠢᠯ ᠲᠥᠷᠥᠯ᠎ᠤᠨ ᠠᠮᠤᠷ ᠲᠦᠪᠰᠢᠨ ᠲᠣᠭᠲᠠᠭᠤᠨ ᠪᠠᠶ᠋ᠢᠬᠤ᠎ᠳᠤ ᠬᠦᠴᠦᠨ ᠨᠡᠮᠡᠷᠢᠯᠡᠵᠦ᠂ ᠵᠠᠮ ᠬᠠᠷᠢᠯᠴᠠᠭ᠋ᠠᠨ᠎ᠤ ᠬᠦᠴᠦᠷᠬᠡᠭ ᠤᠯᠤᠰ᠎ᠢ ᠬᠦᠴᠦᠯᠡᠨ ᠪᠥᠲᠥᠭᠡᠨ ᠪᠠᠶ᠋ᠢᠭᠤᠯᠵᠤ᠂ ᠳᠤᠮᠳᠠᠳᠤ ᠤᠯᠤᠰ᠎ᠤᠨ ᠣᠳᠣᠬᠢᠴᠢᠯᠠᠯᠲᠠ ᠵᠢᠨ ᠵᠠᠮ ᠨᠡᠭᠡᠭᠡᠬᠦ ᠬᠤᠰᠢᠭᠤᠴᠢ ᠪᠣᠯᠬᠤ᠎ᠪᠠᠷ ᠴᠢᠷᠮᠠᠶ᠋ᠢᠬᠤ ᠬᠡᠷᠡᠭᠲᠡᠢ᠃
(ᠨᠢᠭᠡ) ᠭᠤᠣᠯᠳᠠᠯᠭ᠎ᠠ᠎ᠲᠠᠢ ᠠᠵᠢᠯ᠎ᠢ ᠲᠣᠪᠤᠶ᠋ᠢᠯᠭ᠋ᠠᠨ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠵᠢ ᠴᠢᠩᠭ᠋ᠠᠳᠬᠠᠪᠠ᠃ ᠪᠥᠬᠦ ᠵᠢᠯ᠎ᠳᠤ ᠵᠠᠰᠠᠭ᠎ᠤᠨ ᠣᠷᠳᠣᠨ᠎ᠤ ᠰᠦᠯᠵᠢᠶ᠎ᠡ ᠡᠯ᠎ᠡ ᠲᠥᠷᠥᠯ᠎ᠤᠨ ᠮᠡᠳᠡᠭᠡ ᠵᠠᠩᠭᠢ ᠵᠢ ᠪᠠᠷᠤᠭ 7841 ᠵᠤᠷᠪᠤᠰ ᠨᠡᠶ᠋ᠢᠲᠡᠯᠡᠵᠦ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠠᠪᠴᠠᠩ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ 3655 ᠵᠤᠷᠪᠤᠰ ᠬᠠᠤᠯᠢ ᠶᠣᠰᠣᠭ᠋ᠠᠷ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠵᠤ᠂ ᠡᠭᠦᠨ᠎ᠳᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ 7 ᠵᠤᠷᠪᠤᠰ᠂ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ 12 ᠵᠤᠷᠪᠤᠰ᠂ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ 3 ᠵᠤᠷᠪᠤᠰ᠂ ᠮᠡᠳᠡᠭᠳᠡᠯ ᠵᠠᠷᠯᠠᠯ 30 ᠵᠤᠷᠪᠤᠰ᠂ ᠲᠤᠭ᠎ᠠ ᠪᠦᠷᠢᠳᠬᠡᠯ᠎ᠤᠨ ᠲᠤᠭ᠎ᠠ ᠪᠠᠷᠢᠮᠲᠠ 23 ᠵᠤᠷᠪᠤᠰ᠂ ᠴᠢᠬᠤᠯᠠ ᠶᠡᠭᠡ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ 63 ᠵᠤᠷᠪᠤᠰ᠂ ᠪᠠᠷᠢᠯᠭ᠎ᠠ ᠵᠢᠨ ᠦᠨ᠎ᠡ ᠥᠷᠲᠡᠭ 15 ᠵᠤᠷᠪᠤᠰ᠂ ᠬᠠᠤᠯᠢ᠎ᠪᠠᠷ ᠲᠣᠭᠲᠠᠭ᠋ᠠᠭᠰᠠᠨ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠪᠠ᠃ ᠲᠢᠩᠬᠢᠮ᠎ᠤᠨ ᠲᠣᠰ ᠱᠠᠲᠤ ᠵᠢᠴᠢ ᠬᠠᠷᠢᠶ᠎ᠠ ᠬᠤᠶᠠᠳᠤᠭ᠋ᠠᠷ ᠳᠡᠰ᠎ᠤᠨ ᠨᠢᠭᠡᠴᠢ ᠵᠢᠨ ᠲᠥᠰᠦᠪ ᠪᠠ ᠲᠥᠰᠦᠪ᠎ᠤᠨ ᠭᠦᠢ᠍ᠴᠡᠳᠬᠡᠯ᠎ᠤᠨ ᠮᠡᠳᠡᠭᠡ ᠵᠠᠩᠭᠢ ᠵᠢ 43 ᠵᠤᠷᠪᠤᠰ ᠨᠡᠶ᠋ᠢᠲᠡᠯᠡᠵᠦ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠵᠢᠨ ᠰᠠᠨᠠᠭᠤᠯᠭ᠎ᠠ ᠪᠠ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ᠎ᠤᠨ ᠳᠤᠷᠠᠳᠤᠯᠭ᠎ᠠ ᠵᠢ ᠰᠢᠢ᠍ᠳᠪᠦᠷᠢᠯᠡᠭ᠍ᠰᠠᠨ ᠦᠷ᠎ᠡ ᠳ᠋ᠦᠩ᠎ᠢ 15 ᠵᠣᠷᠪᠤᠰ ᠢᠯᠡ ᠨᠡᠶ᠋ᠢᠲᠡᠯᠡᠵᠦ᠂ ᠲᠢᠩᠬᠢᠮ᠎ᠤᠨ ᠳᠠᠷᠤᠭ᠎ᠠ ᠵᠢᠨ ᠵᠠᠬᠢᠳᠠᠯ᠎ᠤᠨ ᠬᠠᠶ᠋ᠢᠷᠴᠠᠭ᠂ ᠰᠦᠯᠵᠢᠶᠡᠨ ᠳᠡᠭᠡᠷ᠎ᠡ ᠠᠰᠠᠭᠤᠨ ᠯᠠᠪᠯᠠᠬᠤ᠂ ᠵᠠᠬᠢᠳᠠᠯ ᠰᠤᠷᠪᠤᠯᠵᠢᠯᠠᠯ᠎ᠤᠨ ᠵᠠᠭ᠋ᠠᠯᠳᠤᠯᠭ᠎ᠠ ᠵᠢ ᠲᠣᠰ ᠲᠣᠰ 17. 51᠂ 7 ᠵᠤᠷᠪᠤᠰ ᠭᠥᠯᠢᠶᠡᠨ ᠠᠪᠤᠭᠰᠠᠨ ᠪᠥᠭᠡᠳ ᠰᠢᠢ᠍ᠳᠪᠦᠷᠢᠯᠡᠵᠦ᠂ ᠰᠢᠢ᠍ᠳᠪᠦᠷᠢᠯᠡᠬᠦ ᠳᠤᠮᠳᠠᠴᠢ ᠴᠠᠭ᠎ᠨᠢ 4 ᠡᠳᠦᠷ᠎ᠤᠨ ᠳᠣᠲᠣᠷ᠎ᠠ ᠪᠠᠶ᠋ᠢᠨ᠎ᠠ᠃
(ᠬᠤᠶᠠᠷ) ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠤᠶᠤᠴᠢᠯᠠᠯ ᠶᠣᠰᠣᠭ᠋ᠠᠷ ᠢᠯᠡ ᠪᠣᠯᠭ᠋ᠠᠬᠤ ᠵᠢ ᠵᠢᠷᠤᠮᠵᠢᠭᠤᠯᠤᠨ ᠦᠷᠨᠢᠭᠦᠯᠪᠡ᠃ 2023 ᠣᠨ᠎ᠳᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠢ 15 ᠬᠤᠪᠢ ᠭᠦᠢ᠍ᠴᠡᠳᠬᠡᠵᠦ᠂ ᠮᠡᠳᠡᠭᠡ ᠵᠠᠩᠭᠢ ᠵᠢ ᠢᠯᠡ ᠪᠣᠯᠭ᠋ᠠᠬᠤ᠎ᠳᠤ ᠬᠤᠯᠪᠣᠭᠳᠠᠬᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠠᠵᠢᠯ ᠭᠠᠷᠤᠭᠰᠠᠨ ᠦᠭᠡᠢ᠃ ᠭᠤᠶᠤᠴᠢᠯᠠᠭᠴᠢ ᠵᠢᠨ ᠭᠣᠤᠯ ᠵᠦᠢ᠍ᠯᠡᠰ᠎ᠨᠢ ᠭᠣᠤᠯᠳᠠᠭᠤ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠂ ᠭᠠᠵᠠᠷ ᠲᠠᠲᠠᠪᠤᠷᠢᠯᠠᠨ ᠨᠤᠷᠠᠭ᠋ᠠᠵᠤ ᠨᠡᠭᠦᠯᠭᠡᠬᠦ᠂ ᠲᠣᠭ᠎ᠠ ᠪᠦᠷᠢᠳᠬᠡᠯ᠎ᠤᠨ ᠮᠠᠲ᠋ᠧᠷᠢᠶᠠᠯ ᠵᠡᠷᠭᠡ ᠲᠠᠯ᠎ᠠ᠎ᠪᠠᠷ ᠲᠥᠪᠯᠡᠷᠡᠵᠦ᠂ ᠪᠤᠳᠤᠯᠢᠶᠠᠨᠲᠠᠶ ᠭᠤᠶᠤᠴᠢᠯᠠᠯ᠎ᠳᠤ ᠴᠢᠭᠯᠡᠭᠦᠯᠦᠨ ᠰᠠᠨᠠᠭ᠋ᠠᠴᠢᠯᠠᠭ᠎ᠠ᠎ᠠᠴᠠ᠎ᠪᠠᠨ ᠭᠤᠶᠤᠴᠢᠯᠠᠭᠴᠢᠯᠤᠭᠠ ᠨᠡᠪᠲᠡᠷᠡᠯᠴᠡᠨ ᠬᠠᠷᠢᠯᠴᠠᠪᠠ᠃
(ᠭᠤᠷᠪᠠ) ᠢᠯᠡ ᠪᠣᠯᠭ᠋ᠠᠬᠤ ᠶᠠᠰᠤ ᠴᠢᠨᠠᠷ᠎ᠢ ᠳᠡᠭᠡᠭᠰᠢᠯᠡᠭᠦᠯᠵᠦ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠬᠠᠮᠢᠶᠠᠷᠤᠯᠲᠠ ᠵᠢ ᠰᠠᠶ᠋ᠢᠲᠤᠷ ᠬᠢᠪᠡ᠃ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠤᠰᠬᠠᠶ ᠪᠤᠯᠤᠩ ᠵᠶ᠋ᠠᠷ ᠳᠠᠮᠵᠢᠭᠤᠯᠤᠨ ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠦᠴᠦᠨ ᠪᠥᠬᠦᠶ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠥᠪᠯᠡᠷᠡᠭᠦᠯᠦᠨ ᠢᠯᠡ ᠪᠣᠯᠭ᠋ᠠᠬᠤ ᠵᠢᠨ ᠬᠠᠮᠲᠤ ᠬᠥᠳᠡᠯᠦᠩᠭᠦᠶ᠎ᠪᠠᠷ ᠰᠢᠨᠡᠳᠬᠡᠵᠦ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠥᠮᠥᠷᠭᠡ ᠵᠢ ᠲᠦᠷᠭᠡᠳᠬᠡᠨ ᠪᠠᠶ᠋ᠢᠭᠤᠯᠵᠤ᠂ ᠪᠥᠬᠦ ᠲᠠᠯ᠎ᠠ᠎ᠪᠠᠷ ᠴᠡᠭᠴᠡᠯᠡᠭᠰᠡᠨᠤ ᠳᠠᠷᠠᠭ᠎ᠠ ᠦᠷᠭᠦᠯᠵᠢᠯᠡᠨ ᠬᠦᠴᠦᠨ᠎ᠲᠠᠢ ᠭᠠᠷᠴᠠᠭ᠎ᠲᠤ ᠵᠢᠭᠰᠠᠭ᠋ᠠᠨ ᠣᠷᠣᠭᠤᠯᠤᠭᠰᠠᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ 41 ᠪᠠᠶ᠋ᠢᠵᠤ᠂ 1 ᠬᠤᠪᠢ ᠵᠢ᠎ᠨᠢ ᠬᠦᠴᠦᠨ ᠥᠬᠡᠶ ᠪᠣᠯᠭ᠋ᠠᠪᠠ᠃
(ᠲᠦᠷᠪᠡ) ᠦᠢ᠍ᠯᠡᠴᠢᠯᠡᠭᠡᠨ᠎ᠤ ᠴᠢᠳᠠᠮᠵᠢ ᠵᠢ ᠰᠢᠯᠢᠳᠡᠭᠵᠢᠭᠦᠯᠵᠦ᠂ ᠲᠠᠪᠴᠠᠩ᠎ᠤᠨ ᠪᠠᠶ᠋ᠢᠭᠤᠯᠤᠯᠲᠠ ᠬᠠᠮᠢᠶᠠᠷᠤᠯᠲᠠ ᠵᠢ ᠴᠢᠩᠭ᠋ᠠᠳᠬᠠᠪᠠ᠃ ᠮᠣᠩᠭᠤᠯ ᠬᠡᠯᠡᠨ᠎ᠤ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠲᠠᠩᠰᠠᠨ ᠨᠣᠮᠧᠷ᠎ᠢ ᠨᠡᠭᠡᠭᠡᠵᠦ᠂ ᠮᠡᠳᠡᠭᠡ ᠵᠠᠩᠭᠢ ᠨᠡᠶ᠋ᠢᠲᠡᠯᠡᠬᠦ ᠵᠢ ᠬᠢᠨᠠᠨ ᠬᠠᠷᠭᠤᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠠᠮᠤᠷ ᠲᠦᠪᠰᠢᠨ ᠪᠥᠭᠡᠳ ᠲᠣᠭᠲᠠᠭᠤᠨ ᠵᠶ᠋ᠠᠷ ᠠᠵᠢᠯᠯᠠᠬᠤ ᠵᠢ ᠦᠨᠡᠨ ᠬᠦ᠌ ᠪᠠᠲᠤᠯᠠᠪᠠ᠃ ᠣᠨ᠎ᠤ ᠭᠤᠤᠯᠳᠠᠯᠭ᠎ᠠ᠎ᠲᠠᠢ ᠠᠵᠢᠯ᠎ᠤᠨ ᠲᠤᠰᠬᠠᠶ ᠪᠤᠯᠤᠩ᠎ᠤᠨ ᠲᠥᠷᠥᠯ ᠬᠤᠪᠢᠶᠠᠬᠤ ᠵᠢ ᠰᠢᠯᠢᠳᠡᠭᠵᠢᠭᠦᠯᠵᠦ᠂ ᠲᠤᠭ᠎ᠠ ᠪᠠᠷᠢᠮᠲᠠ ᠵᠢᠨ ᠨᠡᠭᠡᠭᠡᠯᠲᠡ ᠵᠢᠨ ᠨᠠᠷᠢᠨ ᠲᠠᠩᠰᠠ ᠵᠢ ᠨᠡᠮᠡᠭᠳᠡᠭᠦᠯᠪᠡ᠃ ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ ᠵᠢᠨ ᠬᠥᠮᠥᠷᠭᠡ ᠵᠢᠨ ᠴᠢᠳᠠᠮᠵᠢ ᠪᠠ ᠳᠡᠯᠭᠡᠨ ᠦᠵᠡᠭᠦᠯᠬᠦ ᠠᠷᠭ᠎ᠠ ᠮᠠᠶᠢᠭ᠎ᠤᠨ ᠳᠡᠰ ᠳᠡᠪᠰᠢᠬᠦ ᠵᠢ ᠶᠠᠪᠤᠭᠳᠠᠭᠤᠯᠵᠤ᠂ ᠵᠢᠷᠤᠭ ᠪᠢᠴᠢᠭ ᠪᠠ ᠸᠢᠳᠢᠤ᠋ ᠵᠢᠨ ᠠᠰᠠᠭᠤᠯᠲᠠ ᠬᠠᠷᠢᠭᠤᠯᠲᠠ ᠵᠢᠨ ᠬᠠᠷᠢᠴᠠᠯ᠎ᠢ ᠨᠡᠮᠡᠭᠳᠡᠭᠦᠯᠵᠦ᠂ ᠲᠥᠷᠥ ᠵᠢᠨ ᠪᠣᠳᠣᠯᠭ᠎ᠠ ᠵᠢᠨ ᠤᠩᠰᠢᠵᠤ ᠪᠣᠯᠬᠤᠶ᠋ᠢᠴᠠ ᠴᠢᠨᠠᠷ ᠪᠠ ᠬᠢᠯᠪᠠᠷ ᠣᠶ᠋ᠢᠯᠠᠭ᠋ᠠᠬᠤ ᠴᠢᠨᠠᠷ᠎ᠢ ᠳᠡᠭᠡᠭᠰᠢᠯᠡᠭᠦᠯᠪᠡ᠃ ᠥᠪᠥᠷ ᠮᠣᠩᠭᠣᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠰᠢᠰᠲ᠋ᠧᠮ᠎ᠯᠦᠭᠡ ᠪᠦᠬᠦ ᠲᠠᠯ᠎ᠠ᠎ᠪᠠᠷ ᠵᠣᠯᠭ᠋ᠠᠭᠤᠯᠵᠤ᠂ ᠪᠦᠬᠦ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠂ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠴᠢ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠮᠡᠳᠡᠭᠡ ᠵᠠᠩᠭᠢ ᠵᠢ ᠴᠠᠭ ᠲᠤᠬᠠᠶ᠎ᠳᠤᠨᠢ ᠢᠯᠡ ᠨᠡᠶ᠋ᠢᠲᠡᠯᠡᠬᠦ ᠵᠢ ᠪᠡᠶᠡᠯᠡᠭᠦᠯᠪᠡ᠃
(ᠲᠠᠪᠤ) ᠲᠦᠷᠢᠮ᠎ᠤᠨ ᠪᠠᠲᠤᠯᠠᠭ᠎ᠠ ᠵᠢ ᠴᠢᠩᠭ᠋ᠠᠳᠬᠠᠵᠤ᠂ ᠢᠯᠡ ᠪᠣᠯᠭ᠋ᠠᠬᠤ ᠠᠵᠢᠯ᠎ᠤᠨ ᠰᠠᠭᠤᠷᠢ ᠵᠢ ᠲᠠᠰᠤᠷᠠᠯᠲᠠ ᠥᠬᠡᠶ ᠪᠡᠬᠢᠵᠢᠭᠦᠯᠪᠡ᠃ 《ᠤᠯᠠᠷᠢᠯ + ᠵᠢᠯ᠎ᠤᠨ ᠰᠡᠭᠦᠯᠴᠢ》 ᠵᠢᠨ ᠦᠨᠡᠯᠡᠨ ᠵᠢᠱ᠌ᠢᠬᠦ ᠵᠢ ᠥᠷᠨᠢᠭᠦᠯᠵᠦ᠂ ᠬᠢᠨᠠᠨ ᠰᠢᠯᠭ᠋ᠠᠵᠤ ᠦᠨᠡᠯᠡᠨ ᠵᠢᠱ᠌ᠢᠬᠦ᠎ᠪᠠᠷ ᠠᠵᠢᠯ ᠵᠶ᠋ᠠᠨ ᠠᠬᠢᠭᠤᠯᠵᠤ᠂ ᠠᠵᠢᠯ ᠵᠶ᠋ᠠᠨ ᠰᠠᠢ᠌ᠵᠢᠷᠠᠭᠤᠯᠵᠤ᠂ ᠤᠳᠤᠷᠢᠳᠤᠮᠵᠢ ᠵᠢ ᠪᠣᠶ ᠪᠣᠯᠭ᠋ᠠᠵᠤ᠂ ᠡᠯ᠎ᠡ ᠵᠦᠢ᠍ᠯ᠎ᠤᠨ ᠠᠵᠢᠯ ᠵᠶ᠋ᠠᠨ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠪᠠ᠃ 《ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶᠡᠨ᠎ᠳᠠᠬᠢ ᠦᠨᠳᠦᠰᠦᠨ ᠱᠠᠲᠤᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠠᠷᠢᠮᠵᠢᠶ᠎ᠠ ᠵᠢᠨ ᠵᠢᠯᠣᠭᠤᠳᠤᠮᠵᠢ》 ᠵᠢ ᠪᠥᠬᠦ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠰᠲ᠋ᠧᠮ᠎ᠳᠤ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠦᠷᠭᠦᠯᠵᠢᠯᠡᠨ ᠠᠬᠢᠭᠤᠯᠪᠠ᠃ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨᠠᠬᠢ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠲᠢᠩᠬᠢᠮ᠎ᠤᠨ ᠰᠢᠭᠤᠳ ᠬᠠᠷᠢᠶ᠎ᠠ ᠨᠢᠭᠡᠴᠢ ᠪᠠ ᠪᠠᠶ᠋ᠢᠭᠤᠯᠭ᠎ᠠ ᠵᠢᠨ ᠭᠠᠵᠠᠷ ᠲᠠᠰᠤᠭ᠎ᠤᠨ ᠬᠠᠮᠢᠶ᠎ᠠ ᠪᠥᠬᠦᠶ ᠬᠠᠷᠢᠭᠤᠴᠠᠯᠭ᠋ᠠᠲᠠᠨ ᠨᠥᠬᠦᠳ᠎ᠲᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠲᠥᠪᠯᠡᠷᠡᠩᠭᠦᠶ ᠪᠣᠯᠪᠠᠰᠤᠷᠠᠯ ᠥᠷᠨᠢᠭᠦᠯᠪᠡ᠃
ᠬᠤᠶᠠᠷ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠭᠰᠠᠨ ᠪᠠᠶ᠋ᠢᠳᠠᠯ

ᠭᠤᠷᠪᠠ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ᠎ᠪᠠᠷ ᠭᠤᠶᠤᠴᠢᠯᠠᠬᠤ ᠵᠢ ᠬᠦᠯᠢᠶᠡᠨ ᠠᠪᠤᠭᠰᠠᠨ ᠪᠠ ᠰᠢᠢ᠍ᠳᠪᠦᠷᠢᠯᠡᠭᠰᠡᠨ ᠪᠠᠢ᠌ᠳᠠᠯ

ᠳᠥᠷᠪᠡ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢᠨ ᠵᠠᠰᠠᠭ ᠵᠠᠬᠢᠷᠭ᠋ᠠᠨ᠎ᠤ ᠳᠠᠬᠢᠨ ᠵᠥᠪᠯᠡᠭᠰᠡᠨ᠂ ᠵᠠᠰᠠᠭ ᠵᠠᠬᠢᠷᠭ᠋ᠠᠨ᠎ᠤ ᠵᠠᠷᠭᠤ ᠵᠢᠨ ᠪᠠᠢ᠌ᠳᠠᠯ

ᠲᠠᠪᠤ᠂ ᠣᠷᠣᠰᠢᠵᠤ ᠪᠠᠢ᠌ᠭ᠎ᠠ ᠭᠣᠣᠯ ᠠᠰᠠᠭᠤᠳᠠᠯ ᠬᠢᠭᠡᠳ ᠰᠠᠢ᠌ᠵᠢᠷᠠᠭᠤᠯᠤᠭᠰᠠᠨ ᠪᠠᠢ᠌ᠳᠠᠯ
2023 ᠣᠨ᠎ᠳᠤ᠂ ᠢᠯᠡ ᠪᠣᠯᠭ᠋ᠠᠬᠤ ᠠᠭᠤᠯᠭ᠎ᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠬᠦ᠂ ᠦᠨᠳᠦᠰᠦᠨ ᠱᠠᠲᠤᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢᠯᠣᠭᠤᠳᠣᠯᠭ᠎ᠠ ᠵᠢ ᠬᠦᠷᠦᠯᠴᠡᠬᠦ ᠥᠬᠡᠶ ᠪᠠᠶ᠋ᠢᠬᠤ ᠠᠰᠠᠭᠤᠳᠠᠯ᠎ᠳᠤ ᠴᠢᠭᠯᠡᠭᠦᠯᠦᠨ᠂ ᠮᠠᠨ᠎ᠤ ᠲᠢᠩᠬᠢᠮ ᠰᠦᠯᠵᠢᠶᠡᠨ᠎ᠤ ᠲᠦᠷᠦᠭᠦᠤ ᠨᠢᠭᠤᠷ᠎ᠲᠤ ᠣᠨ᠎ᠤ ᠭᠤᠤᠯᠳᠠᠯᠭ᠎ᠠ᠎ᠲᠠᠢ ᠠᠵᠢᠯ᠎ᠤᠨ ᠲᠤᠰᠬᠠᠶ ᠬᠡᠰᠡᠭ ᠪᠠᠶ᠋ᠢᠭᠤᠯᠵᠤ᠂ ᠢᠯᠡ᠎ᠪᠠᠷ ᠳᠡᠯᠭᠡᠨ ᠦᠵᠡᠭᠦᠯᠬᠦ ᠬᠡᠯᠪᠡᠷᠢ ᠵᠢ ᠰᠢᠯᠢᠳᠡᠭᠵᠢᠭᠦᠯᠦᠨ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶᠡᠨ᠎ᠳᠠᠬᠢ ᠦᠨᠳᠦᠰᠦᠨ ᠱᠠᠲᠤᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠪᠠᠷᠢᠮᠵᠢᠶᠠᠵᠢᠭᠤᠯᠬᠤ ᠠᠰᠠᠭᠤᠳᠠᠯ᠎ᠢ ᠰᠢᠮᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠪᠠ᠃
2024 ᠣᠨ᠎ᠳᠤ᠂ ᠮᠠᠨ᠎ᠤ ᠲᠢᠩᠬᠢᠮ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠠᠪᠴᠠᠩ᠎ᠳᠤ ᠲᠦᠰᠢᠭᠯᠡᠨ ᠲᠥᠷᠥ ᠵᠢᠨ ᠪᠣᠳᠣᠯᠭ᠎ᠠ ᠵᠢ ᠢᠯᠡ ᠪᠣᠯᠭ᠋ᠠᠬᠤ ᠶᠠᠰᠤ ᠴᠢᠨᠠᠷ᠎ᠢ ᠳᠡᠭᠡᠭᠰᠢᠯᠡᠭᠦᠯᠵᠦ᠂ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠦᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠬᠢᠬᠦ ᠵᠡᠷᠭᠡ ᠠᠵᠢᠯ᠎ᠢ ᠪᠠᠰᠠ ᠳᠡᠭᠡᠭᠰᠢᠯᠡᠭᠦᠯᠬᠦ ᠣᠷᠣᠨ ᠵᠠᠶ᠎ᠲᠠᠢ ᠪᠠᠢ᠌ᠨ᠎ᠠ᠃
ᠵᠢᠷᠭᠤᠭ᠎ᠠ᠂ ᠮᠡᠳᠡᠭᠦᠯᠬᠦ ᠴᠢᠬᠤᠯᠠᠲᠠᠶ ᠪᠤᠰᠤᠳ ᠵᠦᠢ᠍ᠯᠡᠰ
ᠨᠢᠭᠡ᠎ᠳᠤ᠂ ᠮᠣᠩᠭᠤᠯ ᠬᠡᠯᠡᠨ᠎ᠤ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠸᠢᠴᠠᠲ᠎ᠤᠨ ᠨᠡᠶ᠋ᠢᠲᠡ ᠵᠢᠨ ᠳ᠋ᠤᠭ᠋ᠠᠷ᠎ᠢ ᠨᠡᠭᠡᠭᠡᠵᠦ᠂ ᠮᠠᠨ᠎ᠤ ᠣᠷᠣᠨ᠎ᠤ ᠮᠣᠩᠭᠤᠯ ᠬᠡᠯᠡ᠎ᠪᠠᠷ ᠬᠡᠷᠡᠭᠯᠡᠵᠦ ᠪᠠᠶ᠋ᠢᠭ᠎ᠠ ᠴᠥᠭᠡᠨ ᠲᠣᠭ᠋ᠠᠲᠤ ᠦᠨᠳᠦᠰᠦᠲᠡᠨ᠎ᠤ ᠣᠯᠠᠨ ᠲᠦᠮᠡᠨ᠎ᠤ ᠮᠠᠨ᠎ᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠦᠢ᠍ᠯᠡᠰ᠎ᠤᠨ ᠬᠥᠭᠵᠢᠯᠲᠡ ᠵᠢᠨ ᠣᠳᠣᠬᠢ ᠪᠠᠶ᠋ᠢᠳᠠᠯ᠎ᠢ ᠣᠶ᠋ᠢᠯᠠᠭ᠋ᠠᠬᠤ ᠵᠢ ᠨᠡᠮᠡᠭᠳᠡᠭᠦᠯᠪᠡ᠃ ᠬᠤᠶᠠᠷ᠎ᠲᠤ᠂ ᠲᠤᠰ ᠵᠢᠯ᠎ᠳᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠨᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠮᠡᠳᠡᠭᠡ ᠵᠠᠩᠭᠢ ᠵᠢ ᠰᠢᠢ᠍ᠳᠪᠦᠷᠢᠯᠡᠬᠦ ᠰᠦᠢ᠍ᠳᠬᠡᠯ ᠬᠤᠷᠢᠶᠠᠭᠰᠠᠨ ᠦᠭᠡᠢ᠃