ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ 2024 ᠣᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ
ᠨᠡᠶ᠋ᠢᠲᠡᠯᠡᠭᠰᠡᠨ ᠴᠠᠭ᠄ 2025-04-15

    《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠦᠷᠢᠮ》 (ᠳᠣᠷᠣᠭᠰᠢ 《ᠲᠦᠷᠢᠮ》 ᠭᠡᠵᠦ ᠲᠣᠪᠴᠢᠯᠠᠨ᠎ᠠ)᠎ᠤᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠲᠢᠩᠬᠢᠮ ᠲᠣᠰ ᠱᠠᠲᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ 2024 ᠣᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠪᠠ᠃ ᠮᠡᠳᠡᠭᠦᠯᠦᠯᠲᠡ ᠵᠢᠨ ᠪᠦᠬᠦ ᠠᠭᠤᠯᠭ᠎ᠠ ᠵᠢᠨ ᠠᠭᠤᠯᠭ᠎ᠠ᠎ᠳᠤ ᠶᠡᠷᠦᠩᠬᠡᠶ ᠪᠠᠶ᠋ᠢᠳᠠᠯ᠂ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ᠂ ᠭᠤᠶᠤᠴᠢᠯᠠᠯ ᠶᠣᠰᠣᠭ᠋ᠠᠷ ᠢᠯᠡ ᠪᠣᠯᠭ᠋ᠠᠬᠤ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠬᠠᠮᠢᠶᠠᠷᠤᠯᠲᠠ᠂ ᠲᠠᠪᠴᠠᠩ᠎ᠤᠨ ᠪᠠᠶ᠋ᠢᠭᠤᠯᠤᠯᠲᠠ᠂ ᠬᠢᠨᠠᠯᠲᠠ ᠲᠠᠯᠪᠢᠵᠤ ᠪᠠᠲᠤᠯᠠᠬᠤ᠂ ᠣᠷᠣᠰᠢᠵᠤ ᠪᠠᠶ᠋ᠢᠭ᠎ᠠ ᠠᠰᠠᠭᠤᠳᠠᠯ ᠵᠢᠴᠢ ᠬᠠᠯᠠᠨ ᠰᠠᠶ᠋ᠢᠵᠢᠷᠠᠭᠤᠯᠤᠭᠰᠠᠨ ᠪᠠᠶ᠋ᠢᠳᠠᠯ᠂ ᠪᠤᠰᠤᠳ ᠮᠡᠳᠡᠭᠦᠯᠬᠦ ᠴᠢᠬᠤᠯᠠᠲᠠᠶ ᠵᠦᠢ᠍ᠯᠡᠰ ᠵᠡᠷᠭᠡ ᠵᠢ ᠪᠠᠭᠲᠠᠭ᠋ᠠᠵᠤ᠂ ᠵᠢᠭᠰᠠᠭ᠋ᠠᠭᠰᠠᠨ ᠲᠤᠭ᠎ᠠ ᠪᠠᠷᠢᠮᠲᠠ ᠵᠢᠨ ᠪᠦᠷᠢᠳᠬᠡᠯ᠎ᠤᠨ ᠴᠠᠭ᠎ᠤᠨ ᠬᠢᠵᠠᠭ᠋ᠠᠷ᠎ᠨᠢ 2024 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ 2024 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ᠃ ᠬᠡᠷᠪᠡ ᠲᠣᠰ ᠮᠡᠳᠡᠭᠦᠯᠦᠯᠲᠡ᠎ᠳᠤ ᠮᠠᠳᠠᠭ᠎ᠲᠠᠢ ᠪᠣᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠠᠯᠪᠠᠨ ᠬᠡᠷ᠎ᠲᠠᠢ ᠬᠠᠷᠢᠯᠴᠠᠭ᠋ᠠᠷᠠᠢ (ᠤᠲᠠᠰᠤ᠄ 0471 - 3966246)᠃
    ᠨᠢᠭᠡ᠂ ᠶᠡᠷᠦᠩᠬᠡᠢ ᠪᠠᠶ᠋ᠢᠳᠠᠯ
    (ᠨᠢᠭᠡ) ᠰᠠᠨᠠᠭ᠋ᠠᠴᠢᠯᠭ᠎ᠠ᠎ᠠᠴᠠ᠎ᠪᠠᠨ ᠢᠯᠡ ᠪᠣᠯᠭ᠋ᠠᠬᠤ᠃ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠭᠰᠠᠨ ᠪᠠᠶ᠋ᠢᠳᠠᠯ᠃ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠤᠰᠬᠠᠶ ᠪᠤᠯᠤᠩ᠎ᠳᠤ ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠦᠴᠦᠨ ᠪᠥᠬᠦᠶ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠥᠮᠥᠷᠭᠡ ᠵᠢ ᠪᠠᠶ᠋ᠢᠭᠤᠯᠵᠤ᠂ ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠦᠴᠦᠨ ᠪᠥᠬᠦᠶ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ 43 ᠬᠤᠪᠢ ᠲᠥᠪᠯᠡᠷᠡᠭᠦᠯᠦᠨ ᠢᠯᠡ ᠪᠣᠯᠭ᠋ᠠᠪᠠ᠃ ᠲᠥᠷᠥᠯ ᠵᠦᠢ᠍ᠯ᠎ᠤᠨ ᠣᠨ᠎ᠤ ᠭᠤᠤᠯᠳᠠᠯᠭ᠎ᠠ᠎ᠲᠠᠢ ᠠᠵᠢᠯ᠂ ᠴᠢᠬᠤᠯᠠ ᠶᠡᠭᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ᠂ ᠲᠡᠭᠡᠭᠡᠪᠦᠷᠢ ᠵᠢᠨ ᠦᠢ᠍ᠯᠡᠴᠢᠯᠡᠭᠡ᠂ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠬᠠᠮᠢᠶᠠᠷᠤᠯᠲᠠ ᠵᠡᠷᠭᠡ ᠭᠤᠤᠯᠳᠠᠯᠭ᠎ᠠ᠎ᠲᠠᠢ ᠬᠦᠷᠢᠶᠡᠨ᠎ᠤ ᠮᠡᠳᠡᠭᠡ ᠵᠠᠩᠭᠢ ᠵᠢ ᠲᠣᠰ ᠲᠣᠰ 22 ᠵᠤᠷᠪᠤᠰ᠂ 34 ᠵᠤᠷᠪᠤᠰ᠂ 22 ᠵᠤᠷᠪᠤᠰ᠂ 29 ᠵᠤᠷᠪᠤᠰ᠎ᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠵᠤ᠂ ᠲᠣᠰ ᠱᠠᠲᠤ ᠵᠢᠴᠢ ᠬᠠᠷᠢᠶ᠎ᠠ ᠨᠢᠭᠡᠴᠢ ᠵᠢᠨ ᠲᠥᠰᠦᠪ ᠪᠠ ᠲᠥᠰᠦᠪ᠎ᠤᠨ ᠭᠦᠢ᠍ᠴᠡᠳᠬᠡᠯ᠎ᠤᠨ ᠮᠡᠳᠡᠭᠡ ᠵᠠᠩᠭᠢ ᠵᠢ 44 ᠵᠤᠷᠪᠤᠰ᠎ᠢ ᠢᠯᠡ ᠪᠣᠯᠭ᠋ᠠᠪᠠ᠃ 146  ᠵᠦᠢ᠍ᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠠᠵᠢᠯ ᠶᠠᠪᠤᠳᠠᠯ ᠭᠦᠢ᠍ᠴᠡᠳᠭᠡᠬᠦ ᠵᠦᠭᠯᠡᠭᠦᠷ᠎ᠢ ᠡᠮᠬᠢᠯᠡᠨ  ᠰᠢᠨᠡᠳᠭᠡᠪᠡ᠃ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ ᠵᠢ ᠢᠯᠡ ᠪᠣᠯᠭ᠋ᠠᠬᠤ ᠡᠷᠴᠢᠮ ᠵᠶ᠋ᠠᠨ ᠦᠷᠭᠦᠯᠵᠢᠯᠡᠨ ᠴᠢᠩᠭ᠋ᠠᠳᠬᠠᠵᠤ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢᠳ᠎ᠤᠨ ᠰᠠᠨᠠᠭᠤᠯᠭ᠎ᠠ ᠪᠠ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ᠎ᠤᠨ ᠳᠤᠷᠠᠳᠤᠯᠭ᠎ᠠ ᠵᠢ ᠭᠦᠢ᠍ᠴᠡᠳᠬᠡᠭᠰᠡᠨ ᠦᠷ᠎ᠡ ᠳ᠋ᠦᠩ᠎ᠢ 123 ᠵᠤᠷᠪᠤᠰ ᠢᠯᠡ ᠪᠣᠯᠭ᠋ᠠᠪᠠ᠃ ᠪᠥᠬᠦ ᠵᠢᠯ᠎ᠳᠤ ᠲᠢᠩᠬᠢᠮ᠎ᠤᠨ ᠰᠦᠯᠵᠢᠶᠡᠨ ᠥᠷᠲᠡᠭᠡ ᠨᠡᠶ᠋ᠢᠲᠡ 2045 ᠵᠤᠷᠪᠤᠰ ᠮᠡᠳᠡᠭᠡ ᠵᠠᠩᠭᠢ ᠨᠡᠶ᠋ᠢᠲᠡᠯᠡᠵᠦ᠂ 《ᠥᠪᠥᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ》 ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠎ᠲᠤ 947 ᠵᠤᠷᠪᠤᠰ ᠮᠡᠳᠡᠭᠡ ᠵᠠᠩᠭᠢ ᠳᠡᠪᠰᠢᠭᠦᠯᠪᠡ᠃
    (ᠬᠤᠶᠠᠷ) ᠭᠤᠶᠤᠴᠢᠯᠠᠯ ᠶᠣᠰᠣᠭ᠋ᠠᠷ ᠢᠯᠡ ᠪᠣᠯᠭ᠋ᠠᠬᠤ᠃ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠢ 21 ᠬᠤᠪᠢ ᠵᠢᠷᠤᠮᠵᠢᠭᠤᠯᠤᠨ ᠬᠦᠯᠢᠶᠡᠨ ᠠᠪᠴᠤ ᠰᠢᠢ᠍ᠳᠪᠦᠷᠢᠯᠡᠬᠦ ᠵᠢᠨ ᠬᠠᠮᠲᠤ ᠬᠠᠷᠢᠭᠤᠯᠲᠠ ᠥᠭᠴᠦ (  ᠳᠡᠭᠡᠷ᠎ᠡ ᠵᠢᠯ᠎ᠤᠨ ᠳ᠋ᠦᠩᠨᠡᠨ ᠰᠢᠯᠵᠢᠭᠦᠯᠦᠭᠰᠡᠨ 1 ᠬᠤᠪᠢ ᠪᠠᠭᠲᠠᠨ᠎ᠠ)᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠ ᠵᠠᠰᠠᠭ ᠵᠠᠬᠢᠷᠭ᠋ᠠᠨ᠎ᠤ ᠵᠠᠷᠭᠤ ᠡᠭᠦᠰᠦᠭᠰᠡᠨ ᠦᠭᠡᠶ᠃ ᠭᠤᠶᠤᠴᠢᠯᠠᠭᠴᠢ ᠵᠢᠨ ᠭᠤᠶᠤᠴᠢᠯᠠᠭᠰᠠᠨ ᠵᠦᠢ᠍ᠯᠡᠰ᠎ᠨᠢ ᠭᠣᠤᠯᠳᠠᠭᠤ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠂ ᠭᠠᠵᠠᠷ ᠲᠠᠲᠠᠪᠤᠷᠢᠯᠠᠨ ᠨᠤᠷᠠᠭ᠋ᠠᠵᠤ ᠨᠡᠭᠦᠯᠭᠡᠬᠦ᠂ ᠲᠣᠭ᠎ᠠ ᠪᠦᠷᠢᠳᠬᠡᠯ᠎ᠤᠨ ᠮᠠᠲ᠋ᠧᠷᠢᠶᠠᠯ ᠵᠡᠷᠭᠡ ᠲᠠᠯ᠎ᠠ᠎ᠪᠠᠷ ᠲᠥᠪᠯᠡᠷᠡᠵᠦ ᠪᠠᠶ᠋ᠢᠬᠤ ᠵᠢᠨ ᠬᠠᠮᠲᠤ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠭᠤᠶᠤᠴᠢᠯᠠᠭᠴᠢ᠎ᠯᠤᠭ᠎ᠠ ᠨᠡᠪᠲᠡᠷᠡᠯᠴᠡᠭᠡ ᠬᠠᠷᠢᠯᠴᠠᠭ᠎ᠠ᠎ᠪᠠᠨ ᠴᠢᠩᠭ᠋ᠠᠳᠬᠠᠪᠠ᠃
    (ᠭᠤᠷᠪᠠ) ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠬᠠᠮᠢᠶᠠᠷᠤᠯᠲᠠ᠃ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠤᠰᠬᠠᠶ ᠪᠤᠯᠤᠩ ᠵᠶ᠋ᠠᠷ ᠳᠠᠮᠵᠢᠭᠤᠯᠤᠨ ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠦᠴᠦᠨ ᠪᠥᠬᠦᠶ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠥᠪᠯᠡᠷᠡᠭᠦᠯᠦᠨ ᠢᠯᠡ ᠪᠣᠯᠭ᠋ᠠᠬᠤ ᠵᠢᠨ ᠬᠠᠮᠲᠤ ᠬᠥᠳᠡᠯᠦᠩᠭᠦᠶ᠎ᠪᠠᠷ ᠰᠢᠨᠡᠳᠬᠡᠵᠦ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠥᠮᠥᠷᠭᠡ ᠵᠢ ᠲᠦᠷᠭᠡᠳᠬᠡᠨ ᠪᠠᠶ᠋ᠢᠭᠤᠯᠵᠤ᠂ ᠪᠥᠬᠦ ᠲᠠᠯ᠎ᠠ᠎ᠪᠠᠷ ᠴᠡᠭᠴᠡᠯᠡᠭᠰᠡᠨ᠎ᠤ ᠳᠠᠷᠠᠭ᠎ᠠ ᠦᠷᠭᠦᠯᠵᠢᠯᠡᠨ ᠬᠦᠴᠦᠨ᠎ᠲᠠᠢ ᠭᠠᠷᠴᠠᠭ᠎ᠲᠤ ᠵᠢᠭᠰᠠᠭ᠋ᠠᠨ ᠣᠷᠣᠭᠤᠯᠤᠭᠰᠠᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ 43 ᠪᠠᠶ᠋ᠢᠵᠤ᠂ 6 ᠬᠤᠪᠢ ᠵᠢ᠎ᠨᠢ ᠬᠦᠴᠦᠨ ᠥᠬᠡᠶ ᠪᠣᠯᠭ᠋ᠠᠪᠠ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶᠡᠨ᠎ᠳᠠᠬᠢ ᠬᠠᠮᠢᠶ᠎ᠠ ᠪᠥᠬᠦᠶ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠦᠷᠢᠮ ᠲᠣᠭᠲᠠᠭ᠋ᠠᠯ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠵᠡᠷᠭᠡ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠲᠤᠬᠠᠶ ᠲᠣᠭᠲᠠᠭ᠋ᠠᠯ᠎ᠢ ᠡᠮᠬᠢᠯᠡᠵᠦ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠤᠨ᠂ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠵᠦᠢ᠍ᠯᠡᠰ᠎ᠤᠨ ᠭᠠᠷᠴᠠᠭ᠎ᠢ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠲᠢᠩᠬᠢᠮ᠎ᠤᠨ ᠰᠦᠯᠵᠢᠶᠡᠨ ᠥᠷᠲᠡᠭᠡ᠎ᠳᠤ ᠢᠯᠡ ᠪᠣᠯᠭ᠋ᠠᠪᠠ᠃
    (ᠲᠦᠷᠪᠡ) ᠲᠠᠪᠴᠠᠩ᠎ᠤᠨ ᠪᠠᠶ᠋ᠢᠭᠤᠯᠤᠯᠲᠠ ᠬᠠᠮᠢᠶᠠᠷᠤᠯᠲᠠ᠃ ᠢᠯᠡ ᠨᠡᠶ᠋ᠢᠲᠡᠯᠡᠬᠦ᠎ᠠᠴᠠ ᠡᠮᠦᠨᠡᠬᠢ ᠬᠢᠨᠠᠨ ᠪᠠᠶ᠋ᠢᠴᠠᠭ᠋ᠠᠬᠤ ᠲᠠᠰ ᠳᠠᠷᠠᠭ᠋ᠠᠯᠠᠯ᠎ᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠢᠩᠬᠢᠮ᠎ᠤᠨ ᠰᠦᠯᠵᠢᠶᠡᠨ ᠥᠷᠲᠡᠭᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠡᠵᠡᠩᠨᠡᠯᠲᠡ ᠬᠠᠮᠢᠶᠠᠷᠤᠯᠲᠠ ᠵᠢ ᠦᠷᠭᠦᠯᠵᠢᠯᠡᠨ ᠰᠢᠯᠢᠳᠡᠭᠵᠢᠭᠦᠯᠦᠨ᠂ ᠰᠦᠯᠵᠢᠶᠡᠨ ᠥᠷᠲᠡᠭᠡ ᠵᠢᠨ ᠪᠤᠯᠤᠩ᠎ᠤᠨ ᠠᠭᠤᠯᠭ᠎ᠠ ᠵᠢ ᠰᠢᠨᠡᠳᠬᠡᠵᠦ᠂ ᠡᠮᠬᠢᠯᠡᠨ ᠨᠡᠶ᠋ᠢᠯᠡᠭᠦᠯᠵᠦ᠂ ᠮᠣᠩᠭᠤᠯ ᠬᠡᠯᠡᠨ᠎ᠤ ᠰᠦᠯᠵᠢᠶᠡᠨ ᠥᠷᠲᠡᠭᠡ ᠵᠢᠨ ᠪᠤᠯᠤᠩ᠎ᠤᠨ ᠪᠠᠶ᠋ᠢᠭᠤᠯᠤᠯᠲᠠ ᠵᠢ ᠵᠡᠷᠭᠡ᠎ᠳᠤ᠎ᠨᠢ ᠰᠢᠯᠢᠳᠡᠭᠵᠢᠭᠦᠯᠦᠨ᠂ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠎ᠢ ᠭᠦᠢ᠍ᠴᠡᠳ ᠠᠰᠢᠭᠯᠠᠨ ᠠᠵᠢᠯ ᠲᠥᠷᠥᠯ᠎ᠤᠨ ᠤᠬᠠᠭᠤᠯᠤᠨ ᠮᠡᠳᠡᠭᠡᠯᠡᠬᠦ ᠠᠵᠢᠯ᠎ᠢ ᠴᠠᠭ ᠲᠤᠬᠠᠶ᠎ᠳᠤ᠎ᠨᠢ ᠰᠠᠶ᠋ᠢᠲᠤᠷ ᠬᠢᠵᠦ᠂ ᠡᠯ᠎ᠡ ᠮᠤᠵᠢ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ᠎ᠤᠨ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠎ᠤᠨ ᠳᠠᠮᠵᠢᠭᠤᠯᠭ᠎ᠠ ᠵᠢᠨ ᠬᠦᠴᠦᠨ᠎ᠤ ᠵᠢᠭᠰᠠᠭ᠋ᠠᠯᠲᠠ᠎ᠳᠤ ᠬᠠᠮᠤᠭ᠎ᠤᠨ ᠰᠠᠶ᠋ᠢᠨ ᠬᠢᠷᠢ ᠪᠦᠲᠦᠮᠵᠢ ᠵᠢᠨ ᠭᠤᠷᠪᠠᠳᠤᠭ᠋ᠠᠷ᠎ᠲᠤ ᠵᠢᠭᠰᠠᠭ᠋ᠠᠭᠳᠠᠪᠠ᠃ ᠠᠶᠤᠯ ᠲᠦᠭᠰᠢᠭᠦᠷᠢ ᠵᠢᠨ ᠳᠤᠲᠠᠭᠳᠠᠯ᠎ᠢ ᠵᠢᠭᠰᠠᠭ᠋ᠠᠨ ᠪᠠᠶ᠋ᠢᠴᠠᠭ᠋ᠠᠬᠤ ᠵᠢ ᠦᠷᠭᠦᠯᠵᠢᠯᠡᠨ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠰᠦᠯᠵᠢᠶᠡᠨ ᠥᠷᠲᠡᠭᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠠᠮᠤᠷ ᠲᠦᠪᠰᠢᠨ ᠵᠶ᠋ᠠᠷ ᠠᠵᠢᠯᠯᠠᠬᠤ ᠵᠢ ᠦᠨᠡᠨᠬᠦ ᠪᠠᠲᠤᠯᠠᠪᠠ᠃
    (ᠲᠠᠪᠤ) ᠬᠢᠨᠠᠯᠲᠠ ᠲᠠᠯᠪᠢᠵᠤ ᠪᠠᠲᠤᠯᠠᠭᠰᠠᠨ ᠪᠠᠶ᠋ᠢᠳᠠᠯ᠃ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠠ ᠫᠤᠷᠲ᠋ᠧᠯ ᠰᠦᠯᠵᠢᠶᠡᠨ᠎ᠤ ᠠᠵᠢᠯ᠎ᠢ ᠥᠷᠨᠢᠭᠦᠯᠦᠭᠰᠡᠨ ᠪᠠᠶ᠋ᠢᠳᠠᠯ᠎ᠢ ᠲᠢᠩᠬᠢᠮ᠎ᠤᠨ ᠣᠨ᠎ᠤ ᠠᠮᠵᠢᠯᠲᠠ ᠪᠦᠲᠦᠮᠵᠢ ᠵᠢᠨ ᠠᠭᠤᠯᠭ᠎ᠠ ᠪᠠ ᠣᠨ᠎ᠤ ᠪᠣᠯᠪᠠᠰᠤᠷᠠᠭᠤᠯᠤᠯ᠎ᠤᠨ ᠲᠥᠯᠥᠪᠯᠡᠭᠡ᠎ᠳᠤ ᠣᠷᠣᠭᠤᠯᠵᠤ᠂ ᠲᠢᠩᠬᠢᠮ᠎ᠤᠨ ᠰᠢᠭᠤᠳ ᠬᠠᠷᠢᠶ᠎ᠠ ᠨᠢᠭᠡᠴᠢ ᠪᠠ ᠲᠢᠩᠬᠢᠮ᠎ᠤᠨ ᠪᠠᠶ᠋ᠢᠭᠤᠯᠭ᠎ᠠ ᠵᠢᠨ ᠭᠠᠵᠠᠷ ᠲᠠᠰᠤᠭ᠎ᠤᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠬᠠᠷᠢᠭᠤᠴᠠᠯᠭ᠋ᠠᠲᠠᠨ ᠪᠠ ᠠᠵᠢᠯᠲᠠᠨ᠎ᠳᠤ ᠪᠣᠯᠪᠠᠰᠤᠷᠠᠭᠤᠯᠤᠯ ᠬᠢᠵᠦ᠂ ᠲᠢᠩᠬᠢᠮ᠎ᠤᠨ ᠰᠢᠰᠲ᠋ᠧᠮ᠎ᠤᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯᠲᠠᠨ᠎ᠤ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠪᠠ ᠬᠢᠷᠢ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠨᠢᠭᠡᠨᠲᠡ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠤᠬᠠᠮᠰᠠᠷ᠎ᠢ ᠦᠨᠳᠦᠰᠦᠨ᠎ᠳᠤ᠎ᠪᠠᠨ ᠪᠣᠶ ᠪᠣᠯᠭ᠋ᠠᠪᠠ᠃
    ᠬᠤᠶᠠᠷ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠭᠰᠠᠨ ᠪᠠᠶ᠋ᠢᠳᠠᠯ

二.jpg

    ᠭᠤᠷᠪᠠ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ᠎ᠪᠠᠷ ᠭᠤᠶᠤᠴᠢᠯᠠᠬᠤ ᠵᠢ ᠬᠦᠯᠢᠶᠡᠨ ᠠᠪᠤᠭᠰᠠᠨ ᠪᠠ ᠰᠢᠢ᠍ᠳᠪᠦᠷᠢᠯᠡᠭᠰᠡᠨ ᠪᠠᠢ᠌ᠳᠠᠯ

三.jpg
    ᠳᠥᠷᠪᠡ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢᠨ ᠵᠠᠰᠠᠭ ᠵᠠᠬᠢᠷᠭ᠋ᠠᠨ᠎ᠤ ᠳᠠᠬᠢᠨ ᠵᠥᠪᠯᠡᠭᠰᠡᠨ᠂ ᠵᠠᠰᠠᠭ ᠵᠠᠬᠢᠷᠭ᠋ᠠᠨ᠎ᠤ ᠵᠠᠷᠭᠤ ᠵᠢᠨ ᠪᠠᠢ᠌ᠳᠠᠯ

四.jpg

 

    ᠲᠠᠪᠤ᠂ ᠣᠷᠣᠰᠢᠵᠤ ᠪᠠᠶ᠋ᠢᠭ᠎ᠠ ᠭᠣᠤᠯ ᠠᠰᠠᠭᠤᠳᠠᠯ ᠵᠢᠴᠢ ᠬᠠᠯᠠᠨ ᠰᠠᠶ᠋ᠢᠵᠢᠷᠠᠭᠤᠯᠤᠭᠰᠠᠨ ᠪᠠᠶ᠋ᠢᠳᠠᠯ
    2024 ᠣᠨ᠎ᠳᠤ᠂ ᠮᠠᠨ᠎ᠤ ᠲᠢᠩᠬᠢᠮ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠲᠠᠶ᠋ᠢᠯᠤᠮᠵᠢ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠡᠨᠡ ᠵᠢᠯ 8 ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠨᠡᠶ᠋ᠢᠲᠡᠯᠡᠵᠦ᠂ ᠴᠥᠮ ᠥᠰᠥᠭ ᠪᠢᠴᠢᠭ᠎ᠤᠨ ᠲᠠᠶ᠋ᠢᠯᠤᠮᠵᠢ ᠪᠠ ᠵᠢᠷᠤᠭᠲᠤ ᠲᠠᠶ᠋ᠢᠯᠤᠮᠵᠢ ᠬᠢᠵᠦ᠂ ᠵᠠᠷᠢᠮ ᠪᠢᠴᠢᠭ ᠮᠠᠲ᠋ᠧᠷᠢᠶᠠᠯ᠎ᠳᠤ ᠪᠠᠰᠠ ᠬᠠᠷᠠᠭ᠋ᠠᠨ ᠳᠠᠪᠲᠠᠮᠵᠢ ᠵᠢᠨ ᠲᠠᠶ᠋ᠢᠯᠤᠮᠵᠢ ᠬᠢᠵᠦ᠂ ᠪᠣᠶ ᠪᠥᠬᠦᠶ ᠬᠡᠷᠡᠯ ᠵᠢᠷᠤᠭ᠂ ᠬᠠᠷᠠᠭ᠋ᠠᠨ ᠳᠠᠪᠲᠠᠮᠵᠢ ᠵᠢᠨ ᠲᠠᠶ᠋ᠢᠯᠤᠮᠵᠢ ᠵᠢ ᠴᠥᠮ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠎ᠲᠤ ᠵᠡᠷᠭᠡ᠎ᠪᠠᠷ ᠨᠡᠶ᠋ᠢᠲᠡᠯᠡᠵᠦ᠂ ᠲᠥᠷᠥ ᠵᠢᠨ ᠪᠣᠳᠣᠯᠭ᠎ᠠ ᠵᠢ ᠣᠶ᠋ᠢᠯᠠᠭ᠋ᠠᠬᠤ ᠨᠣᠷᠮ᠎ᠠ ᠵᠢ ᠤᠯᠠᠮ ᠨᠢᠭᠡ ᠠᠯᠬᠤᠮ ᠥᠷᠭᠡᠳᠬᠡᠪᠡ᠃
    2025 ᠣᠨ᠎ᠳᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠰᠢᠨ᠎ᠡ ᠪᠠᠶ᠋ᠢᠳᠠᠯ ᠰᠢᠨ᠎ᠡ ᠱᠠᠭ᠋ᠠᠷᠳᠠᠯᠭ᠎ᠠ ᠵᠢ ᠡᠵᠡᠮᠳᠡᠵᠦ᠂ ᠢᠯᠡ ᠪᠣᠯᠭ᠋ᠠᠬᠤ᠎ᠠᠴᠠ ᠡᠮᠦᠨ᠎ᠡ ᠬᠢᠨᠠᠨ ᠪᠠᠶ᠋ᠢᠴᠠᠭ᠋ᠠᠬᠤ ᠵᠢ ᠰᠠᠶ᠋ᠢᠲᠤᠷ ᠬᠢᠵᠦ᠂ ᠬᠥᠳᠡᠯᠦᠩᠭᠦᠶ ᠲᠥᠷᠥᠯ᠎ᠤᠨ ᠮᠡᠳᠡᠭᠡ ᠵᠠᠩᠭᠢ ᠵᠢᠨ ᠬᠠᠮᠢᠶᠠᠷᠤᠯᠲᠠ ᠵᠢ ᠴᠢᠩᠭ᠋ᠠᠳᠬᠠᠨ᠎ᠠ᠃
    ᠵᠢᠷᠭᠤᠭ᠎ᠠ᠂ ᠮᠡᠳᠡᠭᠦᠯᠬᠦ ᠴᠢᠬᠤᠯᠠᠲᠠᠶ ᠪᠤᠰᠤᠳ ᠵᠦᠢ᠍ᠯᠡᠰ
    ᠲᠤᠰ ᠵᠢᠯ᠎ᠳᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠨᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠮᠡᠳᠡᠭᠡ ᠵᠠᠩᠭᠢ ᠵᠢ ᠰᠢᠢ᠍ᠳᠪᠦᠷᠢᠯᠡᠬᠦ ᠰᠦᠢ᠍ᠳᠬᠡᠯ ᠬᠤᠷᠢᠶᠠᠭᠰᠠᠨ ᠦᠭᠡᠢ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠦᠭᠯᠡᠭᠦᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ 2020 ᠣᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ 2019 ᠣᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ
2021 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠪᠠᠶ᠋ᠢᠭᠤᠯᠤᠯᠲᠠ ᠵᠢᠨ ᠪᠠᠶ᠋ᠢᠳᠠᠯ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠦᠯᠦᠯᠲᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ 2022 ᠣᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ
 
            