ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠶᠠᠪᠤᠳᠠᠯ ᠤᠨ ᠬᠠᠤᠯᠢ ᠬᠡᠷᠡᠭᠵᠢᠭᠦᠯᠵᠦ ᠬᠢᠨᠠᠨ ᠪᠠᠶᠢᠴᠠᠭᠠᠬᠤ ᠶᠡᠷᠦᠩᠬᠡᠶ ᠠᠩᠭᠢ ᠶᠢᠨ ᠪᠠᠶᠠᠨᠨᠠᠭᠤᠷ ᠤᠨ ᠰᠠᠯᠠᠭ᠎ᠠ ᠠᠩᠭᠢ ᠶᠢᠨ ᠬᠤᠷᠢᠶ᠎ᠠ ᠠᠴᠠ 2020 ᠣᠨ ᠤ ᠬᠤᠶᠠᠳᠤᠭᠠᠷ ᠤᠳᠠᠭᠠᠨ ᠤ ᠭᠤᠤᠯ ᠳᠤᠭᠤᠶᠢᠯᠠᠩ ᠤᠨ ᠣᠨᠣᠯ ᠤᠨ ᠰᠤᠷᠤᠯᠴᠠᠯᠭ᠎ᠠ ᠶᠢᠨ ︵ᠥᠷᠭᠡᠳᠬᠡᠭᠰᠡᠨ︶ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/10/13
    ᠣᠶᠢᠷ᠎ᠠ ᠳᠤ᠂ ᠰᠠᠯᠠᠭ᠎ᠠ ᠠᠩᠭᠢ ᠶᠢᠨ ᠨᠠᠮ ᠤᠨ ᠬᠤᠷᠢᠶ᠎ᠠ ᠠᠴᠠ 2020 ᠣᠨ ᠤ ᠬᠤᠶᠠᠳᠤᠭᠠᠷ ᠤᠳᠠᠭᠠᠨ ᠤ ᠭᠤᠤᠯ ᠳᠤᠭᠤᠶᠢᠯᠠᠩ ᠤᠨ ᠣᠨᠣᠯ ᠤᠨ ᠰᠤᠷᠤᠯᠴᠠᠯᠭ᠎ᠠ ᠶᠢᠨ ︵ᠥᠷᠭᠡᠳᠬᠡᠭᠰᠡᠨ︶ ᠬᠤᠷᠠᠯ ᠢ ᠬᠤᠷᠠᠯᠳᠤᠭᠤᠯᠵᠤ᠂ ᠰᠠᠯᠠᠭ᠎ᠠ ᠠᠩᠭᠢ ᠶᠢᠨ ᠤᠲᠤᠷᠢᠳᠬᠤ ᠪᠠᠭ ᠤᠨ ᠭᠡᠰᠢᠭᠦᠨ᠂ ᠪᠠᠶᠢᠭᠤᠯᠭ᠎ᠠ ᠶᠢᠨ ᠳᠡᠳ᠋ ᠰᠠᠯᠠᠭᠠᠨ ᠳᠡᠰ ᠠᠴᠠ ᠳᠡᠭᠡᠭᠰᠢᠬᠢ ᠺᠠᠳ᠋ᠷ᠂ ᠡᠯ᠎ᠡ ᠶᠡᠭᠡ ᠠᠩᠭᠢ ᠶᠢᠨ ᠳᠠᠷᠤᠭ᠎ᠠ ᠬᠤᠷᠠᠯ ᠳᠤ ᠣᠷᠤᠯᠴᠠᠪᠠ᠃      ᠬᠤᠷᠠᠯ ᠳᠡᠭᠡᠷ᠎ᠡ ᠰᠠᠯᠠᠭ᠎ᠠ ᠠᠩᠭᠢ ᠶᠢᠨ ᠨᠠᠮ ᠤᠨ ᠬᠤᠷᠢᠶᠠᠨ ᠤ ᠱᠦᠵᠢ ᠠᠴᠠ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠠᠩ ᠴᠤᠸᠠᠨ ᠳᠠᠩ ᠨᠥᠬᠦᠷ ᠤᠨ 2020 ᠣᠨ ᠤ ᠪᠥᠬᠦ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠳᠠᠭᠠᠭᠤᠯᠤᠨ ᠰᠤᠷᠤᠯᠴᠠᠬᠤ᠂ ᠰᠠᠯᠠᠭ᠎ᠠ ᠠᠩᠭᠢ ᠶᠢᠨ ᠰᠠᠬᠢᠯᠭ᠎ᠠ ᠪᠠᠲᠤ ᠪᠠᠶᠢᠴᠠᠭᠠᠬᠤ ᠱᠦᠵᠢ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢᠨ ᠠᠵᠢᠯ ᠤᠨ ᠲᠦᠷᠢᠮ︾ ᠢ ᠳᠠᠭᠠᠭᠤᠯᠤᠨ ᠰᠤᠷᠤᠯᠴᠠᠵᠤ᠂ ᠰᠠᠯᠠᠭ᠎ᠠ ᠠᠩᠭᠢ ᠶᠢᠨ ᠳᠡᠳ᠋ ᠳᠠᠷᠤᠭ᠎ᠠ ᠠᠴᠠ ︽ᠪᠠᠶᠠᠨᠨᠠᠭᠤᠷ ᠤᠨ ᠰᠠᠯᠠᠭ᠎ᠠ ᠠᠩᠭᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠲᠡᠷᠢᠭᠦᠨ ᠤ ᠬᠤᠪᠢ ᠬᠥᠮᠦᠨ ᠤ ᠦᠢᠯᠡ ᠠᠵᠢᠯᠯᠠᠭ᠎ᠠ ᠶᠢᠨ ᠵᠠᠷᠯᠠᠯ︾ ᠢ ᠤᠯᠠᠮᠵᠢᠯᠠᠪᠠ᠃      ᠰᠠᠯᠠᠭ᠎ᠠ ᠠᠩᠭᠢ ᠶᠢᠨ ᠨᠠᠮ ᠤᠨ ᠬᠤᠷᠢᠶᠠᠨ ᠤ ᠱᠦᠵᠢ ᠴᠢᠬᠤᠯᠠᠴᠢᠯᠠᠬᠤ ᠳᠤ ᠪᠠᠨ᠂ ᠨᠢᠭᠡ ᠳᠤ᠂ ᠡᠯ᠎ᠡ ᠨᠠᠮ ᠤᠨ ᠡᠭᠦᠷ ᠤᠨ ᠬᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠥᠬᠦ ᠺᠠᠳ᠋ᠷ ᠠᠵᠢᠯᠲᠠᠨ ᠢᠶᠠᠨ ᠵᠣᠬᠢᠶᠠᠨ ᠪᠠᠶᠢᠭᠤᠯᠵᠤ ᠶᠠᠩ ᠴᠤᠸᠠᠨ ᠳᠠᠩ ᠨᠥᠬᠦᠷ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠶᠠᠷᠢᠶᠠᠨ ᠤ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠦᠬᠦ ᠺᠠᠳ᠋ᠷ ᠠᠵᠢᠯᠳᠠᠨ ᠢᠶᠠᠨ ᠬᠦᠮᠦᠵᠢᠭᠦᠯᠵᠦ ᠠᠵᠢᠯ ᠤᠨ ᠪᠠᠶᠢᠷᠢ ᠳᠤ ᠪᠠᠨ ᠰᠠᠠᠭᠤᠷᠢᠯᠠᠨ᠂ ᠠᠵᠢᠯ ᠤᠨ ᠬᠤᠪᠢᠶᠠᠷᠢᠯᠠᠯ ᠶᠣᠰᠤᠭᠠᠷ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠶ ᠪᠠᠷ ᠠᠵᠢᠯ ᠢᠶᠠᠨ ᠭᠦᠢᠴᠡᠳᠭᠡᠵᠦ᠂ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠰᠠᠯᠠᠭ᠎ᠠ ᠠᠩᠭᠢ ᠳᠤ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠶ ᠭᠡᠪᠡ᠃      ᠬᠤᠶᠠᠷ ᠲᠤ᠂ ᠦᠨᠳᠦᠰᠦᠨ ᠱᠠᠲᠤᠨ ᠤ ᠨᠠᠮ ᠤᠨ ᠡᠭᠦᠷ ᠤᠨ ᠬᠢᠨ ᠬᠤᠷᠠᠯ ᠤᠨ ᠲᠠᠷᠠᠭ᠎ᠠ ᠺᠠᠳ᠋ᠷ ᠠᠵᠢᠯᠳᠠᠨ ᠢᠶᠠᠨ ᠵᠣᠬᠢᠶᠠᠨ ᠪᠠᠶᠢᠭᠤᠯᠵᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢᠨ ᠠᠵᠢᠯ ᠤᠨ ᠲᠦᠷᠢᠮ︾ ᠢ ᠨᠠᠷᠢᠨ ᠬᠢᠨᠠᠮᠠᠭᠠᠶ ᠰᠤᠷᠤᠯᠴᠠᠵᠤ᠂ ︽ᠰᠤᠷᠤᠯᠴᠠᠯᠭ᠎ᠠ + ᠰᠤᠯᠢᠯᠴᠠᠭ᠎ᠠ ︾ ᠶᠢᠨ ᠠᠷᠭ᠎ᠠ ᠮᠠᠶ᠋ᠢᠭ ᠢᠶᠠᠷ ᠰᠤᠷᠤᠯᠴᠠᠯᠭ᠎ᠠ ᠶᠢᠨ ᠴᠢᠭᠯᠡᠯᠲᠦ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ ᠢ ᠴᠢᠩᠭᠠᠳᠬᠠᠵᠤ᠂ ᠦᠵᠡᠯ ᠰᠠᠨᠠᠭ᠎ᠠ ᠪᠠᠨ ᠰᠣᠯᠢᠯᠴᠠᠬᠤ᠂ ᠣᠶᠢᠯᠠᠭᠠᠯᠲᠠ ᠪᠠᠨ ᠶᠠᠷᠢᠯᠴᠠᠬᠤ ᠪᠠᠷ ᠳᠠᠮᠵᠢᠭᠤᠯᠤᠨ᠂ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢᠨ ᠠᠵᠢᠯ ᠤᠨ ᠲᠤᠬᠠᠶ ᠲᠠᠨᠢᠯᠲᠠ ᠪᠠᠨ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠨᠠᠮ ᠤᠨ ᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ᠃      ᠭᠤᠷᠪᠠ ᠳᠤ᠂ ᠰᠠᠠᠯᠠᠭ᠎ᠠ ᠠᠩᠬᠢ ᠶᠢᠨ ᠪᠦᠬᠦ ᠺᠠᠳ᠋ᠷ ᠠᠵᠢᠯᠳᠠᠨ ᠠᠴᠠ ᠬᠢᠵᠢᠭ ᠤᠨ ᠪᠠᠶᠢᠳᠠᠯ ᠢ ᠡᠰᠡᠷᠭᠦᠴᠡᠬᠦ ᠬᠤᠭᠤᠴᠠᠭᠠᠨ ᠳᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠡᠮᠦᠨ᠎ᠡ ᠡᠩᠨᠡᠭᠡᠨ ᠳᠤ ᠭᠠᠪᠰᠢᠭᠠᠶᠢᠯᠠᠬᠤ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠨᠥᠬᠦᠳ ᠠᠴᠠ ᠰᠤᠷᠤᠯᠴᠠᠵᠤ᠂ ᠲᠡᠳᠡ ᠨᠠᠷ ᠢᠶᠠᠷ ᠳᠠᠭᠤᠷᠢᠶᠠᠯ ᠪᠣᠯᠭᠠᠵᠤ᠂ ᠰᠠᠯᠠᠭ᠎ᠠ ᠠᠩᠬᠢ ᠶᠢᠨ ᠪᠦᠯᠬᠦᠮᠳᠡᠨ ᠲᠡᠮᠡᠴᠡᠵᠦ᠂ ᠵᠣᠷᠢᠭᠲᠠᠢ ᠪᠠᠷ ᠤᠷᠤᠭᠰᠢᠯᠠᠵᠤ᠂ ᠬᠦᠴᠢᠷ ᠪᠡᠷᠬᠡ ᠶᠢ ᠬᠠᠮᠲᠤ ᠪᠠᠷ ᠲᠤᠭᠤᠯᠬᠤ ᠰᠢᠯᠢᠳᠡᠭ ᠣᠪᠤᠷ ᠰᠤᠷᠲᠠᠯ ᠢ ᠪᠠᠳᠠᠷᠠᠭᠤᠯᠵᠤ᠂ ᠰᠠᠯᠠᠭ᠎ᠠ ᠠᠩᠬᠢ ᠶᠢᠨ 2020 ᠣᠨ ᠤ ᠡᠯ᠎ᠡ ᠵᠦᠢᠯ ᠤᠨ ᠠᠵᠢᠯ ᠤᠨ ᠰᠢᠨ᠎ᠡ ᠳᠡᠭᠲᠡᠷ ᠲᠤ ᠭᠠᠷᠴᠤ᠂ ᠲᠠᠬᠢᠨ ᠰᠢᠨ᠎ᠡ ᠠᠮᠵᠢᠯᠲᠠ ᠤᠯᠬᠤ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠵᠠᠰᠠᠮᠠᠯ ᠵᠠᠮ ᠤᠨ ᠶᠠᠪᠤᠳᠠᠯ ᠤᠨ ᠬᠠᠤᠯᠢ ᠬᠡᠷᠡᠭᠵᠢᠭᠦᠯᠵᠦ ᠬᠢᠨᠠᠨ ᠪᠠᠶᠢᠴᠠᠭᠠᠬᠤ ᠶᠡᠷᠦᠩᠬᠡᠢ ᠠᠩᠭᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号