ᠥᠪᠥᠷ ᠮᠣᠩᠭᠤᠯ ᠤᠨ ᠵᠠᠮ ᠬᠠᠷᠢᠯᠴᠠᠭᠠᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ ᠠᠴᠠ ᠡᠷᠢᠶᠡᠨ ᠬᠤᠲᠠ ᠠᠴᠠ ᠰᠠᠶᠢᠬᠠᠨᠲᠠᠯ᠎ᠠ ᠬᠦᠷᠬᠦ ᠵᠠᠰᠠᠮᠠᠯ ᠵᠠᠮ ᠤᠨ ᠦᠢᠯᠡᠳᠪᠦᠷᠢ ᠶᠢᠨ ᠠᠯᠪᠠᠨ ᠭᠡᠷ ᠤᠨ ᠰᠡᠷᠭᠦᠭᠡᠨ ᠠᠵᠢᠯᠯᠠᠭᠤᠯᠬᠤ ᠮᠡᠷᠭᠡᠵᠢᠯ ᠤᠨ ᠪᠤᠯᠪᠠᠰᠤᠷᠠᠭᠤᠯᠤᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2020/10/14
     ᠪᠣᠬᠢᠷᠲᠤᠯ ᠦᠭᠡᠢ᠂ ᠣᠷᠴᠢᠨ ᠲᠣᠭᠤᠷᠢᠨ ᠢ ᠬᠠᠮᠠᠭᠠᠯᠠᠬᠤ᠂ ᠳᠣᠤᠷ᠎ᠠ ᠨᠡᠭᠦᠷᠡᠰᠦᠲᠥ᠋ᠷᠥᠭᠴᠢᠲᠦ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠪᠠᠶᠢᠭᠤᠯᠬᠤ ᠬᠦᠭᠵᠢᠯᠲᠡ ᠶᠢᠨ ᠣᠨᠤᠯᠵᠢᠬᠤᠨ ᠢ ᠨᠠᠩ ᠰᠠᠶᠢᠨ ᠲᠣᠭᠤᠰᠢᠯᠠᠭᠤᠯᠤᠨ ᠨᠡᠶᠢᠲᠡᠪᠤᠷᠢᠵᠢᠭᠤᠯᠵᠤ᠂ ︽ᠦᠨᠳᠦᠷ RAP ᠬᠡᠮᠵᠢᠶ᠎ᠡ ᠬᠤᠯᠢᠴᠠ ᠶᠢᠨ ᠦᠢᠯᠡᠳᠪᠦᠷᠢ ᠶᠢᠨ ᠡᠩ ᠤᠨ ᠳᠤᠯᠠᠭᠠᠨ ᠣᠷᠤᠭᠤᠯᠵᠤ ᠳᠠᠬᠢᠨ ᠰᠡᠷᠭᠦᠭᠡᠬᠦ ᠪᠠᠷᠤᠭᠰᠢᠨ ᠵᠠᠮ ᠤᠨ ᠭᠠᠳᠠᠷᠭᠤ ᠶᠢᠨ ᠮᠡᠷᠭᠡᠵᠢᠯ ᠤᠨ ᠰᠤᠳᠤᠯᠤᠯ ︾ ᠵᠡᠷᠭᠡ ᠬᠠᠮᠢᠶ᠎ᠠ ᠪᠦᠬᠦᠢ ᠳᠠᠬᠢᠨ ᠰᠡᠷᠭᠦᠭᠡᠬᠦ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠤᠶᠢᠯ ᠤᠨ ᠤᠷᠤᠭᠰᠢᠲᠠᠶ ᠥᠷᠨᠢᠬᠦ ᠶᠢ ᠠᠬᠢᠭᠤᠯᠵᠤ᠂ ᠬᠠᠭᠤᠴᠢᠨ ᠪᠠᠷᠤᠭᠰᠢᠨ ᠵᠠᠮ ᠤᠨ ᠭᠠᠳᠠᠷᠭᠤ ᠶᠢᠨ ᠮᠠᠲ᠋ᠧᠷᠢᠶᠠᠯ ᠢ ᠵᠦᠶ ᠵᠣᠬᠢᠰᠲᠠᠶ ᠪᠦᠭᠡᠳ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠡᠶᠡᠯᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ ᠶᠢᠨ ᠰᠤᠳᠤᠯᠤᠨ ᠬᠦᠭᠵᠢᠭᠦᠯᠬᠦ ᠲᠥᠪ ᠠᠴᠠ 2020 ᠣᠨ ᠤ 4 ᠳ᠋ᠦ᠋ᠭᠡᠷ ᠰᠠᠷ᠎ᠡ ᠶᠢᠨ 13 ᠤ ᠡᠳᠦᠷ ᠠᠵᠢᠯᠲᠠᠨ ᠲᠣᠮᠢᠯᠠᠨ ᠥᠪᠥᠷ ᠮᠣᠩᠭᠤᠯ ᠤᠨ ᠵᠠᠮ ᠬᠦᠭᠦᠷᠭᠡ ᠶᠢᠨ ᠪᠦᠯᠦᠭᠯᠡᠯ ᠤᠨ ᠬᠢᠵᠠᠭᠠᠷᠲᠦ ᠺᠤᠮᠫᠠᠨᠢ ᠳᠤ ᠤᠴᠢᠭᠤᠯᠤᠨ ᠡᠷᠢᠶᠡᠨ ᠬᠤᠲᠠ ᠠᠴᠠ ᠰᠠᠶᠢᠬᠠᠨᠲᠠᠯ᠎ᠠ ᠬᠦᠷᠬᠦ ᠬᠡᠰᠡᠭ ᠤᠨ ᠵᠠᠰᠠᠮᠠᠯ ᠵᠠᠮ ︵ᠡᠷᠢᠶᠡᠨ ᠰᠠᠶᠢᠬᠠᠨᠲᠠᠯ᠎ᠠ ᠶᠢᠨ ᠰᠤᠭᠤᠮ︶ ᠤᠨ ᠦᠢᠯᠡᠳᠪᠦᠷᠢ ᠶᠢᠨ ᠬᠤᠯᠢᠵᠤ ᠳᠠᠬᠢᠨ ᠰᠡᠷᠭᠦᠭᠡᠬᠦ ᠪᠠᠷᠢᠯᠭ᠎ᠠ ᠶᠢᠨ ᠮᠡᠷᠭᠡᠵᠢᠯ ᠤᠨ ᠰᠣᠯᠢᠯᠴᠠᠭᠠᠨ ᠤ ᠬᠤᠷᠠᠯ ᠳᠤ ᠣᠷᠤᠯᠴᠠᠭᠤᠯᠵᠤ᠂ ᠰᠤᠳᠤᠯᠤᠨ ᠬᠦᠭᠵᠢᠭᠦᠯᠬᠦ ᠲᠥᠪ ᠤᠨ ᠳᠡᠳ᠋ ᠡᠷᠬᠢᠯᠡᠭᠴᠢ ᠭᠦᠸᠧ ᠴᠤᠤ ᠶᠠᠩ ︽ᠶᠡᠭᠡ ᠬᠡᠮᠵᠢᠶ᠎ᠡ ᠪᠠᠷ ᠬᠤᠯᠢᠵᠤ ᠲᠤᠯᠠᠭᠠᠨ ᠣᠷᠤᠭᠤᠯᠵᠤ ᠳᠠᠬᠢᠨ ᠰᠡᠷᠭᠦᠭᠡᠬᠦ ᠮᠡᠷᠭᠡᠵᠢᠯ ᠵᠢᠴᠢ ᠬᠡᠷᠡᠭᠯᠡᠯᠲᠡ︾ ᠭᠡᠬᠦ ᠰᠡᠳᠦᠪ ᠢᠶᠠᠷ ᠮᠡᠳᠡᠭᠦᠯᠦᠯᠲᠡ ᠬᠢᠪᠠ᠃       ᠵᠠᠮ ᠤᠨ ᠭᠠᠳᠠᠷᠭᠤ ᠶᠢᠨ ᠳᠠᠬᠢᠨ ᠰᠡᠷᠭᠦᠭᠡᠬᠦ ᠮᠡᠷᠭᠡᠵᠢᠯ ᠨᠢ ᠵᠠᠮ ᠤᠨ ᠭᠠᠳᠠᠷᠭᠤ ᠶᠢᠨ ᠬᠠᠶᠠᠭᠳᠠᠮᠠᠯ ᠪᠠᠷᠤᠭᠰᠢᠨ ᠤ ᠬᠤᠯᠢᠮᠠᠭ ᠮᠠᠲ᠋ᠧᠷᠢᠶᠠᠯ ︵RAP︶ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠡᠶᠡᠯᠡᠭᠦᠯᠵᠦ᠂ ᠡᠨᠡ  ᠨᠢ ᠬᠠᠲᠠᠭᠤ ᠪᠡᠶᠡᠲᠦ ᠬᠠᠶᠠᠭᠳᠠᠮᠠᠯ ᠪᠤᠳᠠᠰ ᠤᠨ ᠪᠣᠬᠢᠷᠲᠤᠯ ᠢ ᠪᠠᠭᠠᠰᠬᠠᠵᠤ ᠪᠣᠯᠬᠤ ᠪᠠᠷ ᠪᠠᠷᠠᠬᠤ ᠥᠬᠡᠶ᠂ ᠠᠷᠠᠴᠢᠯᠠᠨ ᠬᠠᠮᠠᠭᠠᠯᠠᠬᠤ ᠶᠡᠭᠡ ᠬᠡᠮᠵᠢᠶᠡᠨ ᠤ ᠵᠠᠷᠤᠳᠠᠯ ᠢ ᠠᠷᠪᠢᠯᠠᠵᠤ ᠪᠣᠯᠤᠨ᠎ᠠ᠃ ᠡᠨᠡ ᠬᠦ ᠮᠡᠷᠭᠡᠵᠢᠯ ᠨᠢ ᠣᠶᠢᠷ᠎ᠠ ᠶᠢᠨ ᠵᠢᠯ ᠤᠳ ᠲᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠᠷᠢᠯᠭ᠎ᠠ ᠳᠤ ᠥᠷᠭᠡᠨ ᠢᠶᠠᠷ ᠬᠡᠷᠡᠭᠯᠡᠭᠳᠡᠵᠦ ᠪᠠᠶᠢᠨ᠎ᠠ᠃ ᠡᠷᠢᠶᠡᠨ ᠰᠠᠶᠢᠬᠠᠨᠲᠠᠯ᠎ᠠ ᠶᠢᠨ ᠬᠡᠰᠡᠭ ᠤᠨ ᠭᠤᠣᠯ ᠱᠤᠭᠤᠮ ᠨᠢ ᠤᠮᠠᠷᠠᠰᠢ ᠡᠷᠢᠶᠡᠨ ᠬᠤᠲᠠ ᠶᠢᠨ ᠡᠮᠦᠨ᠎ᠡ ᠲᠠᠯ᠎ᠠ ᠠᠴᠠ ᠡᠬᠢᠯᠡᠨ ᠬᠠᠷᠢᠯᠴᠢᠨ ᠨᠡᠪᠲᠡᠷᠡᠯᠴᠡᠵᠦ᠂ ᠡᠮᠦᠨᠡᠰᠢ ᠡᠷᠢᠶᠡᠨ ᠭᠤᠩᠵᠸᠤ ᠶᠢᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠠᠶᠢᠬᠠᠨᠲᠠᠯ᠎ᠠ ᠠᠴᠠ ᠪᠠᠶᠠᠨᠴᠠᠭᠠᠨ ᠬᠦᠷᠬᠦ ᠬᠡᠰᠡᠭ ᠲᠠᠢ ᠵᠠᠯᠭᠠᠯᠳᠤᠵᠤ᠂ ᠪᠦᠬᠦ ᠤᠷᠲᠤ ᠨᠢ ᠪᠠᠷᠤᠭ 99.542 ᠺᠢᠯᠣᠮᠧᠲᠷ ᠪᠠᠶᠢᠵᠤ᠂ ᠵᠡᠷᠭᠡ ᠳᠤ ᠨᠢ 113.522 ᠺᠢᠯᠣᠮᠧᠲᠷ ᠲᠤᠰᠯᠠᠬᠤ ᠵᠠᠮ ᠢ ᠳᠡᠪᠢᠰᠪᠡ᠃ ᠲᠣᠰ ᠪᠠᠷᠢᠯᠭ᠎ᠠ ᠨᠢ ᠨᠢᠭᠡᠨᠲᠡ ᠪᠠᠶᠢᠭ᠎ᠠ ᠨᠢᠭᠡᠳᠦᠭᠡᠷ ᠵᠡᠷᠭᠡᠯᠡᠯ ᠤᠨ ᠵᠠᠰᠠᠮᠠᠯ ᠵᠠᠮ ᠢ ᠠᠰᠢᠭᠯᠠᠨ ᠳᠡᠭᠡᠳᠦ ᠬᠤᠷᠳᠤ ᠶᠢᠨ ᠵᠠᠰᠠᠮᠠᠯ ᠵᠠᠮ ᠢ ᠥᠭᠡᠷᠡᠴᠢᠯᠡᠨ ᠪᠠᠶᠢᠭᠤᠯᠵᠤ᠂ ᠥᠭᠡᠷᠡᠴᠢᠯᠡᠨ ᠪᠠᠶᠢᠭᠤᠯᠬᠤ ᠶᠠᠪᠤᠴᠠ ᠳᠤ ᠪᠠᠷᠤᠭᠰᠢᠨ ᠵᠠᠮ ᠤᠨ ᠶᠡᠭᠡ ᠬᠡᠮᠵᠢᠶᠡᠨ ᠤ ᠬᠠᠶᠠᠭᠳᠠᠮᠠᠯ ᠪᠤᠳᠠᠰ ᠡᠭᠦᠰᠵᠦ᠂ ᠡᠭᠦᠨ ᠳᠤ ᠥᠪᠥᠷ ᠮᠤᠩᠭᠤᠯ ᠤᠨ ᠵᠠᠮ ᠬᠥᠭᠦᠷᠭᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠳᠠᠭᠠᠭᠠᠴᠢᠯᠠᠭᠰᠠᠨ ᠬᠡᠰᠡᠭ ︵ᠭᠤᠤᠯ ᠱᠤᠭᠤᠮ ᠨᠢ 66.221 ᠺᠢᠯᠣᠮᠧᠲᠷ᠂ ᠲᠤᠰᠠᠯᠠᠬᠤ ᠵᠠᠮ 72 ᠺᠢᠯᠣᠮᠧᠲᠷ︶ ᠨᠢ ᠪᠠᠷᠤᠭ 32 ᠲᠦᠮᠡᠨ ᠲᠣᠨ ᠡᠭᠦᠰᠭᠡᠨ᠎ᠡ᠃ ᠦᠨᠳᠦᠷ RAP ᠬᠡᠮᠵᠢᠶ᠎ᠡ ᠬᠤᠯᠢᠴᠠ ᠶᠢᠨ ᠦᠢᠯᠡᠳᠪᠦᠷᠢ ᠶᠢᠨ ᠡᠩ ᠤᠨ ᠳᠤᠯᠠᠭᠠᠨ ᠣᠷᠤᠭᠤᠯᠵᠤ ᠳᠠᠬᠢᠨ ᠰᠡᠷᠭᠦᠭᠡᠬᠦ ᠪᠠᠷᠤᠭᠰᠢᠨ ᠵᠠᠮ ᠤᠨ ᠭᠠᠳᠠᠷᠭᠤ ᠶᠢᠨ ᠮᠡᠷᠭᠡᠵᠢᠯ ᠨᠢ ᠳᠠᠬᠢᠨ ᠰᠡᠷᠭᠦᠭᠡᠬᠦ ᠳᠤᠯᠠᠭᠠᠨ ᠤ ᠬᠡᠮᠵᠢᠶ᠎ᠡ ᠨᠢ ᠳᠣᠤᠷ᠎ᠠ᠂ ᠬᠠᠭᠤᠴᠢᠨ ᠮᠠᠲ᠋ᠧᠷᠢᠶᠠᠯ ᠤᠨ ᠬᠤᠯᠢᠴᠠ ᠨᠢ ᠶᠡᠭᠡ ᠵᠡᠷᠭᠡ ᠳᠠᠪᠠᠭᠤᠯᠢᠭ ᠲᠠᠯ᠎ᠠ ᠲᠠᠢ ᠪᠠᠶᠢᠵᠤ᠂ ᠡᠷᠢᠶᠡᠨ ᠰᠠᠶᠢᠬᠠᠨᠲᠠᠯ᠎ᠠ ᠶᠢᠨ ᠰᠤᠭᠤᠮ ᠤᠨ ᠡᠪᠦᠯ ᠤᠨ ᠤᠯᠠᠷᠢᠯ ᠣᠷᠳᠣ᠂ ᠵᠣᠨ ᠤ ᠤᠯᠠᠷᠢᠯ ᠣᠬᠤᠷ᠂ ᠪᠠᠷᠢᠯᠭ᠎ᠠ ᠶᠢᠨ ᠠᠵᠢᠯ ᠤᠨ ᠬᠤᠭᠤᠴᠠᠭ᠎ᠠ ᠨᠢ ᠣᠬᠤᠷ᠂ ᠪᠠᠷᠢᠯᠭ᠎ᠠ ᠶᠢᠨ ᠠᠵᠢᠯ ᠤᠨ ᠠᠭᠠᠷ ᠤᠨ ᠳᠤᠯᠠᠭᠠᠨ ᠨᠢ ᠳᠣᠤᠷ᠎ᠠ ᠣᠨᠴᠠᠯᠢᠭ ᠢ ᠪᠦᠲᠦᠮᠵᠢᠲᠡᠢ ᠬᠠᠩᠭᠠᠵᠤ᠂ ᠳᠠᠬᠢᠨ ᠰᠡᠷᠭᠦᠬᠦ ᠵᠠᠮ ᠤᠨ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠣᠷᠴᠢᠨ ᠲᠣᠭᠤᠷᠢᠨ ᠤ ᠦᠷ᠎ᠡ ᠠᠰᠢᠭ ᠢ ᠶᠡᠭᠡ ᠪᠠᠷ ᠳᠡᠭᠡᠭᠰᠢᠯᠡᠭᠦᠯᠵᠦ ᠴᠢᠳᠠᠨ᠎ᠠ᠃      ᠲᠣᠰ ᠤᠳᠠᠭᠠᠨ ᠤ ᠰᠣᠯᠢᠯᠴᠠᠵᠤ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠭᠰᠠᠳ ᠣᠨᠣᠯ ᠪᠠ ᠪᠠᠷᠢᠯᠭ᠎ᠠ ᠶᠢᠨ ᠦᠢᠯᠡᠳᠦᠯᠭᠡ ᠶᠢᠨ ᠲᠠᠯ᠎ᠠ ᠠᠴᠠ ᠤᠯᠤᠰ ᠤᠨ ᠳᠣᠲᠣᠭᠠᠳᠤ ᠳᠤ ᠦᠷᠭᠦᠯᠵᠢ ᠬᠡᠷᠡᠭᠯᠡᠳᠡᠭ ᠬᠡᠳᠦᠨ ᠵᠤᠶᠢᠯ ᠤᠨ ᠪᠠᠷᠤᠭᠰᠢᠨ ᠵᠠᠮ ᠤᠨ ᠭᠠᠳᠠᠷᠭᠤ ᠶᠢᠨ ᠳᠠᠬᠢᠨ ᠰᠡᠷᠭᠦᠭᠡᠬᠦ ᠮᠡᠷᠭᠡᠵᠢᠯ ᠤᠨ ᠲᠥᠷᠥᠯ ᠬᠡᠯᠪᠡᠷᠢ ᠪᠠ ᠣᠨᠴᠠᠯᠢᠭ ᠢ ᠤᠯᠠᠮ ᠨᠢᠭᠡ ᠠᠯᠬᠤᠮ ᠣᠶᠢᠯᠠᠭᠠᠭᠰᠠᠨ ᠤ ᠬᠠᠮᠲᠤ ᠦᠢᠯᠡᠳᠪᠦᠷᠢ ᠶᠢᠨ ᠳᠠᠬᠢᠨ ᠰᠡᠷᠭᠦᠬᠦ ᠪᠠᠷᠤᠭᠰᠢᠨ ᠵᠠᠮ ᠤᠨ ᠭᠠᠳᠠᠷᠭᠤ ᠶᠢᠨ ᠪᠠᠷᠢᠯᠭ᠎ᠠ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠰᠦᠪᠡᠭᠴᠢᠯᠡᠵᠡᠢ ᠃ ᠡᠭᠦᠨ ᠤ ᠵᠡᠷᠭᠡᠴᠡᠭᠡ ᠪᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠭᠠᠭᠴᠠ ᠬᠦ ᠦᠢᠯᠡᠳᠪᠦᠷᠢᠯᠡᠯ ᠤᠨ ᠬᠦᠴᠦᠨ ᠪᠤᠯᠭᠠᠨ ᠤᠯᠠᠷᠢᠭᠤᠯᠪᠠᠯ ᠰᠠᠶ᠋ᠢ ᠪᠠᠶᠢᠪᠠᠰᠤ ᠵᠣᠬᠢᠬᠤ ᠤᠢᠷᠳᠡᠭ ᠢ ᠨᠢ ᠪᠡᠶᠡᠯᠡᠭᠦᠯᠵᠦ ᠴᠢᠳᠠᠨ᠎ᠠ ᠭᠡᠳᠡᠭ ᠢ ᠭᠦᠨᠵᠡᠭᠡᠶ ᠲᠠᠨᠢᠵᠤ ᠣᠯᠵᠠᠶ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ ᠴᠠᠷᠠᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠥᠷᠭᠡᠨ ᠣᠯᠠᠨ ᠠᠵᠢᠯᠲᠡᠨ ᠠᠴᠠ ᠮᠠᠨ ᠤ ᠣᠷᠣᠨ ᠤ ᠵᠠᠮ ᠬᠠᠷᠢᠯᠴᠠᠭᠠᠨ ᠤ ᠬᠦᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠵᠠᠮ ᠬᠠᠷᠢᠯᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠳᠤ ᠰᠢᠨ᠎ᠡ ᠶᠢ ᠡᠭᠦᠳᠬᠦ ᠶᠠᠪᠤᠴᠠ ᠳᠠᠬᠢ ᠬᠦᠨᠳᠦ ᠪᠡᠷᠬᠡ ᠠᠰᠠᠭᠤᠳᠠᠯ ᠳᠤ ᠰᠠᠭᠤᠷᠢᠯᠠᠵᠤ᠂ ᠰᠠᠭᠤᠷᠶ ᠶᠢᠨ ᠴᠢᠨᠠᠷᠲᠠᠶ᠂ ᠰᠢᠨ᠎ᠡ ᠶᠢ ᠡᠭᠦᠳᠬᠦ ᠴᠢᠨᠠᠷᠲᠠᠶ ᠰᠤᠳᠤᠯᠤᠨ ᠬᠦᠭᠵᠢᠭᠦᠯᠬᠦ ᠠᠵᠢᠯ ᠢ ᠦᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠢᠳᠡᠪᠬᠢᠲᠡᠶ ᠪᠠᠷ ᠰᠠᠨᠠᠭᠠᠴᠢᠯᠠᠭ᠎ᠠ ᠠᠴᠠ ᠪᠠᠨ ᠠᠬᠢᠭᠤᠯᠵᠤ ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠲᠦᠷᠭᠡᠳᠬᠡᠬᠦ ᠳᠤ ᠵᠢᠱᠢᠶ᠎ᠡ ᠦᠵᠡᠭᠦᠯᠬᠦ ᠦᠢᠯᠡᠳᠦᠯ ᠦᠵᠡᠭᠦᠯᠬᠦ ᠶᠢ ᠬᠦᠰᠡᠵᠦ ᠪᠠᠶᠢᠨ᠎ᠠ᠃    
 
ᠢᠷᠡᠯᠲᠡ᠄ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号