ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 71 ᠵᠢᠯ ᠤᠨ ᠤᠢ ᠶᠢ ᠪᠡᠯᠭᠡᠯᠡᠬᠦ ᠲᠤᠬᠠᠶ ᠤᠯᠤᠰ ᠤᠨ ᠲᠤᠬ ᠢ ᠡᠯᠭᠦᠬᠦ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2020/10/19
     ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 71 ᠵᠢᠯ ᠤᠨ ᠣᠶ ᠪᠣᠯᠤᠨ᠎ᠠ᠂ ᠬᠥᠷ ᠬᠦᠭᠵᠢᠶᠡᠨᠲᠦ᠂ ᠪᠠᠶᠠᠰᠬᠤᠯᠠᠩᠲᠤ᠂ ᠪᠦᠯᠬᠦᠮᠳᠡᠯᠲᠦ᠂ ᠥᠭᠡᠳᠡᠯᠡᠨ ᠳᠠᠪᠰᠢᠬᠤ ᠪᠠᠶᠠᠷ ᠤᠨ ᠡᠳᠦᠷ  ᠤᠨ ᠠᠭᠤᠷ ᠠᠮᠢᠰᠬᠤᠯ ᠢ ᠪᠤᠢ ᠪᠣᠯᠭᠠᠵᠤ᠂ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠤᠯᠤᠰ ᠤᠨ ᠲᠤᠭ ᠤᠨ ᠤᠬᠠᠮᠰᠠᠷ ᠪᠣᠯᠤᠨ ᠤᠯᠤᠰ ᠢᠶᠠᠨ ᠪᠣᠳᠤᠯᠬᠢᠯᠠᠬᠤ ᠦᠵᠡᠯᠲᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠠᠤᠭ᠎ᠠ ᠰᠡᠳᠬᠢᠯᠭᠡ ᠡᠷᠡᠯᠬᠡᠭ ᠵᠣᠷᠢᠭ ᠢ ᠬᠥᠭᠵᠢᠭᠡᠵᠦ᠂ ᠤᠯᠤᠰ ᠤᠨ ᠪᠠᠶᠠᠷ ᠪᠣᠯᠬᠤ ᠲᠠᠰᠢᠷᠠᠮ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠣᠯᠤᠨ ᠣᠶᠤᠨ ᠤ ᠪᠣᠯᠪᠠᠰᠤᠨ ᠤ ᠠᠯᠪᠠᠨ ᠬᠡᠷ ᠠᠴᠠ ᠨᠡᠶᠢᠭᠡᠮ ᠤᠨ ᠡᠯ᠎ᠡ ᠡᠲᠡᠭᠡᠳ ᠲᠤ ᠲᠥᠪ ᠴᠢᠩᠭ᠎ᠠ ᠪᠠᠷ ᠰᠠᠨᠠᠭᠠᠴᠢᠯᠠᠪᠠ᠂ ᠡᠭᠦᠨ ᠳᠤ ᠲᠣᠣᠷᠠᠬᠢ ᠮᠡᠲᠦ᠄      ᠨᠢᠭᠡ᠂ ᠤᠯᠤᠰ ᠤᠨ ᠲᠤᠬ ᠪᠣᠯ ᠤᠯᠤᠰ ᠤᠨ ᠲᠦᠷᠢ ᠲᠥᠷᠬᠦ ᠪᠠ ᠲᠡᠮᠳᠡᠭ ᠮᠥᠨ᠂ ᠤᠯᠤᠰ ᠣᠷᠣᠨ ᠤ ᠡᠷᠬᠡ ᠮᠡᠳᠡᠯ ᠪᠠ ᠨᠡᠷ᠎ᠡ ᠬᠦᠨᠳᠦ ᠶᠢ ᠢᠯᠡᠷᠡᠭᠦᠯᠵᠦ᠂ ᠤᠯᠤᠰ ᠤᠨ ᠲᠤᠭ ᠢ ᠬᠠᠶᠢᠷᠠᠯᠠᠬᠤ ᠨᠢ ᠡᠬᠡ ᠣᠷᠣᠨ ᠢᠶᠠᠨ ᠬᠠᠶᠢᠷᠠᠯᠠᠬᠤ ᠶᠠᠪᠤᠳᠠᠯ ᠪᠣᠯᠤᠨ᠎ᠠ᠃ ᠡᠯ᠎ᠡ ᠱᠠᠲᠤᠨ ᠤ ᠨᠠᠮ ᠵᠠᠰᠠᠭ ᠴᠡᠷᠢᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠰᠢᠶᠠᠩ ᠪᠠᠯᠭᠠᠰᠤ ᠰᠤᠮᠤ᠂ ᠰᠤᠷᠭᠠᠭᠤᠯᠢ ᠴᠡᠴᠡᠷᠯᠢᠭ ᠤᠨ ᠭᠠᠵᠠᠷ᠂ ᠰᠠᠭᠤᠭᠠᠯᠢ ᠠᠷᠠᠳ ᠤᠨ ᠲᠣᠭᠤᠷᠢᠭ᠂ ᠵᠡᠭᠡᠯᠢ ᠳᠠᠭᠠᠤ ᠳᠡᠯᠭᠡᠭᠦᠷ ᠵᠡᠷᠭᠡ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ᠶᠢᠨ ᠲᠣᠭᠲᠠᠭᠠᠯ ᠶᠣᠰᠤᠭᠠᠷ᠂ ᠪᠣᠳᠠᠲᠤ ᠠᠵᠢᠯᠯᠠᠭ᠎ᠠ ᠪᠠᠷ ᠢᠶᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 71 ᠵᠢᠯ ᠤᠨ ᠣᠶ ᠶᠢ ᠪᠡᠯᠭᠡᠯᠡᠵᠦ᠂ ᠠᠰᠢᠭᠲᠠᠶ ᠨᠥᠬᠦᠴᠡᠯ ᠢ ᠭᠦᠢᠴᠡᠳ ᠠᠰᠢᠭᠯᠠᠨ᠂ ᠤᠯᠤᠰ ᠤᠨ ᠲᠤᠭ ᠢ ᠢᠳᠡᠪᠬᠢᠲᠡᠶ ᠪᠠᠷ ᠡᠯᠭᠦᠵᠦ᠂ ᠬᠠᠮᠤᠭ ᠤᠨ ᠦᠨᠡᠨᠴᠢ ᠰᠡᠳᠬᠢᠯᠭᠡ ᠪᠠ ᠬᠠᠮᠤᠭ ᠤᠨ ᠢᠳᠡᠪᠬᠢᠲᠡᠶ ᠠᠵᠢᠯᠯᠠᠭ᠎ᠠ ᠪᠠᠷ ᠡᠬᠡ ᠣᠷᠣᠨ ᠢᠶᠠᠨ ᠬᠠᠶᠢᠷᠠᠯᠠᠬᠤ᠂ ᠤᠯᠤᠰ ᠤᠨ ᠲᠤᠬ ᠢ ᠬᠦᠨᠳᠦᠳᠬᠡᠬᠦ ᠪᠠᠨ ᠢᠯᠡᠳᠬᠡᠨ᠎ᠡ᠃      ᠬᠤᠶᠠᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾  ᠶᠢᠨ ᠲᠣᠭᠲᠠᠭᠠᠯ ᠢ ᠦᠨᠳᠦᠰᠦᠯᠡᠪᠡᠯ᠂ ᠡᠷᠬᠡᠪᠰᠢ ᠬᠠᠤᠯᠢ ᠶᠣᠰᠣᠭᠠᠷ ᠤᠯᠤᠰ ᠤᠨ ᠲᠤᠬ ᠢ ᠬᠡᠷᠡᠭᠯᠡᠵᠦ᠂ ᠤᠯᠤᠰ ᠤᠨ ᠲᠤᠬ ᠤᠨ ᠪᠠᠶᠢᠷᠢ ᠶᠢ ᠪᠤᠰᠤᠳ ᠲᠤᠬ ᠠᠴᠠ ᠳᠣᠤᠷ᠎ᠠ ᠪᠠᠶᠢᠯᠭᠠᠵᠤ ᠪᠣᠯᠬᠤ ᠤᠢᠭᠡᠢ᠂ ᠪᠤᠰᠤᠳ ᠡᠳ᠋ ᠪᠣᠳᠠᠰ ᠲᠤ ᠬᠠᠯᠬᠠᠯᠠᠭᠳᠠᠬᠤ ᠦᠭᠡᠢ᠂ ᠰᠣᠯᠢᠪᠴᠢᠨ ᠡᠯᠭᠦᠬᠦ ᠦᠭᠡᠢ᠂ ᠪᠣᠰᠤᠭ᠎ᠠ ᠡᠯᠭᠦᠬᠦ ᠦᠭᠡᠢ ᠪᠤᠶᠤ ᠲᠣᠩᠭᠤᠷᠠᠤ ᠡᠯᠭᠦᠬᠦ ᠦᠭᠡᠢ᠂ ᠤᠯᠤᠰ ᠤᠨ ᠲᠤᠭ ᠢ ᠪᠤᠰᠤᠳ ᠲᠤᠭ ᠲᠠᠢ ᠰᠣᠯᠪᠢᠴᠠᠭᠤᠯᠬᠤ ᠦᠭᠡᠢ᠂ ᠡᠪᠳᠡᠷᠡᠭᠰᠡᠨ᠂ ᠭᠬᠢᠷᠲᠦᠭᠰᠡᠨ᠂ ᠦᠡᠭᠭᠡ ᠨᠢ ᠤᠨᠠᠭᠰᠠᠨ ᠪᠤᠶᠤ ᠬᠡᠪ ᠪᠠᠷᠢᠮᠵᠢᠶ᠎ᠠ ᠳᠤ ᠨᠡᠶᠢᠴᠡᠬᠦ ᠦᠭᠡᠢ ᠤᠯᠤᠰ ᠤᠨ ᠲᠤᠬ ᠢ ᠡᠯᠭᠦᠬᠦ ᠪᠤᠶᠤ ᠬᠡᠷᠡᠭᠯᠡᠬᠦ ᠦᠭᠡᠢ᠂ ᠤᠯᠤᠰ ᠤᠨ ᠲᠤᠬ ᠢ ᠭᠠᠵᠠᠷ ᠲᠤ ᠪᠠᠭᠤᠯᠭᠠᠬᠤ ᠦᠭᠡᠢ᠃      ᠭᠤᠷᠪᠠ᠂ ᠨᠡᠶᠢᠭᠡᠮ ᠤᠨ ᠡᠯ᠎ᠡ ᠡᠲᠡᠭᠡᠳ ᠤᠨ ᠬᠢᠨ ᠢᠳᠡᠪᠬᠢᠲᠡᠢ ᠬᠥᠳᠡᠯᠦᠯᠴᠡᠵᠦ᠂ ᠤᠯᠤᠰ ᠤᠨ ᠲᠤᠭ ᠢ ᠡᠯᠭᠦᠬᠦ ᠪᠠᠷ ᠳᠠᠮᠵᠢᠭᠤᠯᠤᠨ᠂ ᠠᠭᠤᠤ ᠶᠡᠭᠡ ᠡᠬᠡ ᠤᠯᠤᠰ ᠲᠤ ᠪᠠᠨ ᠴᠢᠩ ᠰᠡᠳᠬᠢᠯ ᠤᠨ ᠵᠥᠩᠨᠡᠯ ᠢᠶᠠᠨ ᠢᠯᠡᠳᠬᠡᠵᠦ᠂ ᠪᠦᠬᠦ ᠣᠷᠣᠨ ᠤ 2500 ᠲᠦᠮᠡᠨ ᠡᠯ᠎ᠡ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠡᠬᠡ ᠣᠷᠣᠨ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠴᠤᠭ ᠵᠢᠪᠬᠤᠭᠠᠯᠢᠭ ᠳᠦᠷᠰᠦ ᠪᠠᠶᠢᠳᠠᠯ ᠢ ᠢᠯᠡᠷᠡᠭᠦᠯᠵᠦ᠂ ᠲᠠᠪᠤᠨ ᠣᠳᠣᠲᠤ ᠤᠯᠠᠭᠠᠨ ᠲᠤᠭ ᠢ ᠥᠪᠥᠷ ᠮᠣᠩᠭᠤᠯ ᠤᠨ ᠡᠬᠡ ᠭᠠᠵᠠᠷ ᠲᠤ ᠨᠠᠮᠢᠷᠠᠭᠤᠯᠵᠤ᠂ ᠪᠣᠯᠪᠠᠰᠤᠨ ᠤ ᠴᠡᠴᠡᠭ ᠢ ᠥᠪᠥᠷ ᠮᠣᠩᠭᠤᠯ ᠤᠨ ᠥᠨᠴᠥᠭ ᠪᠤᠯᠤᠩ ᠪᠣᠯᠭᠠᠨ ᠳᠤ ᠳᠡᠯᠭᠡᠷᠡᠭᠦᠯᠦᠨ᠎ᠡ᠃                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠤ ᠠᠯᠪᠠᠨ ᠭᠡᠷ                  2020 ᠣᠨ ᠤ 9 ᠳ᠋ᠦ᠋ᠭᠡᠷ ᠰᠠᠷ᠎ᠠ ᠶᠢᠨ 21 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号