9 ᠳ᠋ᠦ᠋ᠭᠡᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ | ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠠᠴᠠ ᠣᠨᠣᠯ ᠤᠨ ᠰᠤᠷᠤᠯᠴᠠᠯᠭ᠎ᠠ ᠶᠢᠨ ᠭᠤᠤᠯ | ᠳᠤᠭᠤᠶᠢᠯᠠᠩ ᠤᠨ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠤᠨ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠰᠢ ᠶᠢᠨ ᠫᠢᠩ ᠠᠴᠠ ᠤᠯᠤᠰ ᠢ ᠵᠠᠰᠠᠵᠤ ᠵᠠᠰᠠᠭ | ᠢ ᠡᠷᠬᠢᠯᠡᠬᠦ ᠲᠤᠬᠠᠶ ᠶᠠᠷᠢᠯᠴᠠᠬᠤ ︵ᠭᠤᠷᠪᠠᠳᠤᠭᠠᠷ ᠪᠣᠳᠢ︶︾ ᠶᠢ ᠬᠢᠨᠠᠮᠠᠭᠠᠢ ᠰᠤᠷᠤᠯᠴᠠᠵᠤ᠂ ᠶᠡᠷᠦᠩᠬᠡᠶ ᠱᠦᠵᠢ | ᠰᠢ ᠶᠢᠨ ᠫᠢᠩ ᠤᠨ ᠪᠥᠬᠦ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠡᠰᠡᠷᠭᠦᠴᠡᠭᠰᠡᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶ᠎ᠠ ᠪᠠ ᠳᠤᠮᠳᠠᠳᠤ ᠤᠯᠤᠰ ᠤᠨ ᠠᠷᠠᠳ | ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠵᠢᠴᠢ ᠳᠡᠯᠡᠬᠡᠶ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠤᠭᠰᠠᠨ | 75 ᠵᠢᠯ ᠤᠨ ᠣᠢ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ ᠪᠠ ᠰᠢᠨᠵᠢᠯᠡᠬᠦ ᠤᠬᠠᠭᠠᠨᠲᠠᠳ ᠤᠨ | ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠡᠷᠭᠡ ᠶᠢ ᠰᠤᠷᠤᠯᠴᠠᠨ᠂ ᠬᠤᠪᠢ ᠬᠥᠮᠦᠨ ᠥᠪᠡᠰᠦᠪᠡᠨ | ᠰᠤᠷᠤᠯᠴᠠᠬᠤ᠂ ᠬᠠᠮᠲᠤ ᠪᠠᠷ ᠰᠤᠳᠤᠯᠤᠨ ᠤᠩᠰᠢᠬᠤ ᠪᠠ ᠰᠣᠯᠢᠯᠴᠠᠨ ᠶᠠᠷᠢᠯᠴᠠᠬᠤ ᠶᠢ ᠤᠶᠠᠯᠳᠤᠭᠤᠯᠬᠤ ᠠᠷᠭ᠎ᠠ | ᠮᠠᠶ᠋ᠢᠭ ᠢ ᠰᠤᠷᠤᠯᠴᠠᠨ᠂ ᠲᠢᠩᠬᠢᠮ ᠤᠨ ᠤᠳᠤᠷᠢᠳᠤᠯᠭ᠎ᠠ᠂ ᠲᠢᠩᠬᠢᠮ ᠤᠨ ᠪᠠᠶᠢᠭᠤᠯᠤᠯᠭ᠎ᠠ ᠶᠢᠨ ᠡᠯ᠎ᠡ ᠭᠠᠵᠠᠷ ᠲᠠᠰᠤᠭ᠂ | ᠲᠢᠩᠬᠢᠮ ᠤᠨ ᠰᠢᠭᠤᠳ ᠬᠠᠷᠢᠶ᠎ᠠ ᠨᠢᠭᠡᠴᠢ ᠶᠢᠨ ᠭᠤᠤᠯ ᠬᠠᠷᠢᠭᠤᠴᠠᠯᠭᠠᠲᠠᠳ ᠠᠴᠠ ᠬᠤᠷᠠᠯ ᠳᠤ ᠣᠷᠣᠯᠴᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠠᠴᠠ ᠶᠠᠫᠣᠨ ᠢ ᠡᠰᠡᠷᠭᠦᠴᠡᠬᠦ | ᠳᠠᠶᠢᠨ ᠵᠢᠴᠢ ᠳᠡᠯᠡᠬᠡᠶ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠤᠭᠰᠠᠨ 75 ᠵᠢᠯ ᠤᠨ ᠤᠢ ᠶᠢ | ᠳᠤᠷᠠᠰᠬᠠᠬᠤ ᠶᠠᠷᠢᠯᠴᠠᠬᠤ ᠬᠤᠷᠠᠯ ᠪᠣᠯᠤᠨ ᠪᠦᠬᠦ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠡᠰᠡᠷᠭᠦᠴᠡᠭᠰᠡᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ᠂ ᠳᠤᠮᠳᠠᠳᠤ | ᠤᠯᠤᠰ ᠠᠴᠠ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠪᠣᠯᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ | ᠤᠨ ᠬᠢᠵᠢᠭ ᠢ ᠡᠰᠡᠷᠭᠦᠴᠡᠬᠦ ᠲᠡᠮᠡᠴᠡᠯ ᠳᠤᠮᠳᠠᠬᠢ ᠲᠤᠷᠰᠢᠯᠭ᠎ᠠ ᠰᠤᠷᠭᠠᠮᠵᠢ ᠵᠢᠴᠢ ᠰᠡᠩᠬᠡᠷᠡᠭᠦᠯᠦᠯ ᠢ ᠰᠢᠰᠲ᠋ᠧᠮ ᠲᠠᠢ | ᠪᠠᠷ ᠳ᠋ᠦᠩᠨᠡᠵᠦ᠂ ᠶᠠᠫᠣᠨ ᠢ ᠡᠰᠡᠷᠭᠦᠴᠡᠬᠦ ᠳᠠᠶᠢᠨ ᠪᠣᠯᠣᠨ ᠬᠢᠵᠢᠭ ᠢ ᠡᠰᠡᠷᠭᠦᠴᠡᠬᠦ ᠠᠭᠤᠤ ᠶᠡᠭᠡ ᠵᠣᠷᠢᠭ ᠰᠠᠨᠠᠭ᠎ᠠ ᠶᠢ | ᠭᠦᠨᠵᠡᠭᠡᠶ ᠲᠣᠳᠣᠷᠬᠠᠶᠢᠯᠠᠨ ᠥᠭᠦᠯᠡᠵᠦ᠂ ᠰᠠᠨᠠᠭ᠎ᠠ ᠠᠯᠤᠰ ᠬᠤᠯᠠ᠂ ᠠᠭᠤᠯᠬᠤᠨ ᠡᠯᠪᠡᠭ ᠪᠠᠶᠠᠯᠢᠭ ᠪᠠᠶᠢᠪᠠ᠃ ᠡᠯ᠎ᠡ | ᠨᠢᠭᠡᠴᠢ ᠡᠯ᠎ᠡ ᠰᠠᠯᠠᠭ᠎ᠠ ᠮᠥᠴᠢᠷ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ | ᠪᠠᠨ ᠵᠢᠯᠣᠭᠤᠳᠴᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠨ᠂ ᠤᠯᠤᠰ ᠤᠨ ᠭᠠᠪᠢᠶᠠᠨ ᠲᠡᠮᠳᠡᠭ ᠪᠠ ᠤᠯᠤᠰ ᠤᠨ | ᠢᠷᠠᠭᠤ ᠠᠯᠳᠠᠷ ᠤᠨ ᠴᠣᠯᠠ ᠬᠦᠷᠲᠡᠭᠴᠢ ᠠᠴᠠ ᠢᠳᠡᠪᠬᠢᠲᠡᠢ ᠰᠤᠷᠤᠯᠴᠠᠵᠤ᠂ ᠨᠠᠮ ᠤᠨ ᠲᠡᠤᠬᠡ᠂ ᠰᠢᠨ᠎ᠡ ᠳᠤᠮᠳᠠᠳᠤ | ᠤᠯᠤᠰ ᠤᠨ ᠲᠡᠤᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠤᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠤᠬᠡ | ᠶᠢᠨ ᠲᠤᠰᠬᠠᠶ ᠰᠡᠳᠦᠪᠲᠦ ᠬᠥᠮᠦᠵᠢᠯ ᠢ ᠤᠯᠠᠮ ᠨᠢᠭᠡ ᠠᠯᠬᠤᠮ ᠥᠷᠨᠢᠭᠦᠯᠵᠦ᠂ ᠲᠢᠩᠬᠢᠮ ᠤᠨ ᠰᠢᠭᠤᠳ ᠬᠠᠷᠢᠶ᠎ᠠ | ᠨᠢᠭᠡᠴᠢ ᠳᠤ ᠪᠠᠭᠠᠲᠤᠷᠴᠤᠳ ᠢ ᠪᠢᠰᠢᠷᠡᠬᠦ᠂ ᠪᠠᠭᠠᠲᠤᠷᠴᠤᠳ ᠠᠴᠠ ᠰᠤᠷᠤᠯᠴᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠣᠢ ᠪᠣᠯᠭᠠᠨ᠂ ᠪᠣᠳᠠᠲᠤ ᠠᠵᠢᠯᠯᠠᠭ᠎ᠠ ᠪᠠᠷ ᠢᠶᠠᠨ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ | ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ | ᠵᠡᠭᠦᠳᠦ ᠶᠢ ᠲᠡᠷᠭᠡᠯᠰᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ | ᠪᠠ ︽13.5︾ ᠶᠢᠨ ᠲᠥᠯᠦᠪᠵᠢᠭᠦᠯᠭᠡ ᠶᠢᠨ ᠲᠡᠭᠦᠰᠬᠡᠯ ᠤᠨ ᠵᠢᠯ ᠮᠦᠨ᠂ ᠡᠯ᠎ᠡ ᠨᠢᠭᠡᠴᠢ ᠡᠯ᠎ᠡ ᠰᠠᠯᠠᠭ᠎ᠠ ᠮᠥᠴᠢᠷ | ᠠᠴᠠ ︽14.5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ ᠮᠠᠨ ᠤ ᠤᠯᠤᠰ ᠰᠢᠨ᠎ᠡ ᠬᠥᠭᠵᠢᠯᠲᠡ ᠶᠢᠨ | ᠱᠠᠲᠤᠨ ᠳᠤ ᠤᠷᠤᠭᠰᠠᠨ ᠤ ᠳᠠᠷᠠᠭ᠎ᠠ ᠲᠤᠯᠭᠠᠷᠠᠵᠤ ᠮᠡᠳᠡᠬᠦ ᠠᠯᠢ ᠣᠯᠠᠨ ᠰᠢᠨ᠎ᠡ ᠠᠵᠠ ᠲᠣᠬᠢᠶᠠᠯ ᠰᠢᠨ᠎ᠡ | ᠥᠷᠢᠰᠥᠯᠳᠦᠭᠡᠨ ᠢ ᠭᠦᠨᠵᠡᠭᠡᠶ ᠲᠠᠨᠢᠵᠤ᠂ ︽ᠠᠷᠠᠳ ᠲᠦᠮᠡᠨ ᠢ ᠳᠡᠭᠡᠳᠦᠯᠡᠬᠦ︾ ᠬᠥᠭᠵᠢᠯᠲᠡ ᠶᠢᠨ | ᠣᠶᠢᠯᠠᠭᠠᠭᠳᠠᠬᠤᠨ ᠢ ᠰᠠᠶᠢᠲᠤᠷ ᠨᠠᠢᠳᠠᠪᠤᠷᠢᠵᠢᠭᠤᠯᠬᠤ᠂ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠬᠦ ᠪᠠ ᠲᠡᠭᠡᠭᠡᠪᠦᠷᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢ ︽ | 14.5︾ ᠶᠢᠨ ᠲᠥᠯᠦᠪᠵᠢᠭᠦᠯᠭᠡ ᠶᠢᠨ ᠬᠥᠭᠵᠢᠯᠲᠡ ᠶᠢᠨ ᠴᠢᠬᠤᠯᠠ ᠴᠢᠭᠯᠡᠯ ᠪᠣᠯᠭᠠᠵᠤ᠂ ᠰᠢᠨᠵᠢᠯᠡᠭᠡ ᠮᠡᠷᠭᠡᠵᠢᠯ ᠤᠨ | ᠰᠢᠨ᠎ᠡ ᠶᠢ ᠡᠭᠦᠳᠬᠦ ᠶᠢ ᠠᠬᠢᠭᠤᠯᠬᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠨ᠂ ᠮᠠᠨ ᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠢᠷᠡᠭᠡᠳᠦᠶ ᠶᠢᠨ ᠬᠥᠭᠵᠢᠯᠲᠡ ᠶᠢᠨ ᠬᠠᠷᠠᠯᠲᠠ ᠪᠣᠯᠤᠨ ᠬᠥᠭᠵᠢᠯᠲᠡ ᠶᠢᠨ ᠠᠷᠭ᠎ᠠ ᠵᠠᠮ | ᠢ ᠲᠥᠯᠥᠪᠵᠢᠭᠦᠯᠵᠦ᠂ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠴᠢᠨᠠᠷᠯᠢᠭ ᠬᠥᠭᠵᠢᠯᠲᠡ ᠶᠢ | ᠠᠬᠢᠭᠤᠯᠬᠤ ᠬᠡᠷᠡᠭᠲᠡᠢ᠃ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ | ︾ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠶᠢ ᠴᠢᠩᠭᠠᠳᠬᠠᠵᠤ᠂ ︽ | ︿ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠭᠤᠤᠯ ᠰᠡᠳᠦᠪᠲᠦ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠲᠤᠬᠠᠶ ᠰᠠᠨᠠᠯ︾ ᠢ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠰᠤᠷᠤᠯᠴᠠᠬᠤ ᠠᠭᠤᠯᠭ᠎ᠠ ᠳᠤ ᠣᠷᠣᠭᠤᠯᠵᠤ᠂ ᠥᠷᠭᠡᠨ ᠣᠯᠠᠨ ᠨᠠᠮ ᠤᠨ | ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠲᠤᠰᠬᠠᠶ ᠰᠡᠳᠦᠪᠲᠦ ᠰᠤᠷᠤᠯᠴᠠᠯᠭ᠎ᠠ ᠦᠷᠨᠢᠭᠦᠯᠦᠨ ︽ᠰᠠᠨᠠᠯ︾ ᠤᠨ | ᠵᠣᠷᠢᠭ ᠰᠠᠨᠠᠭᠠᠨ ᠤ ᠮᠥᠨ ᠴᠢᠨᠠᠷ ᠪᠠ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠶᠢᠯᠠᠭᠠᠵᠤ᠂ ︽ᠣᠭ | ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ | ᠤᠨ ᠡᠯ᠎ᠡ ᠵᠦᠢᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠬᠤᠷᠠᠯ ᠳᠤ ᠣᠷᠣᠯᠴᠠᠭᠰᠠᠨ ᠨᠥᠬᠦᠳ ᠠᠴᠠ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ | ᠰᠠᠨᠠᠯ ᠢᠶᠠᠨ ᠰᠣᠯᠢᠯᠴᠠᠨ ᠰᠤᠳᠤᠯᠤᠨ ᠶᠠᠷᠢᠯᠴᠠᠵᠤ᠂ ᠠᠵᠢᠯ ᠤᠨ ᠪᠣᠳᠠᠲᠤ ᠪᠠᠶᠢᠳᠠᠯ ᠳᠤ ᠪᠠᠨ ᠰᠠᠭᠤᠷᠢᠯᠠᠨ᠂ ᠠᠭᠤᠤ | ᠶᠡᠭᠡ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠬᠢᠵᠢᠭ ᠤᠨ ᠪᠠᠶᠢᠳᠠᠯ ᠢ ᠡᠰᠡᠷᠭᠦᠴᠡᠬᠦ ᠲᠡᠮᠡᠴᠡᠯ ᠴᠢᠬᠤᠯᠠ | ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ ᠣᠯᠤᠭᠰᠠᠨ ᠠᠬᠤᠶ ᠪᠠᠢᠳᠠᠯ ᠳᠣᠤᠷ᠎ᠠ᠂ ︽ᠵᠢᠷᠭᠤᠭ᠎ᠠ ᠶᠢ | ᠲᠣᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ | ᠨᠠᠶᠢᠳᠠᠪᠤᠷᠢᠵᠢᠭᠤᠯᠬᠤ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠵᠠᠪᠠᠯ ᠰᠠᠶᠢᠲᠤᠷ | ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠪᠠ ᠶᠠᠳᠠᠭᠤ | ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠳᠤ ᠨᠡᠩ | ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠣᠯᠠᠨ ᠢᠶᠠᠷ ᠢᠶᠠᠨ ᠰᠠᠨᠠᠯ ᠨᠢᠭᠡᠲᠦᠨ ᠶᠠᠷᠢᠪᠠ᠃ |