ᠭᠠᠵᠠᠷ ᠰᠢᠯᠵᠢᠭᠦᠯᠦᠨ ᠵᠥᠭᠡᠢ ᠲᠠᠯᠪᠢᠬᠤ ᠲᠡᠷᠭᠡ ᠬᠥᠰᠬᠡ ᠳᠤ ᠲᠠᠷᠢᠶᠠᠯᠠᠩ ᠤᠨ ᠰᠢᠨ᠎ᠡ ᠰᠣᠷᠭᠤᠭ ᠪᠦᠲᠦᠭᠡᠭᠳᠡᠬᠦᠨ ᠤ ᠲᠡᠭᠡᠭᠡᠪᠦᠷᠢ ᠶᠢᠨ ︽ᠰᠠᠭᠠᠳ ᠥᠬᠡᠶ ᠨᠡᠪᠲᠡᠷᠡᠬᠦ ᠵᠠᠮ︾ ᠤᠨ ᠲᠥᠷᠥ ᠶᠢᠨ ᠪᠣᠳᠣᠯᠭ᠎ᠠ ᠶᠢ ᠰᠡᠷᠭᠦᠭᠡᠨ ᠬᠡᠷᠡᠭᠵᠢᠭᠦᠯᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠶᠢᠨ ᠳᠠᠮᠵᠢᠭᠤᠯᠤᠨ ᠨᠡᠶᠢᠲᠡᠯᠡᠬᠦ ᠲᠣᠬᠠᠢ
ᠨᠡᠶᠢᠲᠡᠯᠡᠭᠰᠡᠨ ᠴᠠᠭ᠄
2020/10/23
              ᠥᠪᠥᠷ  ᠵᠠᠮ ᠲᠠᠷᠬᠠᠭᠠᠭᠰᠠᠨ︹ 2019 ︺163 ᠳ᠋ᠤᠭᠠᠷ ᠲᠣᠭᠠᠲᠤᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠰᠦᠢᠳᠭᠡᠯ ᠬᠤᠷᠢᠶᠠᠬᠤ ᠵᠠᠰᠠᠮᠠᠯ ᠵᠠᠮ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠰᠦᠢᠳᠭᠡᠯ ᠬᠤᠷᠢᠶᠠᠬᠤ ᠵᠠᠰᠠᠮᠠᠯ ᠵᠠᠮ ᠤᠨ ᠲᠡᠭᠡᠭᠡᠪᠦᠷᠢ ᠬᠠᠮᠢᠶᠠᠷᠤᠯᠲᠠ ᠶᠢᠨ ᠬᠠᠮᠢᠶᠠᠷᠤᠯᠲᠠ ᠶᠢᠨ ᠨᠢᠭᠡᠴᠢ᠄      ᠡᠳᠦᠭᠡ ︽ᠭᠠᠵᠠᠷ ᠰᠢᠯᠵᠢᠭᠦᠯᠦᠨ ᠵᠥᠭᠡᠢ ᠲᠠᠯᠪᠢᠬᠤ ᠲᠡᠷᠭᠡ ᠬᠥᠰᠬᠡ ᠳᠤ ᠲᠠᠷᠢᠶᠠᠯᠠᠩ ᠤᠨ ᠰᠢᠨ᠎ᠡ ᠰᠣᠷᠭᠤᠭ ᠪᠦᠲᠦᠭᠡᠭᠳᠡᠬᠦᠨ ᠤ ᠲᠡᠭᠡᠭᠡᠪᠦᠷᠢ ᠶᠢᠨ ︿ᠰᠠᠭᠠᠳ ᠥᠬᠡᠶ ᠨᠡᠪᠲᠡᠷᠡᠬᠦ ᠵᠠᠮ﹀ ᠤᠨ ᠲᠥᠷᠥ ᠶᠢᠨ ᠪᠣᠳᠣᠯᠭ᠎ᠠ ᠶᠢ ᠰᠡᠷᠭᠦᠭᠡᠨ ᠬᠡᠷᠡᠭᠵᠢᠭᠦᠯᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠵᠠᠮ ᠠᠯᠪᠠᠨ ᠵᠠᠰᠠᠮᠠᠯ ᠵᠠᠮ ᠢᠯᠡ ᠴᠠᠬᠢᠯᠭᠠᠨ︹ 2019 ︺20 ᠳ᠋ᠤᠭᠠᠷ ᠲᠣᠭᠠᠲᠤ︶ ᠢ ᠳᠠᠮᠵᠢᠭᠤᠯᠤᠨ ᠲᠠᠷᠬᠠᠭᠠᠬᠤ ᠪᠠᠷ ᠪᠤᠯᠤᠯ᠎ᠠ᠂ ᠬᠢᠨᠠᠮᠠᠭᠠᠶ ᠲᠣᠭᠤᠰᠢᠯᠠᠭᠤᠯᠤᠨ ᠬᠡᠷᠡᠭᠵᠢᠭᠦᠯᠬᠦ ᠶᠢ ᠬᠦᠰᠡᠵᠤ ᠪᠠᠶᠢᠨ᠎ᠠ᠃             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ                        2019 ᠣᠨ ᠤ 3 ᠳ᠋ᠤᠭᠠᠷ ᠰᠠᠷ᠎ᠠ ᠶᠢᠨ 11 ᠤ ᠡᠳᠦᠷ      ᠭᠠᠵᠠᠷ ᠰᠢᠯᠵᠢᠭᠦᠯᠦᠨ ᠵᠥᠭᠡᠢ ᠲᠠᠯᠪᠢᠬᠤ ᠲᠡᠷᠭᠡ ᠬᠥᠰᠬᠡ ᠳᠤ ᠲᠠᠷᠢᠶᠠᠯᠠᠩ ᠤᠨ ᠰᠢᠨ᠎ᠡ ᠰᠣᠷᠭᠤᠭ ᠪᠦᠲᠦᠭᠡᠭᠳᠡᠬᠦᠨ ᠤ ᠲᠡᠭᠡᠭᠡᠪᠦᠷᠢ ᠶᠢᠨ ︽ᠰᠠᠭᠠᠳ ᠦᠭᠡᠢ ᠨᠡᠪᠲᠡᠷᠡᠬᠦ ᠵᠠᠮ︾ ᠤᠨ ᠲᠥᠷᠥ ᠶᠢᠨ ᠪᠣᠳᠣᠯᠭ᠎ᠠ ᠶᠢ ᠰᠡᠷᠭᠦᠭᠡᠨ ᠬᠡᠷᠡᠭᠵᠢᠭᠦᠯᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ      ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︵ᠲᠣᠪᠴᠢᠶ᠎ᠠ᠂ ᠵᠥᠪᠯᠡᠯ︶᠄      ᠣᠶᠢᠷ᠎ᠠ ᠶᠢᠨ ᠬᠤᠭᠤᠴᠠᠭᠠᠨ ᠳᠤ᠂ ᠡᠯ᠎ᠡ ᠭᠠᠵᠠᠷ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ︽ᠠᠹᠷᠢᠺᠠ ᠲᠢᠪ ᠤᠨ ᠭᠠᠭ᠋ᠠᠶ ᠶᠢᠨ ᠬᠢᠵᠢᠭ ᠵᠡᠷᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠳᠤᠷ ᠬᠢᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ᠢᠯᠡ ᠴᠠᠬᠢᠯᠭᠠᠨ︹ 2018 ︺12 ᠳ᠋ᠤᠭᠠᠷ ᠲᠣᠭᠠᠲᠤ︶ ᠢ ᠬᠢᠨᠠᠮᠠᠭᠠᠶ ᠲᠣᠭᠤᠰᠢᠯᠠᠭᠤᠯᠤᠨ ᠨᠠᠶᠢᠳᠠᠪᠦᠷᠢᠵᠢᠭᠤᠯᠵᠤ᠂ ᠭᠠᠭ᠋ᠠᠶ ᠵᠡᠷᠭᠡ ᠠᠮᠢᠳᠤ ᠮᠠᠯ ᠵᠢᠭᠦᠷᠲᠡᠨ ᠢ ᠲᠡᠭᠡᠭᠡᠪᠦᠷᠢᠯᠡᠭᠰᠡᠨ ᠲᠡᠷᠭᠡ ᠬᠥᠰᠬᠡ ᠳᠤ ᠰᠢᠨ᠎ᠡ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠤ ᠲᠡᠭᠡᠭᠡᠪᠦᠷᠢ ᠶᠢᠨ ︽ᠰᠠᠭᠠᠳ ᠥᠬᠡᠶ ᠨᠡᠪᠲᠡᠷᠡᠬᠦ ᠵᠠᠮ︾ ᠤᠨ ᠲᠥᠷᠥ ᠶᠢᠨ ᠪᠣᠳᠣᠯᠭ᠎ᠠ ᠶᠢ ᠦᠯᠦ ᠬᠦᠷᠲᠡᠭᠡᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠮᠠᠯ ᠵᠢᠭᠦᠷᠲᠡᠨ ᠢ ᠰᠢᠯᠵᠢᠭᠦᠯᠦᠨ ᠲᠡᠭᠡᠭᠡᠪᠦᠷᠢᠯᠡᠬᠦ ᠢ ᠬᠢᠨᠠᠨ ᠬᠠᠮᠢᠶᠠᠷᠬᠤ ᠶᠢ ᠴᠢᠩᠭᠠᠳᠬᠠᠬᠤ ᠂ ᠬᠢᠵᠢᠭ ᠤᠨ ᠪᠠᠶᠢᠳᠠᠯ ᠢ ᠲᠠᠷᠬᠠᠬᠤ ᠶᠢ ᠰᠡᠷᠭᠡᠶᠢᠯᠡᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠭᠠᠵᠠᠷ ᠰᠢᠯᠵᠢᠭᠦᠯᠦᠨ ᠵᠥᠭᠡᠢ ᠲᠠᠯᠪᠢᠬᠤ ᠪᠣᠯ ᠵᠥᠭᠡᠢ ᠶᠢᠨ ᠪᠦᠲᠦᠭᠡᠭᠳᠡᠬᠦᠨ ᠤ ᠶᠠᠰᠤ ᠴᠢᠨᠠᠷ ᠪᠠ ᠭᠠᠷᠤᠯᠲᠠ ᠶᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠣᠯᠬᠤ ᠶᠢ ᠪᠣᠳᠣᠯᠬᠢᠯᠠᠵᠤ᠂ ᠵᠥᠪᠬᠡᠨ ᠠᠮᠢᠳᠤ ᠪᠡᠶ᠎ᠡ ᠶᠢᠨ ᠰᠢᠯᠵᠢᠯᠲᠡ ᠶᠢᠨ ᠠᠷᠭ᠎ᠠ ᠬᠡᠯᠪᠡᠷᠢ ᠪᠠᠷ ᠶᠠᠪᠤᠭᠳᠠᠭᠤᠯᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠥᠪᠰᠢᠶᠡᠷᠡᠯ ᠢᠶᠠᠷ ᠲᠠᠷᠢᠶᠠᠯᠠᠩ ᠬᠥᠳᠡᠭᠡ ᠲᠣᠰᠬᠤᠨ ᠤ ᠶᠠᠮᠤᠨ ᠲᠠᠢ ᠵᠦᠪᠳᠡᠯᠴᠡᠵᠦ᠂ ᠭᠠᠵᠠᠷ ᠰᠢᠯᠵᠢᠭᠦᠯᠦᠨ ᠵᠥᠭᠡᠢ ᠲᠠᠯᠪᠢᠬᠤ ᠲᠡᠷᠭᠡ ᠬᠥᠰᠬᠡ ︵ᠵᠥᠭᠡᠢ ᠰᠠᠪᠠᠯᠠᠬᠤ ᠪᠠᠭᠠᠵᠢ ᠬᠡᠷᠡᠭᠰᠡᠯ ᠢ ᠬᠤᠯᠢᠵᠤ ᠲᠡᠭᠡᠭᠡᠭᠦᠭᠰᠡᠨ ᠢ ᠪᠠᠭᠲᠠᠨ᠎ᠠ︶ ᠳᠤ᠂ ᠰᠢᠨ᠎ᠡ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ︽ᠰᠠᠭᠠᠳ ᠦᠭᠡᠢ ᠨᠡᠪᠲᠡᠷᠡᠬᠦ ᠵᠠᠮ︾ ᠤᠨ ᠲᠥᠷᠥ ᠶᠢᠨ ᠪᠣᠳᠣᠯᠭ᠎ᠠ ᠶᠢ ᠰᠡᠷᠭᠦᠭᠡᠨ ᠬᠡᠷᠡᠭᠵᠢᠭᠦᠯᠬᠦ ᠪᠠᠷ ᠲᠣᠭᠲᠠᠭᠠᠵᠤ᠂ ᠲᠡᠷᠭᠡ ᠬᠥᠰᠬᠡ ᠶᠢᠨ ᠨᠡᠪᠲᠡᠷᠡᠬᠦ ᠰᠦᠢᠳᠭᠡᠯ ᠢ ᠬᠡᠯᠲᠦᠷᠢᠭᠦᠯᠦᠨ᠎ᠡ᠃      ᠡᠯ᠎ᠡ ᠭᠠᠵᠠᠷ ᠤᠨ ᠬᠡᠷᠡᠭᠵᠢᠭᠦᠯᠬᠦ ᠶᠠᠪᠤᠴᠠ ᠳᠤ ᠭᠠᠷᠤᠭᠰᠠᠨ ᠰᠢᠨ᠎ᠡ ᠪᠠᠶᠢᠳᠠᠯ ᠢ ᠴᠠᠭ ᠲᠤᠬᠠᠶ ᠳᠤ ᠨᠢ ᠶᠠᠮᠤᠨ ᠳᠤ ᠮᠡᠳᠡᠭᠦᠯᠬᠦ ᠶᠢ ᠬᠦᠰᠡᠵᠦ ᠪᠠᠶᠢᠨ᠎ᠠ᠃                            ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ                                   2019 ᠣᠨ ᠤ 3 ᠳ᠋ᠤᠭᠠᠷ ᠰᠠᠷ᠎ᠠ ᠶᠢᠨ 5 ᠤ ᠡᠳᠦᠷ
 
ᠢᠷᠡᠯᠲᠡ᠄ ᠵᠠᠰᠠᠮᠠᠯ ᠵᠠᠮ ᠤᠨ ᠶᠠᠪᠤᠳᠠᠯ ᠤᠨ ᠬᠠᠤᠯᠢ ᠬᠡᠷᠡᠭᠵᠢᠭᠦᠯᠵᠦ ᠬᠢᠨᠠᠨ ᠪᠠᠶᠢᠴᠠᠭᠠᠬᠤ ᠶᠡᠷᠦᠩᠬᠡᠶ ᠠᠩᠭᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号