ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠬᠤ ᠢᠯᠡᠳᠲᠡ ᠳᠠᠪᠠᠭᠤᠯᠢᠭ ᠢ ᠭᠦᠢᠴᠡᠳ ᠢᠯᠡᠷᠡᠭᠦᠯᠪᠡ
ᠨᠡᠶᠢᠲᠡᠯᠡᠭᠰᠡᠨ ᠴᠠᠭ᠄
2020/10/27
     ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠠᠴᠠ ︽ᠳᠤᠮᠳᠠᠳᠤ ᠤᠯᠤᠰ  ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠵᠢᠯ ᠤᠨ ᠲᠦᠷᠢᠮ︾ ᠢ ᠳᠠᠷᠤᠮᠠᠯᠯᠠᠨ ᠲᠠᠷᠬᠠᠭᠠᠪᠠ᠃ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡᠨ ᠠᠭᠤᠯᠵᠠᠷ ᠳᠡᠭᠡᠷ᠎ᠡ ᠵᠣᠭᠰᠣᠵᠤ᠂ ᠨᠠᠮ ᠤᠨ ᠲᠥᠪ ᠬᠤᠷᠢᠶ᠎ᠠ  ᠠᠴᠠ ᠤᠷᠲᠤ ᠬᠤᠭᠤᠴᠠᠭᠠᠨ ᠤ ᠲᠤᠷᠰᠢ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠲᠥᠷᠥ ᠶᠢ ᠵᠠᠰᠠᠵᠤ ᠵᠠᠰᠠᠭ ᠢ ᠡᠷᠬᠢᠯᠡᠬᠦ᠂ ᠨᠠᠮ ᠢ ᠬᠠᠮᠢᠶᠠᠷᠴᠤ ᠨᠠᠮ ᠢ ᠵᠠᠰᠠᠬᠤ ᠦᠢᠯᠡᠳᠦᠯᠭᠡ ᠶᠢᠨ ᠲᠤᠷᠰᠢᠯᠭ᠎ᠠ ᠶᠢ ᠭᠦᠨᠵᠡᠭᠡᠶ ᠳ᠋ᠦᠩᠨᠡᠵᠦ᠂ ᠲᠥᠪ ᠬᠤᠷᠢᠶᠠᠨ ᠤ ᠠᠵᠢᠯ ᠢ ᠴᠢᠩᠭᠠᠳᠬᠠᠬᠤ ᠳᠡᠭᠡᠷ᠎ᠡ ᠠᠩᠬᠠᠷᠤᠯ ᠢᠶᠠᠨ ᠬᠠᠨᠳᠤᠭᠤᠯᠤᠨ᠂ ᠡᠨᠡ ᠬᠦ ︽ᠳᠦᠷᠢᠮ︾ ᠢ ᠲᠤᠰᠬᠠᠶᠢᠯᠠᠨ ᠲᠣᠭᠲᠠᠭᠠᠪᠠ᠃ ᠡᠨᠡ ᠪᠣᠯ ᠨᠠᠮ ᠤᠨ ᠤᠳᠤᠷᠢᠳᠬᠤ ᠳᠦᠷᠢᠮ ᠤᠨ ᠰᠢᠰᠲ᠋ᠧᠮ ᠢ ᠪᠠᠷᠢᠮᠲᠠᠯᠠᠨ ᠲᠡᠭᠦᠯᠳᠡᠷᠵᠢᠭᠦᠯᠬᠦ ᠵᠠᠩᠭᠢᠯᠠᠭ᠎ᠠ ᠶᠢᠨ ᠠᠷᠭ᠎ᠠ ᠪᠠᠷᠢᠯ᠂ ︽ᠬᠤᠶᠠᠷ ᠢ ᠬᠠᠮᠠᠭᠠᠯᠠᠬᠤ︾ ᠳᠦᠷᠢᠮ ᠤᠨ ᠪᠠᠲᠤᠯᠠᠭ᠎ᠠ ᠶᠢ ᠴᠢᠩᠭᠠᠳᠬᠠᠬᠤ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠮᠦᠨ᠃ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠡᠷᠡᠰ ᠬᠠᠮᠠᠭᠠᠯᠠᠬᠤ ᠲᠤᠬᠠᠶ᠂ ᠨᠠᠮ ᠤᠨ ᠢᠮᠠᠭᠲᠠ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠶᠢ ᠦᠨᠡᠨ ᠬᠦ ᠪᠠᠲᠤᠯᠠᠬᠤ ᠳᠤ ᠴᠢᠬᠤᠯᠠ ᠶᠡᠭᠡ ᠪᠥᠭᠡᠳ ᠠᠯᠤᠰ ᠬᠡᠳᠤ ᠶᠢᠨ ᠠᠴᠢ ᠬᠤᠯᠪᠣᠭᠳᠠᠯ ᠲᠠᠢ ᠶᠤᠮ᠃      ᠮᠠᠨ ᠤ ᠨᠠᠮ ᠨᠢ ᠶᠡᠷᠦ ᠠᠴᠠ ᠪᠦᠬᠦ ᠨᠠᠮ ᠢᠶᠠᠷ ᠢᠶᠠᠨ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠨᠢᠭᠡᠳᠦᠯᠲᠡᠶ ᠠᠵᠢᠯᠯᠠᠭ᠎ᠠ ᠬᠢᠬᠦ ᠶᠢ ᠳᠦᠷᠢᠮ ᠤᠨ ᠲᠠᠯ᠎ᠠ ᠪᠠᠷ ᠪᠠᠲᠤᠯᠠᠬᠤ ᠶᠢ ᠴᠢᠬᠤᠯᠠᠴᠢᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠬᠠᠮᠠᠭᠠᠯᠠᠳᠠᠭ᠃ ᠨᠠᠮ ᠤᠨ ᠬᠤᠶᠠᠳᠤᠭᠠᠷ ᠶᠡᠭᠡ ᠬᠤᠷᠠᠯ ᠠᠴᠠ ᠲᠥᠪ ᠤᠨ ᠭᠦᠢᠴᠡᠳᠬᠡᠬᠦ ᠬᠤᠷᠢᠶ᠎ᠠ ᠶᠢ ᠠᠩᠬ᠎ᠠ ᠤᠳᠠᠭ᠎ᠠ ᠰᠤᠩᠭᠤᠨ ᠭᠠᠷᠭᠠᠵᠤ᠂ ᠨᠠᠮ ᠤᠨ ᠭᠤᠷᠪᠠᠳᠤᠭᠠᠷ ᠶᠡᠭᠡ ᠬᠤᠷᠠᠯ ᠳᠡᠭᠡᠷ᠎ᠡ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠤᠨ ᠭᠦᠢᠴᠡᠳᠬᠡᠬᠦ ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ︾ ᠶᠢ ᠲᠣᠭᠲᠠᠭᠠᠵᠤ᠂ ᠨᠠᠮ ᠤᠨ ᠲᠠᠪᠤᠳᠤᠭᠠᠷ ᠶᠡᠭᠡ ᠬᠤᠷᠠᠯ ᠤᠨ ᠲᠠᠷᠠᠭ᠎ᠠ ᠪᠠᠲᠤᠯᠠᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠷᠪᠠᠳᠤᠭᠠᠷ ᠤᠳᠠᠭᠠᠨ ᠤ ᠵᠠᠰᠠᠪᠤᠷᠢ ᠣᠷᠣᠭᠤᠯᠤᠭᠰᠠᠨ ᠳᠦᠷᠢᠮ ᠤᠨ ᠲᠤᠬᠠᠶ ᠰᠢᠢᠳᠪᠦᠷᠢ︾ ᠳᠤ ᠲᠥᠪ ᠤᠨ ᠭᠦᠢᠴᠡᠳᠬᠡᠬᠦ ᠬᠤᠷᠢᠶ᠎ᠠ ᠶᠢ ᠲᠥᠪ ᠬᠤᠷᠢᠶ᠎ᠠ ᠭᠡᠵᠦ ᠬᠠᠯᠠᠪᠠ᠃ ᠳᠠᠷᠠᠭ᠎ᠠ ᠨᠢ ᠮᠠᠨ ᠤ ᠨᠠᠮ ᠨᠢ ᠪᠠᠶᠢᠳᠠᠯ ᠪᠣᠯᠤᠨ ᠡᠭᠦᠷᠭᠡ ᠶᠢᠨ ᠬᠤᠪᠢᠷᠠᠯᠲᠠ ᠳᠤ ᠵᠣᠬᠢᠴᠠᠵᠤ᠂ ᠨᠠᠮ ᠤᠨ ᠲᠦᠷᠢᠮ ᠳᠤ ᠣᠯᠠᠨᠲᠠ ᠵᠠᠰᠠᠪᠤᠷᠢ ᠣᠷᠣᠭᠤᠯᠬᠤ ᠪᠠ ᠠᠯᠢ ᠤᠯᠠᠨ ᠴᠢᠬᠤᠯᠠ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠢ ᠲᠣᠭᠲᠠᠭᠠᠬᠤ ᠳᠤ ᠲᠥᠪ ᠬᠤᠷᠢᠶᠠᠨ ᠤ ᠤᠳᠤᠷᠢᠳᠬᠤ ᠪᠠᠶᠢᠭᠤᠯᠤᠯ ᠪᠠ ᠠᠵᠢᠯ ᠤᠨ ᠲᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠨᠠᠮ ᠤᠨ ᠪᠦᠯᠬᠦᠮᠳᠡᠯ ᠪᠠ ᠲᠥᠪᠯᠡᠷᠡᠯ ᠨᠢᠭᠡᠳᠦᠯ ᠢ ᠪᠠᠲᠤᠯᠠᠬᠤ ᠨᠢ ᠲᠦᠢᠯ  ᠤᠨ ᠴᠢᠬᠤᠯᠠ ᠪᠠᠶᠢᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠢ ᠬᠠᠮᠠᠭᠠᠯᠠᠬᠤ ᠨᠢ ᠲᠦᠢᠯ ᠤᠨ ᠴᠢᠬᠤᠯᠠ ᠭᠡᠳᠡᠭ ᠢ ᠲᠡᠤᠬᠡ ᠠᠴᠠ ᠬᠠᠷᠠᠭᠤᠯᠵᠤ ᠪᠠᠶᠢᠪᠠ᠃ ᠶᠠᠭ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠬᠤᠪᠢᠰᠬᠠᠯ ᠨᠢ ᠰᠠᠶ᠋ᠢ ᠠᠯᠬᠤᠮ ᠠᠯᠬᠤᠮ ᠢᠶᠠᠷ ᠢᠯᠠᠯᠲᠠ ᠣᠯᠵᠤ᠂ ᠳᠤᠮᠳᠠᠳᠤ ᠤᠯᠤᠰ ᠤᠨ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢᠨ ᠠᠭᠤᠤ ᠶᠡᠭᠡ ᠦᠢᠯᠡᠰ ᠨᠢ ᠰᠠᠶ᠋ᠢ ᠲᠠᠰᠤᠷᠠᠯᠲᠠ ᠦᠭᠡᠢ ᠤᠷᠤᠭᠰᠢᠯᠠᠵᠤ ᠪᠣᠢ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠦᠨᠳᠦ ᠬᠡᠴᠡᠭᠦᠤ ᠨᠠᠷᠢᠨ ᠪᠤᠳᠤᠯᠢᠶᠠᠨᠲᠠᠶ ᠪᠠᠶᠢᠳᠠᠯ ᠤᠨ ᠡᠮᠦᠨ᠎ᠡ᠂ ᠮᠠᠨ ᠤ ᠨᠠᠮ ᠨᠢ ᠠᠯᠢ ᠣᠯᠠᠨ ᠠᠶᠤᠯ ᠲᠦᠭᠰᠢᠭᠦᠷᠢ ᠥᠷᠢᠰᠥᠯᠳᠦᠭᠡᠨ ᠢ ᠢᠯᠠᠵᠤ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤ᠂ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠤᠬᠡᠲᠦ ᠴᠢᠨᠠᠷᠲᠠᠶ ᠬᠤᠪᠢᠰᠤᠯᠲᠠ ᠭᠠᠷᠤᠭᠰᠠᠨ ᠤ ᠦᠨᠳᠦᠰᠦᠨ ᠵᠦᠢᠯ ᠨᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠪᠣᠯᠬᠤ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠳᠤ ᠪᠤᠢ᠃ ᠡᠨᠡ ᠤᠳᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠡᠰᠡᠷᠭᠦᠴᠡᠬᠦ ᠲᠡᠮᠡᠴᠡᠯ ᠳᠤᠮᠳᠠ᠂ ᠪᠢᠳᠡ ᠨᠠᠮ ᠤᠨ ᠲᠥᠪ ᠬᠤᠷᠢᠶᠠᠨ ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠪᠡᠶ᠎ᠡ ᠪᠠᠷ ᠢᠶᠠᠨ ᠵᠢᠯᠣᠭᠤᠳᠴᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠨᠠᠮ ᠵᠠᠰᠠᠭ ᠴᠡᠷᠢᠭ ᠠᠷᠠᠳ ᠰᠤᠷᠭᠠᠭᠤᠯᠢ ᠪᠠ ᠳᠥᠷᠪᠡᠨ ᠵᠦᠭ ᠨᠠᠢᠮᠠᠨ ᠵᠣᠪᠬᠢᠰ ᠤᠨ ᠶᠡᠭᠡ ᠬᠤᠷᠠᠯ ᠢ ᠤᠳᠤᠷᠢᠳᠤᠨ ᠵᠣᠬᠢᠶᠠᠨ ᠪᠠᠶᠢᠭᠤᠯᠵᠤ᠂ ᠪᠦᠬᠦ ᠤᠯᠤᠰ ᠢᠶᠠᠷ ᠢᠶᠠᠨ ᠨᠢᠭᠡᠳᠦᠯᠲᠡᠶ ᠵᠢᠯᠣᠭᠤᠳᠬᠤ᠂ ᠪᠦᠬᠦ ᠲᠠᠯ᠎ᠠ ᠪᠠᠷ ᠪᠠᠶᠢᠷᠢᠯᠠᠭᠤᠯᠬᠤ᠂ ᠪᠦᠬᠦ ᠲᠠᠯ᠎ᠠ ᠪᠠᠷ ᠰᠡᠷᠭᠡᠶᠢᠯᠡᠨ ᠡᠵᠡᠮᠳᠡᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠳᠲᠡᠷ ᠲᠦᠷᠭᠡᠨ ᠪᠦᠷᠢᠯᠳᠦᠭᠦᠯᠵᠦ᠂ ᠬᠢᠵᠢᠭ ᠢ ᠡᠰᠡᠷᠭᠦᠴᠡᠬᠦ ᠲᠡᠮᠡᠴᠡᠯ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ ᠣᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠶᠢᠨ ᠰᠡᠷᠭᠦᠯᠲᠡ ᠶᠢᠨ ᠲᠠᠯ᠎ᠠ ᠪᠠᠷ ᠴᠥᠮ ᠳᠡᠯᠡᠬᠡᠶ ᠶᠢᠨ ᠡᠮᠦᠨ᠎ᠡ ᠡᠩᠨᠡᠭᠡᠨ ᠳᠤ ᠶᠠᠪᠤᠵᠤ ᠪᠣᠢ᠃ ᠰᠢᠷᠦᠭᠦᠨ ᠭᠠᠯ ᠢᠶᠠᠷ ᠰᠢᠵᠢᠷ ᠠᠯᠲᠠ ᠶᠢ ᠪᠣᠯᠪᠠᠰᠤᠷᠠᠭᠤᠯᠳᠠᠭ᠃ ᠡᠨᠡ ᠤᠳᠠᠭᠠᠨ ᠤ ᠬᠢᠵᠢᠭ ᠢ ᠡᠰᠡᠷᠭᠦᠴᠡᠬᠦ ᠲᠡᠮᠡᠴᠡᠯ ᠢᠶᠠᠷ ᠳᠠᠮᠵᠢᠨ᠂ ᠪᠠᠶᠢᠳᠠᠯ ᠨᠠᠷᠢᠨ ᠪᠤᠳᠤᠯᠢᠶᠠᠨᠲᠠᠢ᠂ ᠥᠷᠢᠰᠥᠯᠳᠦᠭᠡᠨ ᠬᠠᠲᠠᠭᠤ ᠴᠢᠩᠭ᠎ᠠ ᠪᠣᠯᠬᠤ ᠲᠤᠳᠤᠮ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢᠨ ᠲᠠᠯᠠᠢ ᠶᠢ ᠲᠣᠭᠲᠠᠭᠠᠵᠤ ᠬᠤᠪᠢᠯᠭᠠᠨ ᠵᠡᠭᠦᠦ ᠶᠢᠨ ᠦᠢᠯᠡᠳᠦᠯ ᠢ ᠤᠯᠠᠮ ᠪᠠᠳᠠᠷᠠᠭᠤᠯᠬᠤ ᠬᠡᠷᠡᠭᠲᠡᠢ ᠭᠡᠳᠡᠭ ᠢ ᠨᠠᠩ ᠭᠦᠨᠵᠡᠭᠡᠶ ᠲᠠᠨᠢᠵᠤ ᠣᠯᠪᠠ᠃      ᠣᠳᠣᠬᠠᠨ ᠤ ᠳᠡᠯᠡᠬᠡᠶ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ᠂ ᠮᠠᠨ ᠤ ᠤᠯᠤᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠨᠥᠬᠦᠴᠡᠯ ᠳᠤ ᠭᠦᠨᠵᠡᠭᠡᠶ ᠪᠥᠭᠡᠳ ᠪᠤᠳᠤᠯᠢᠶᠠᠨᠲᠠᠶ ᠬᠤᠪᠢᠷᠠᠯᠲᠠ ᠭᠠᠷᠪᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠠᠶᠢᠨ ᠡᠬᠢᠯᠡᠯᠲᠡ ᠬᠢᠵᠦ᠂ ᠡᠷᠬᠡᠪᠰᠢ ᠨᠠᠮ ᠤᠨ ᠲᠥᠪ ᠬᠤᠷᠢᠶᠠᠨ ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠠᠵᠠ ᠲᠣᠬᠢᠶᠠᠯ ᠢ ᠠᠳᠬᠤᠵᠤ᠂ ᠥᠷᠢᠰᠥᠯᠳᠦᠭᠡᠨ ᠢ ᠠᠷᠭᠠᠴᠠᠭᠠᠵᠤ᠂ ᠬᠢᠮᠤᠷᠠᠯ ᠤᠨ ᠳᠤᠮᠳᠠ ᠰᠢᠨ᠎ᠡ ᠲᠣᠬᠢᠶᠠᠯ ᠢ ᠪᠣᠶᠢᠵᠢᠭᠤᠯᠵᠤ᠂ ᠬᠤᠪᠢᠰᠤᠯᠲᠠ ᠶᠢᠨ ᠳᠤᠮᠳᠠ ᠰᠢᠨ᠎ᠡ ᠪᠠᠶᠢᠳᠠᠯ ᠢ ᠨᠡᠭᠡᠭᠡᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠶ ᠲᠤᠭᠤᠰᠢᠯᠠᠭᠤᠯᠤᠨ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠦᠷᠢᠯᠳᠦᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠶ ᠲᠥᠯᠥᠪᠯᠡᠵᠦ᠂ ᠬᠥᠭᠵᠢᠯᠲᠡ ᠪᠣᠯᠤᠨ ᠠᠮᠤᠷ ᠲᠥᠪᠰᠢᠨ ᠬᠤᠶᠠᠷ ᠶᠡᠭᠡ ᠶᠠᠪᠤᠳᠠᠯ ᠢ ᠰᠠᠶᠢᠲᠤᠷ ᠬᠢᠨ᠎ᠡ᠃ ᠭᠠᠭᠴᠠ ᠬᠦ ︽ᠬᠤᠶᠠᠷ ᠢ ᠬᠠᠮᠠᠭᠠᠯᠠᠬᠤ︾ ᠶᠢ ᠡᠷᠡᠰ ᠬᠢᠳᠡᠭ ᠯᠡ ᠶᠤᠮ ᠪᠣᠯ ᠯᠠᠪᠲᠠᠢ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠪᠤᠢ ᠪᠣᠯᠭᠠᠵᠤ ᠴᠢᠳᠠᠨ᠎ᠠ ᠭᠡᠵᠦ ᠪᠠᠲᠤ ᠢᠲᠡᠭᠡᠵᠦ ᠪᠣᠢ᠃      ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠪᠣᠯ ᠮᠠᠨ ᠤ ᠬᠠᠮᠤᠭ ᠤᠨ ᠶᠡᠭᠡ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ᠂ ᠪᠠᠶᠢᠭᠤᠯᠤᠯ ᠤᠨ ᠳᠠᠪᠠᠭᠤᠯᠢᠭ ᠮᠦᠨ᠃ ︽ᠳᠦᠷᠢᠮ︾ ᠨᠢ ︽ᠬᠤᠶᠠᠷ ᠢ ᠬᠠᠮᠠᠭᠠᠯᠠᠬᠤ︾ ᠶᠢ ᠪᠠᠲᠤᠯᠠᠬᠤ ᠪᠠᠷ ᠴᠢᠩᠭ᠎ᠠ ᠭᠤᠣᠯᠳᠠᠭᠤᠯᠵᠤ᠂ ᠵᠣᠬᠢᠶᠠᠨ ᠪᠠᠶᠢᠭᠤᠯᠵᠤ᠂ ᠳᠦᠷᠢᠮ ᠲᠣᠭᠲᠠᠭᠠᠯ ᠲᠣᠭᠲᠠᠭᠠᠵᠤ᠂ ︽ᠲᠦᠷᠢᠮ︾ ᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠯ ᠳᠠᠷᠤᠶ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠶᠠᠪᠤᠳᠠᠯ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠪᠣᠯᠤᠨ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠳ ᠨᠢ ᠤᠯᠤᠰ ᠲᠥᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠲᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷ᠎ᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ  ᠤᠨ ᠲᠥᠪ ᠬᠤᠷᠢᠶ᠎ᠠ ᠲᠠᠢ ᠢᠮᠠᠭᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠪᠠᠶᠢᠭᠤᠯᠤᠯ ᠤᠨ ᠳᠠᠪᠠᠭᠤᠯᠢᠭ ᠢᠶᠠᠨ ᠵᠠᠰᠠᠯᠲᠠ ᠶᠢᠨ ᠦᠷ᠎ᠡ ᠴᠢᠳᠠᠮᠵᠢ ᠪᠣᠯᠭᠠᠨ ᠬᠤᠪᠢᠷᠠᠭᠤᠯᠵᠤ᠂ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ᠃                                          ᠢᠷᠡᠯᠲᠡ᠄ ᠠᠷᠠᠳ ᠤᠨ ᠡᠳᠦᠷ ᠤᠨ ᠰᠣᠨᠢᠨ
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号