ᠦᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠠᠬᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠨᠢ ᠰᠢᠨ᠎ᠡ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2020/10/28
     ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠡᠷᠬᠢᠯᠡᠬᠦ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠢ ᠪᠠᠷ ᠭᠡᠷ᠎ᠡ ᠪᠠᠨ ᠭᠦᠢᠴᠡᠳᠬᠡᠬᠦ ᠦᠵᠡᠯ ᠤᠬᠠᠮᠰᠠᠷ ᠢ ᠨᠢ ᠤᠯᠠᠮ ᠨᠢᠭᠡ ᠠᠯᠬᠤᠮ ᠴᠢᠩᠭᠠᠷᠠᠭᠤᠯᠤᠨ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠤᠰᠠᠳᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠳᠥᠷᠪᠡᠨ ᠵᠦᠢᠯ ᠤᠨ ᠠᠷᠭ᠎ᠠ ᠬᠡᠮᠵᠢᠶ᠎ᠡ ᠪᠠᠷ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠠᠬᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠤᠨ᠂ ᠰᠠᠶᠢᠨ ᠰᠠᠶᠢᠬᠠᠨ ᠦᠷ᠎ᠡ ᠪᠦᠲᠦᠮᠵᠢ ᠣᠯᠪᠠ᠃      ᠨᠢᠭᠡ ᠳᠤ᠂ ᠢᠲᠡᠭᠡᠮᠵᠢ ᠶᠢᠨ ᠦᠨᠡᠯᠡᠯᠲᠡ ᠶᠢᠨ ᠬᠡᠷᠡᠭᠵᠢᠭᠦᠯᠬᠦ ᠨᠠᠷᠢᠨ ᠲᠦᠷᠢᠮ ᠳᠤ ᠵᠠᠰᠠᠪᠤᠷᠢ ᠣᠷᠣᠭᠤᠯᠤᠨ ᠲᠣᠭᠲᠠᠭᠠᠪᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠢᠷᠤᠭ ᠲᠦᠯᠦᠪᠯᠡᠭᠡ ᠪᠠ ᠪᠠᠷᠢᠯᠭ᠎ᠠ ᠶᠢᠨ ᠠᠵᠤ ᠠᠬᠤᠶᠢᠯᠠᠯ ᠤᠨ ᠢᠲᠡᠭᠡᠮᠵᠢ ᠶᠢ ᠦᠨᠡᠯᠡᠬᠦ ᠲᠦᠷᠢᠮ ᠤᠨ ᠰᠠᠭᠤᠷᠢᠨ ᠳᠡᠭᠡᠷ᠎ᠡ᠂ ᠦᠨᠡᠯᠡᠭᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠤᠷᠬᠠᠶᠢᠯᠠᠨ᠂ ᠦᠨᠡᠯᠡᠬᠦ ᠴᠤᠪᠤᠷᠠᠯ ᠢ ᠨᠠᠷᠢᠯᠢᠬᠵᠢᠭᠤᠯᠤᠨ᠂ ᠢᠲᠡᠭᠡᠮᠵᠢ ᠶᠢᠨ ᠬᠥᠳᠡᠯᠦᠩᠭᠦᠶ ᠬᠠᠮᠢᠶᠠᠷᠤᠯᠲᠠ ᠶᠢᠨ ᠡᠬᠡ ᠲᠠᠩᠰᠠ ᠶᠢᠨ ᠥᠯᠢᠭᠡᠷ ᠬᠡᠪ ᠢ ᠲᠣᠭᠲᠠᠭᠠᠨ᠂ ᠦᠨᠡᠯᠡᠬᠦ ᠠᠷᠭ᠎ᠠ ᠪᠠ ᠪᠠᠷᠢᠮᠵᠢᠶ᠎ᠠ ᠶᠢ ᠨᠢ ᠨᠢᠭᠡᠳᠬᠡᠵᠦ᠂ ᠢᠲᠡᠭᠡᠮᠵᠢ ᠶᠢᠨ ᠦᠨᠡᠯᠡᠯᠲᠡ ᠶᠢᠨ ᠠᠵᠢᠯ ᠢ ᠵᠢᠷᠤᠮᠵᠢᠭᠤᠯᠤᠨ ᠥᠷᠨᠢᠭᠦᠯᠬᠦ ᠳᠤ ᠲᠦᠷᠢᠮ ᠤᠨ ᠪᠠᠲᠤᠯᠠᠭ᠎ᠠ ᠬᠠᠩᠭᠠᠪᠠ᠃      ᠬᠤᠶᠠᠷ ᠲᠤ᠂ ᠢᠲᠡᠭᠡᠮᠵᠢ ᠶᠢᠨ ᠦᠨᠡᠯᠡᠯᠲᠡ ᠶᠢ ᠴᠢᠩᠭ᠎ᠠ ᠬᠢᠪᠡ᠃ ᠦᠨᠡᠯᠡᠭᠴᠢ ᠪᠠᠷ ᠢᠲᠡᠭᠡᠮᠵᠢ ᠶᠢᠨ ᠬᠠᠮᠢᠶᠠᠷᠤᠯᠲᠠ ᠶᠢᠨ ᠡᠬᠡ ᠲᠠᠩᠰᠠ ᠶᠢ ᠵᠢᠷᠤᠮᠵᠢᠭᠤᠯᠤᠨ ᠪᠠᠶᠢᠭᠤᠯᠬᠤ ᠶᠢᠨ ᠲᠥᠯᠦᠭᠡ᠂ ᠮᠠᠨ ᠤ ᠲᠢᠩᠬᠢᠮ ᠶᠢᠨ ᠬᠢᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠰᠢᠮᠳᠠᠭᠤᠯᠤᠨ ᠪᠠᠶᠢᠴᠠᠭᠠᠯᠲᠠ ᠳᠤ᠂ ᠡᠬᠡ ᠲᠠᠩᠰᠠ ᠨᠢ ᠪᠦᠷᠢᠨ ᠪᠤᠰᠤ ᠪᠦᠭᠡᠳ ᠲᠡᠭᠦᠨ ᠢᠶᠠᠨ ᠠᠵᠤ ᠠᠬᠤᠶᠢᠯᠠᠯ ᠳᠤ ᠮᠡᠳᠡᠭᠳᠡᠭᠰᠡᠨ ᠦᠭᠡᠢ ᠦᠢᠯᠡ ᠠᠵᠢᠯᠯᠠᠭ᠎ᠠ  ᠶᠢ ᠨᠢ ᠴᠠᠭ ᠳᠠᠷᠤᠶᠢᠬᠠᠨ ᠪᠠᠶᠢᠴᠠᠭᠠᠬᠤ ᠶᠢᠨ ᠬᠠᠮᠲᠤ ᠵᠠᠷᠯᠠᠨ ᠮᠡᠳᠡᠭᠳᠡᠵᠦ᠂ ᠬᠤᠭᠤᠴᠠᠭᠠᠯᠠᠨ ᠴᠡᠭᠴᠡᠯᠡᠬᠦ ᠶᠢ ᠱᠠᠭᠠᠷᠳᠠᠪᠠ᠃ ᠦᠨᠡᠯᠡᠭᠰᠡᠨ ᠳ᠋ᠦᠩᠨᠡᠯᠲᠡ ᠶᠢᠨ ᠬᠤᠪᠢᠶᠠᠷᠢᠯᠠᠯ ᠢᠶᠠᠨ ᠳᠡᠭᠡᠭᠰᠢᠯᠡᠭᠦᠯᠬᠦ ᠶᠢᠨ ᠲᠥᠯᠥᠭᠡ᠂ ᠮᠠᠨ ᠤ ᠲᠢᠩᠬᠢᠮ ᠤᠨ ᠬᠢᠨ 2019 ᠣᠨ ᠤ ᠢᠲᠡᠭᠡᠮᠵᠢ ᠶᠢᠨ ᠦᠨᠡᠯᠡᠯᠲᠡ ᠶᠢᠨ ᠠᠵᠢᠯ ᠢ ᠤᠷᠢᠳᠴᠢᠯᠠᠨ ᠥᠷᠨᠢᠭᠦᠯᠵᠦ᠂ ᠲᠠᠩᠰᠠ ᠡᠪᠬᠡᠮᠡᠯ ᠢ ᠨᠢ ᠬᠢᠨᠠᠨ ᠬᠠᠷᠭᠤᠭᠤᠯᠤᠨ᠂ ᠰᠢᠯᠢᠳᠡᠭ ᠪᠠᠷᠢᠯᠭ᠎ᠠ ᠶᠢ ᠨᠢ ᠰᠢᠯᠢᠵᠤ ᠰᠤᠩᠭᠤᠨ᠂ ᠦᠨᠡᠯᠡᠭᠰᠡᠨ ᠳ᠋ᠦᠩᠨᠡᠯᠲᠡ ᠳᠠᠬᠢ A A ᠲᠠᠰ ᠤᠨ ᠪᠠᠷᠢᠯᠭ᠎ᠠ ᠶᠢᠨ ᠠᠵᠤ ᠠᠬᠤᠶᠢᠯᠠᠯ ᠤᠨ ᠬᠠᠷᠢᠴᠠᠯ ᠨᠢ 18.2% ᠪᠠᠶᠢᠵᠤ᠂ ᠨᠢᠳᠤᠨᠤᠨ ᠤ 47.5% ᠶᠢᠨ ᠬᠢ ᠠᠴᠠ 29.7% ᠪᠠᠷ ᠪᠠᠭᠤᠷᠠᠵᠤ᠂ ᠰᠢᠯᠢᠳᠡᠭ ᠢ ᠨᠢ ᠰᠣᠩᠭᠤᠬᠤ ᠦᠷ᠎ᠡ ᠪᠦᠲᠦᠮᠵᠢ ᠳᠤ ᠬᠦᠷᠴᠦ᠂ ᠥᠷᠢᠰᠥᠯᠳᠦᠭᠡᠨ ᠤ ᠲᠣᠭᠲᠠᠴᠠ ᠶᠢ ᠭᠦᠢᠴᠡᠳ ᠢᠯᠡᠷᠡᠭᠦᠯᠪᠡ᠃      ᠭᠤᠷᠪᠠ ᠳᠤ᠂ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠯᠡᠭᠦᠯᠬᠦ ᠪᠠ ᠢᠯᠡ ᠪᠣᠯᠭᠠᠬᠤ ᠶᠢ ᠴᠢᠩᠭᠠᠳᠬᠠᠪᠠ᠃ ᠮᠠᠨ ᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮ ᠤᠨ ᠠᠵᠢᠯ ᠡᠷᠬᠢᠯᠡᠵᠦ ᠪᠠᠶᠢᠭ᠎ᠠ ᠠᠵᠤ ᠠᠬᠤᠶᠢᠯᠠᠯ ᠤᠨ ᠮᠡᠳᠡᠭᠡ ᠵᠠᠩᠭᠢ ᠶᠢ ᠰᠢᠩᠭᠡᠭᠡᠨ ᠣᠷᠣᠭᠤᠯᠬᠤ ᠪᠠ ᠬᠢᠨᠠᠨ ᠪᠡᠯᠡᠳᠬᠡᠬᠦ ᠠᠵᠢᠯ ᠢ ᠦᠷᠨᠢᠭᠦᠯᠦᠨ᠂ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠪᠦᠬᠦ ᠲᠠᠯ᠎ᠠ ᠪᠠᠷ ᠲᠥᠪᠯᠡᠷᠡᠭᠦᠯᠪᠡ᠃ ︽ᠢᠲᠡᠭᠡᠮᠵᠢ ᠶᠢᠨ ᠵᠠᠮ ᠬᠠᠷᠢᠯᠴᠠᠭ᠎ᠠ · ᠥᠪᠥᠷ ᠮᠣᠩᠭᠤᠯ︾ ᠬᠢᠭᠡᠳ ᠲᠢᠩᠬᠢᠮ ᠤᠨ ᠵᠠᠰᠠᠭ ᠤᠨ ᠶᠠᠪᠤᠳᠠᠯ ᠤᠨ ᠰᠦᠯᠵᠢᠶᠡᠨ ᠳᠤ ᠢᠲᠡᠭᠡᠮᠵᠢ ᠶᠢᠨ ᠠᠵᠢᠯ ᠤᠨ ᠬᠥᠳᠡᠯᠦᠩᠭᠦᠶ ᠪᠠᠶᠢᠳᠠᠯ ᠪᠠ ᠠᠵᠤ ᠠᠬᠤᠶᠢᠯᠠᠯ ᠤᠨ ᠢᠲᠡᠭᠡᠮᠵᠢ ᠶᠢᠨ ᠪᠠᠶᠢᠳᠠᠯ ᠢ ᠢᠳᠡᠪᠬᠢᠲᠡᠶ ᠨᠡᠶᠢᠲᠡᠯᠡᠨ᠂ ᠠᠵᠢᠯ ᠡᠷᠭᠢᠯᠡᠬᠦ ᠠᠵᠤ ᠠᠬᠤᠶᠢᠯᠠᠯ ᠶᠢᠨ ᠬᠢᠨ ᠢᠲᠡᠭᠡᠮᠵᠢ ᠶᠢᠨ ᠠᠵᠢᠯ ᠤᠨ ᠬᠠᠮᠢᠶ᠎ᠠ ᠪᠥᠬᠦᠶ ᠪᠠᠶᠢᠳᠠᠯ ᠢ ᠴᠠᠭ ᠲᠤᠬᠠᠶ ᠳᠤ ᠨᠢ ᠣᠶᠢᠯᠠᠭᠠᠪᠠ᠃      ᠳᠥᠷᠪᠡ ᠳᠤ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠠᠬᠢ ᠢᠲᠡᠭᠡᠮᠵᠢ ᠶᠢᠨ ᠵᠠᠮ ᠬᠠᠷᠢᠯᠴᠠᠭᠠᠨ ᠤ ᠰᠠᠷ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠭᠦᠯᠪᠡ᠃ ᠡᠯ᠎ᠡ ᠲᠥᠷᠥᠯ ᠤᠨ ᠠᠵᠢᠯᠯᠠᠭ᠎ᠠ ᠨᠢ ᠬᠦᠳᠡᠯᠭᠡᠭᠡᠨ ᠤ ᠲᠥᠰᠦᠯ ᠤᠨ ᠶᠣᠰᠣᠭᠠᠷ ᠤᠬᠠᠭᠤᠯᠭ᠎ᠠ ᠶᠢᠨ ᠠᠵᠢᠯ ᠤᠨ ᠬᠤᠷᠠᠯ  ᠢᠶᠠᠨ ᠵᠣᠬᠢᠶᠠᠨ ᠪᠠᠶᠢᠭᠤᠯᠵᠤ ᠬᠤᠷᠠᠯᠳᠤᠭᠤᠯᠤᠨ᠂ ᠭᠤᠤᠯ ᠰᠡᠳᠦᠪᠲᠦ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠶᠢ ᠦᠷᠨᠢᠭᠦᠯᠦᠨ᠂ ᠤᠬᠠᠭᠤᠯᠭ᠎ᠠ ᠶᠢᠨ ᠰᠠᠮᠪᠠᠷ᠎ᠠ᠂ ᠡᠪᠬᠡᠮᠡᠯ ᠨᠢᠭᠤᠷ᠂ ᠡᠯᠧᠺᠲᠷᠣᠨ ᠳᠡᠯᠭᠡᠴᠡ ᠪᠠ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠤᠬᠠᠭᠤᠯᠭ᠎ᠠ ᠶᠢᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ  ᠶᠢᠨ ᠬᠡᠪᠴᠢᠶᠡᠨ ᠳᠠᠬᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠠᠷᠭ᠎ᠠ ᠬᠡᠮᠵᠢᠶ᠎ᠡ ᠪᠣᠯᠤᠨ ᠦᠷ᠎ᠡ ᠪᠦᠲᠦᠮᠵᠢ ᠪᠠᠷ ᠳᠠᠮᠵᠢᠨ᠂ ᠰᠠᠶᠢᠨ ᠰᠠᠶᠢᠬᠠᠨ ᠤᠬᠠᠭᠤᠯᠭ᠎ᠠ ᠶᠢᠨ ᠦᠷ᠎ᠡ ᠪᠦᠲᠦᠮᠵᠢ ᠣᠯᠪᠠ᠃      ᠲᠠᠷᠠᠭᠠᠴᠢ ᠶᠢᠨ ᠠᠯᠬᠤᠮ ᠳᠤ᠂ ᠲᠢᠩᠬᠢᠮ ᠤᠨ ᠬᠢᠨ ᠣᠳᠣᠬᠠᠨ ᠤ ᠰᠠᠭᠤᠷᠢᠨ ᠳᠡᠭᠡᠷ᠎ᠡ ᠪᠠᠨ ᠢᠲᠡᠭᠡᠮᠵᠢ ᠶᠢᠨ ᠦᠨᠡᠯᠡᠯᠲᠡ ᠶᠢᠨ ᠲᠣᠭᠲᠠᠴᠠ ᠶᠢ ᠤᠯᠠᠮ ᠨᠢᠭᠡ ᠠᠯᠬᠤᠮ ᠰᠤᠳᠤᠯᠤᠨ ᠲᠡᠭᠦᠯᠳᠡᠷᠵᠢᠭᠦᠯᠦᠨ᠎ᠡ᠃ 2020 ᠣᠨ ᠳᠤ᠂ ᠬᠡᠰᠡᠭ ᠭᠠᠵᠠᠷ ᠣᠷᠣᠨ ᠤ ᠨᠡᠯᠢᠶᠡᠳ ᠰᠠᠶᠢᠨ ᠲᠤᠷᠰᠢᠯᠭ᠎ᠠ ᠬᠢᠳᠡᠯ ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠦᠨᠡᠯᠡᠬᠦ ᠠᠵᠢᠯ ᠤᠨ ᠪᠣᠳᠠᠲᠠᠶ ᠲᠠᠢ ᠨᠢ ᠤᠶᠠᠯᠳᠤᠭᠤᠯᠤᠨ᠂ ᠦᠨᠡᠯᠡᠬᠦ ᠠᠷᠭ᠎ᠠ ᠪᠠ ᠦᠨᠡᠯᠡᠬᠦ ᠳ᠋ᠦᠩᠨᠡᠯᠲᠡ ᠶᠢᠨ ᠬᠡᠷᠡᠭᠯᠡᠭᠡᠨ ᠤ ᠠᠷᠭ᠎ᠠ ᠮᠠᠶ᠋ᠢᠭ ᠢ ᠨᠢ ᠰᠤᠳᠤᠯᠤᠨ ᠰᠠᠶᠢᠵᠢᠷᠠᠭᠤᠯᠵᠤ᠂ ᠪᠣᠯᠪᠠᠰᠤᠷᠠᠩᠭᠤᠶ ᠪᠣᠯᠤᠭᠰᠠᠨ ᠤ ᠬᠤᠶᠢᠨ᠎ᠠ ᠨᠢ ᠳᠡᠯᠭᠡᠷᠡᠭᠦᠯᠦᠨ᠂ ᠦᠨᠡᠯᠡᠬᠦ ᠶᠠᠪᠤᠴᠠ ᠳᠤ ᠨᠢ ᠠᠶᠢᠮᠠᠭ ᠬᠤᠲᠠ ᠶᠢᠨ ᠬᠢᠨᠠᠨ ᠬᠠᠮᠢᠶᠠᠷᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠦᠨᠡᠯᠡᠬᠦ ᠵᠡᠷᠭᠡ ᠳᠡᠰ ᠨᠢ ᠠᠵᠤ ᠠᠬᠤᠶᠢᠯᠠᠯ ᠤᠨ ᠭᠡᠷ᠎ᠡ ᠪᠠᠨ ᠭᠦᠢᠴᠡᠳᠬᠡᠭᠰᠡᠨ ᠪᠠᠶᠢᠳᠠᠯ ᠢ ᠲᠤᠰᠬᠠᠵᠤ᠂ ᠢᠲᠡᠭᠡᠮᠵᠢ ᠶᠢᠨ ᠦᠨᠡᠯᠡᠯᠲᠡ ᠶᠢᠨ ᠡᠷᠬᠡ ᠲᠡᠭᠰᠢ᠂ ᠲᠥᠪ ᠭᠤᠤᠯᠴᠢ ᠪᠠᠶᠢᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠪᠦᠲᠦᠭᠡᠨ ᠪᠠᠥᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号