︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠰᠤᠨ ᠵᠠᠮ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠲᠥᠯᠥᠪᠯᠡᠭᠡ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/10/28
     ᠣᠶᠢᠷ᠎ᠠ ᠳᠤ᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠰᠤᠨ ᠵᠠᠮ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠲᠥᠯᠥᠪᠯᠡᠭᠡ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ︾ ︵ᠥᠪᠥᠷ ᠵᠠᠮ ᠲᠠᠷᠬᠠᠭᠠᠭᠰᠠᠨ ︹ 2020 ︺17 ᠳ᠋ᠤᠭᠠᠷ ᠲᠣᠭᠠᠲᠤ︶ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠰᠤᠨ ᠵᠠᠮ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠲᠥᠯᠥᠪᠯᠡᠭᠡ ᠶᠢᠨ ᠬᠠᠮᠢᠶᠠᠷᠤᠯᠲᠠ ᠶᠢᠨ ᠠᠷᠭ᠎ᠠ︾ ᠶᠢ ᠵᠢᠩᠬᠢᠨᠢ ᠪᠠᠷ ᠨᠡᠶᠢᠲᠡᠯᠡᠪᠡ᠃ ᠡᠭᠦᠨ ᠳᠤ ᠳᠣᠣᠷᠠᠬᠢ ᠮᠡᠲᠦ ᠲᠠᠶᠢᠯᠪᠤᠷᠢᠯᠠᠪᠠ᠄      ᠨᠢᠭᠡ᠂ ᠨᠡᠶᠢᠲᠡᠯᠡᠭᠰᠡᠨ ᠠᠬᠤᠶ ᠪᠠᠶᠢᠳᠠᠯ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾᠂ ︽ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠦᠷᠢᠮ︾᠂ ︽ᠲᠥᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠳᠠᠮᠵᠢᠭᠤᠯᠤᠭᠰᠠᠨ ︿ᠪᠡᠯᠡ ᠣᠷᠣᠭᠤᠯᠵᠤ ᠪᠡᠯᠡ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠡᠩ ᠤᠨ ᠵᠠᠰᠠᠮᠠᠯ ᠵᠠᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠰᠠᠨᠠᠯ ᠤᠳ ᠤᠨ ᠲᠤᠬᠠᠢ ᠮᠡᠳᠡᠭᠳᠡᠯ﹀ ︵ᠲᠥᠷᠥ ᠠᠯᠪᠠᠨ ᠲᠠᠷᠬᠠᠭᠠᠭᠰᠠᠨ ﹇2011﹈ 22 ᠳ᠋ᠤᠭᠠᠷ ᠲᠣᠭᠠᠲᠤ︶︾᠂ ︽ᠡᠳ᠋ ᠤᠨ ᠵᠠᠰᠠᠭ ᠤᠨ ᠶᠠᠮᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠬᠤᠳᠠᠯᠳᠤᠭᠠᠨ ᠤ ᠶᠠᠪᠤᠳᠠᠯ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨ ︽ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢᠨ ᠣᠷᠣᠯᠭ᠎ᠠ ᠶᠢᠨ ᠣᠷᠣᠨ ᠨᠤᠲᠤᠭ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠡᠳ᠋ ᠤᠨ ᠵᠠᠰᠠᠭ ᠤᠨ ᠪᠦᠲᠦᠭᠡᠨ ᠪᠠᠶᠢᠭᠤᠯᠤᠯᠲᠠ ﹇2014﹈ 654 ᠳ᠋ᠦ᠋ᠭᠡᠷ ᠲᠣᠭᠠᠲᠤ︶︾᠂ ︽ᠵᠠᠮ ᠬᠠᠷᠢᠯᠴᠠᠭ᠎ᠠ ᠲᠡᠭᠡᠭᠡᠪᠦᠷᠢ ︵ᠵᠠᠰᠠᠮᠠᠯ ᠵᠠᠮ ᠤᠰᠤᠨ ᠵᠠᠮ︶ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠪ  ᠤᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠷᠥᠯ ᠵᠦᠢᠯ ᠤᠨ ᠵᠠᠷᠤᠯᠭ᠎ᠠ ᠶᠢᠨ ᠲᠥᠰᠦᠪ  ᠤᠨ ᠬᠠᠮᠢᠶᠠᠷᠤᠯᠲᠠ ᠶᠢᠨ ᠠᠷᠭ᠎ᠠ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠷᠣᠭᠰᠢ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠠᠷᠭ᠎ᠠ︾ ᠵᠡᠷᠭᠡ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ  ᠶᠢᠨ ᠲᠥᠯᠥᠪᠯᠡᠭᠡ ᠶᠢᠨ ᠬᠠᠮᠢᠶᠠᠷᠤᠯᠲᠠ ᠶᠢᠨ ᠪᠣᠳᠠᠲᠠᠶ ᠲᠠᠢ ᠤᠶᠠᠯᠳᠤᠭᠤᠯᠤᠨ ᠠᠷᠭ᠎ᠠ ᠲᠣᠭᠲᠠᠭᠠᠬᠤ ᠬᠡᠷᠡᠭᠲᠡᠶ᠃      ᠬᠤᠶᠠᠷ᠂ ᠲᠣᠭᠲᠠᠭᠠᠭᠰᠠᠨ ᠵᠣᠷᠢᠯᠭ᠎ᠠ      ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠰᠤᠨ ᠵᠠᠮ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ ᠴᠢᠩᠭᠠᠳᠬᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠳᠦᠷᠢᠮᠵᠢᠯᠲᠡ᠂ ᠵᠢᠷᠤᠮᠵᠢᠯᠲᠠ᠂ ᠰᠢᠨᠵᠢᠯᠡᠬᠦ ᠤᠬᠠᠭᠠᠨᠴᠢᠯᠠᠯᠲᠠ ᠶᠢ ᠠᠬᠢᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ  ᠢ ᠳᠡᠭᠡᠭᠰᠢᠯᠡᠭᠦᠯᠵᠦ᠂ ᠲᠥᠯᠥᠪᠯᠡᠭᠡᠲᠦ ᠬᠠᠮᠢᠶᠠᠷᠤᠯᠲᠠ ᠶᠢᠨ ᠵᠠᠭᠪᠤᠷ᠂ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ᠂ ᠬᠠᠮᠢᠶᠠᠷᠤᠯᠲᠠ ᠶᠢᠨ ᠲᠠᠰ ᠳᠠᠷᠠᠭᠠᠯᠠᠯ ᠢ ᠲᠣᠳᠣᠷᠬᠠᠶᠢᠯᠠᠨ᠎ᠠ᠃      ᠭᠤᠷᠪᠠ᠂ ᠭᠤᠤᠯᠳᠠᠯᠭ᠎ᠠ ᠲᠠᠢ ᠠᠭᠤᠯᠭ᠎ᠠ      ︽ᠠᠷᠭ᠎ᠠ︾ ᠶᠢ ᠶᠡᠷᠦᠩᠬᠡᠶ ᠲᠦᠷᠢᠮ᠂ ᠲᠥᠯᠥᠦᠪᠯᠡᠭᠡ ᠶᠢᠨ ᠬᠠᠮᠢᠶᠠᠷᠤᠯᠲᠠ ᠶᠢᠨ ᠠᠩᠭᠢᠯᠠᠯ᠂ ᠲᠥᠯᠥᠪᠯᠡᠭᠡ ᠨᠠᠶᠢᠷᠠᠭᠤᠯᠤᠨ ᠵᠣᠬᠢᠶᠠᠬᠤ ᠦᠨᠳᠦᠰᠦᠯᠡᠯ ᠪᠠ ᠱᠠᠭᠠᠷᠳᠠᠯᠭ᠎ᠠ᠂ ᠲᠥᠯᠥᠪᠯᠡᠭᠡ ᠨᠠᠶᠢᠷᠠᠭᠤᠯᠤᠨ ᠵᠣᠬᠢᠶᠠᠬᠤ ᠵᠠᠷᠴᠢᠮ᠂ ᠲᠦᠯᠦᠪᠯᠡᠭᠡ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ᠂ ᠲᠥᠯᠥᠪᠯᠡᠭᠡ ᠨᠠᠶᠢᠷᠠᠭᠤᠯᠤᠨ ᠮᠡᠳᠡᠭᠦᠯᠬᠦ ᠴᠤᠪᠤᠷᠠᠯ ᠂ ᠲᠥᠯᠥᠪᠯᠡᠭᠡ ᠶᠢ ᠳᠡᠭᠡᠭᠰᠢ ᠮᠡᠳᠡᠭᠦᠯᠵᠦ ᠳᠣᠷᠣᠭᠰᠢ ᠪᠠᠭᠤᠯᠭᠠᠬᠤ᠂ ᠲᠥᠯᠥᠪᠯᠡᠭᠡ ᠶᠢ ᠬᠡᠷᠡᠭᠵᠢᠭᠦᠯᠬᠦ᠂ ᠬᠠᠷᠢᠭᠤᠴᠠᠯᠭ᠎ᠠ ᠬᠢᠭᠡᠳ ᠬᠢᠨᠠᠯᠲᠠ ᠬᠠᠮᠢᠶᠠᠷᠤᠯᠲᠠ ᠪᠠ ᠳᠠᠭᠠᠯᠳᠤᠭᠤᠯᠤᠭᠰᠠᠨ ᠲᠦᠷᠢᠮ ᠵᠡᠷᠭᠡ ᠨᠡᠶᠢᠲᠡ ᠠᠷᠪᠠᠨ ᠪᠦᠯᠦᠭ ᠬᠡᠰᠡᠭ ᠬᠤᠪᠢᠶᠠᠨ᠎ᠠ᠃      ︵ᠨᠢᠭᠡ︶ ᠬᠡᠷᠡᠭᠯᠡᠬᠦ ᠬᠡᠪᠴᠢᠶ᠎ᠡ    ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢᠨ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠤᠭᠰᠠᠨ ᠵᠠᠰᠠᠮᠠᠯ ᠵᠠᠮ ᠤᠰᠤᠨ ᠵᠠᠮ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠴᠥᠮ ᠲᠤᠰ ︽ᠠᠷᠭ᠎ᠠ︾ ᠲᠣᠬᠢᠷᠠᠨ᠎ᠠ᠃      ︵ᠬᠤᠶᠠᠷ︶ ᠲᠦᠯᠦᠪᠯᠡᠭᠡ ᠶᠢᠨ ᠬᠠᠮᠢᠶᠠᠷᠤᠯᠲᠠ ᠶᠢᠨ ᠠᠩᠭᠢᠯᠠᠯ      ᠲᠥᠷᠥᠯ ᠵᠦᠢᠯ ᠤᠨ ᠵᠠᠷᠤᠯᠭ᠎ᠠ ᠶᠢᠨ ᠬᠤᠪᠢᠶᠠᠷᠢᠯᠠᠯᠲᠠ ᠳᠤ ᠭᠤᠤᠯᠳᠠᠭᠤ ᠲᠥᠷᠥᠯ ᠵᠦᠢᠯ ᠤᠨ ᠬᠠᠤᠯᠢ ᠪᠠ ᠬᠦᠴᠦᠨ ᠵᠦᠢᠯ ᠤᠨ ᠬᠠᠤᠯᠢ ᠶᠢ ᠬᠡᠷᠡᠭᠯᠡᠨ᠎ᠡ᠃ ᠡᠭᠦᠨ ᠳᠤ᠄      1. ᠳᠡᠭᠡᠳᠦ ᠬᠤᠷᠳᠤ ᠶᠢᠨ ᠵᠠᠰᠠᠮᠠᠯ ᠵᠠᠮ᠂ ᠤᠯᠤᠰ ᠪᠠ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ᠂ ᠵᠢᠭᠤᠯᠴᠢᠯᠠᠯ ᠤᠨ ᠵᠠᠰᠠᠮᠠᠯ ᠵᠠᠮ᠂ ᠵᠠᠰᠠᠮᠠᠯ ᠵᠠᠮ ᠪᠣᠯᠤᠨ ᠲᠡᠮᠦᠷ ᠵᠠᠮ ᠤᠨ ᠲᠡᠭᠰᠢ ᠣᠭᠲᠤᠯᠤᠯᠴᠠᠬᠤ ᠵᠠᠮ ᠢ ᠵᠦᠷᠢᠯᠢᠭ ᠬᠥᠭᠦᠷᠭᠡ ᠪᠣᠯᠭᠠᠨ ᠥᠭᠡᠷᠡᠴᠢᠯᠡᠬᠦ᠂ ᠠᠶᠠᠨᠴᠢᠳ ᠤᠨ ᠲᠡᠭᠡᠭᠡᠪᠦᠷᠢ ᠶᠢᠨ ᠵᠠᠩᠭᠢᠯᠠᠭ᠎ᠠ ᠶᠢᠨ ᠥᠷᠲᠡᠭᠡᠨ ᠲᠠᠯᠠᠪᠤᠷ᠂ ᠠᠴᠢᠶ᠎ᠠ ᠲᠡᠭᠡᠭᠡᠪᠦᠷᠢ ᠶᠢᠨ ᠵᠠᠩᠭᠢᠯᠠᠭ᠎ᠠ ︵ᠪᠠᠷᠠᠭ᠎ᠠ ᠭᠦᠢᠯᠭᠡᠭᠡᠨ ᠤ ᠬᠦᠷᠢᠶᠡᠯᠡᠩ ᠲᠣᠭᠤᠷᠢᠭ︶᠂ ᠳᠣᠲᠣᠭᠠᠳᠤ ᠭᠤᠤᠯ ᠮᠥᠷᠡᠨ ᠤ ᠤᠰᠤᠨ ᠲᠡᠭᠡᠭᠡᠪᠦᠷᠢ ᠪᠠ ᠳᠡᠮᠵᠢᠬᠦ ᠰᠢᠰᠲ᠋ᠧᠮ ᠵᠡᠷᠭᠡ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠳᠠᠯᠭ᠎ᠠ ᠲᠠᠢ ᠲᠥᠷᠥᠯ ᠵᠦᠢᠯ ᠵᠢᠴᠢ ᠡᠩ ᠤᠨ ᠤᠯᠤᠰ ᠤᠨ ᠪᠠ ᠮᠤᠵᠢ ᠶᠢᠨ ᠵᠠᠮ ᠤᠨ ᠭᠠᠮᠰᠢᠭᠳᠠᠨ ᠡᠪᠳᠡᠭᠳᠡᠭᠰᠡᠨ ᠢ ᠰᠡᠷᠭᠦᠭᠡᠨ ᠳᠠᠬᠢᠨ ᠪᠠᠶᠢᠭᠤᠯᠬᠤ ᠲᠥᠷᠥᠯ ᠵᠦᠢᠯ᠂ ᠤᠯᠤᠰ ᠤᠨ ᠪᠠ ᠮᠤᠵᠢ ᠶᠢᠨ ᠵᠠᠮ ᠤᠨ ᠠᠶᠤᠯᠲᠠᠶ ᠬᠥᠭᠦᠷᠭᠡ ᠶᠢ ᠥᠭᠡᠷᠡᠴᠢᠯᠡᠬᠦ ᠪᠣᠯᠤᠨ ᠠᠮᠤᠷ ᠲᠦᠪᠰᠢᠨ ᠠᠮᠢ ᠨᠠᠰᠤᠨ ᠤ ᠬᠠᠮᠠᠭᠠᠯᠠᠯᠲᠠ ᠶᠢᠨ ᠪᠠᠷᠢᠯᠭ᠎ᠠ᠂ ᠤᠯᠤᠰ ᠤᠨ ᠪᠠ ᠮᠤᠵᠢ ᠶᠢᠨ ᠵᠠᠮ ᠤᠨ ᠦᠢᠯᠡᠴᠢᠯᠡᠭᠡᠨ ᠤ ᠪᠡᠯᠡᠳᠬᠡᠮᠵᠢ ᠶᠢ ᠥᠭᠡᠷᠡᠴᠢᠯᠡᠬᠦ ᠪᠠ ᠤᠯᠤᠰ ᠤᠨ ᠪᠠ ᠮᠤᠵᠢ ᠶᠢᠨ ᠵᠠᠮ  ᠤᠨ ᠭᠠᠮᠰᠢᠭ ᠢ ᠰᠡᠷᠭᠡᠶᠢᠯᠡᠨ ᠵᠠᠰᠠᠬᠤ ᠪᠠᠷᠢᠯᠭ᠎ᠠ ᠵᠡᠷᠭᠡ ᠡᠩ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠷᠤᠯᠭ᠎ᠠ ᠶᠢᠨ ᠬᠤᠪᠢᠶᠠᠷᠢᠯᠠᠯᠲᠠ ᠳᠤ ᠲᠥᠷᠥᠯ ᠵᠦᠢᠯ ᠤᠨ ᠬᠠᠤᠯᠢ ᠶᠢ ᠬᠡᠷᠡᠭᠯᠡᠨ᠎ᠡ᠃      2. ᠬᠥᠳᠡᠭᠡ ᠲᠣᠰᠬᠤᠨ ᠤ ᠵᠠᠰᠠᠮᠠᠯ ᠵᠠᠮ ᠵᠡᠷᠭᠡ ᠡᠩ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠠᠷᠤᠯᠭ᠎ᠠ ᠶᠢᠨ ᠬᠤᠪᠢᠶᠠᠷᠢᠯᠠᠯᠲᠠ ᠳᠤ ᠡᠯᠧᠮᠧᠨ᠋ᠲ ᠤᠨ ᠬᠠᠤᠯᠢ ᠶᠢ ᠬᠡᠷᠡᠭᠯᠡᠨ ᠨᠥᠬᠦᠪᠥᠷᠢ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠲᠥᠰᠦᠭᠡᠯᠡᠨ ᠪᠣᠳᠣᠵᠤ᠂ ᠲᠥᠷᠥᠯ ᠵᠦᠢᠯ ᠤᠨ ᠵᠦᠢᠯᠴᠢᠯᠡᠯ ᠢ ᠬᠡᠰᠡᠭᠯᠡᠨ ᠬᠠᠮᠢᠶᠠᠷᠬᠤ ᠵᠠᠷᠴᠢᠮ ᠢᠶᠠᠷ ᠨᠥᠬᠦᠪᠥᠷᠢ ᠪᠡᠯᠡ ᠣᠷᠤᠭᠤᠯᠤᠯᠲᠠ ᠲᠣᠬᠢᠷᠠᠭᠤᠯᠤᠨ᠎ᠠ᠃      ︵ᠭᠤᠷᠪᠠ︶ ᠲᠥᠯᠥᠪᠯᠡᠭᠡ ᠨᠠᠶᠢᠷᠠᠭᠤᠯᠤᠨ ᠵᠣᠬᠢᠶᠠᠬᠤ ᠦᠨᠳᠦᠰᠦᠯᠡᠯ ᠪᠣᠯᠤᠨ ᠱᠠᠭᠠᠷᠳᠠᠯᠭ᠎ᠠ      ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠲᠥᠯᠥᠪᠵᠢᠭᠦᠯᠪᠡ ᠪᠠ ᠣᠨ ᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠦᠨᠳᠦᠰᠦᠯᠡᠨ᠂ ᠲᠤᠰ ᠣᠨ ᠤ ᠲᠥᠪ᠂ ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ ᠶᠢᠨ ᠬᠡᠪᠴᠢᠶ᠎ᠡ ᠪᠣᠯᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠪᠠᠶᠢᠳᠠᠯ ᠵᠡᠷᠭᠡ ᠬᠦᠴᠦᠨ ᠵᠦᠢᠯ ᠲᠠᠢ ᠤᠶᠠᠯᠳᠤᠭᠤᠯᠵᠤ ᠪᠠᠶᠢᠭᠠᠳ ᠣᠨ ᠤ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠬᠡᠷᠡᠭᠲᠡᠶ᠃ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ  ᠵᠦᠢᠯ ᠳᠤ ᠲᠥᠷᠥᠯ ᠵᠦᠢᠯ ᠤᠨ ᠬᠥᠮᠥᠷᠭᠡ ᠶᠢᠨ ᠬᠠᠮᠢᠶᠠᠷᠤᠯᠲᠠ  ᠶᠢᠨ ᠳᠦᠷᠢᠮ ᠢ ᠬᠡᠷᠡᠭᠵᠢᠭᠦᠯᠬᠦ ᠬᠡᠷᠡᠭᠲᠡᠶ᠃ ︽ᠤᠷᠢᠳᠠᠪᠠᠷ ᠲᠥᠷᠥᠯ ᠵᠦᠢᠯ ᠪᠠ ᠡᠮᠦᠨᠡᠬᠢ ᠬᠤᠭᠤᠴᠠᠭᠠᠨ ᠤ ᠠᠵᠢᠯ ᠪᠠᠶᠢᠵᠤ᠂ ᠳᠠᠷᠠᠭ᠎ᠠ ᠨᠢ ᠲᠥᠯᠥᠪᠯᠡᠭᠡ ᠲᠠᠢ ᠪᠠᠶᠢᠬᠤ︾ ᠵᠠᠷᠴᠢᠮ ᠶᠣᠰᠣᠭᠠᠷ᠂ ᠲᠥᠷᠥᠯ ᠵᠦᠢᠯ ᠤᠨ ᠬᠥᠮᠥᠷᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠮᠦᠨᠡᠬᠢ ᠬᠤᠭᠤᠴᠠᠭᠠᠨ ᠤ ᠠᠵᠢᠯ ᠪᠣᠯᠤᠨ ᠲᠥᠷᠥᠯ ᠵᠦᠢᠯ ᠤᠨ ᠨᠥᠬᠡᠴᠡ ᠶᠢ ᠰᠠᠶᠢᠲᠤᠷ ᠬᠢᠬᠦ ᠬᠡᠷᠡᠭᠲᠡᠶ᠃      ︵ᠳᠥᠷᠪᠡ︶ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠵᠠᠷᠴᠢᠮ      ᠵᠢᠯ ᠤᠨ ᠪᠡᠯᠡ ᠣᠷᠣᠭᠤᠯᠤᠯᠲᠠ ᠶᠢᠨ ᠲᠥᠯᠥᠪᠯᠡᠭᠡ ᠨᠢ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠬᠥᠭᠵᠢᠯᠲᠡ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠥᠭᠵᠢᠯᠲᠡ ᠶᠢᠨ ᠬᠡᠷᠡᠭᠴᠡᠭᠡ ᠳᠤ ᠨᠡᠶᠢᠴᠡᠵᠦ᠂ ︽ᠲᠥᠯᠥᠪᠵᠢᠭᠦᠯᠭᠡ ᠪᠠᠷ ᠬᠢᠵᠠᠭᠠᠷᠯᠠᠬᠤ᠂ ᠭᠤᠤᠯᠳᠠᠯᠭ᠎ᠠ ᠶᠢ ᠪᠠᠲᠤᠯᠠᠬᠤ᠂ ᠶᠠᠳᠠᠭᠤ ᠬᠦᠴᠢᠷᠳᠡᠯ ᠢ ᠲᠡᠳᠬᠦᠬᠦ᠂ ᠶᠡᠷᠦᠩᠬᠡᠢ ᠳᠤ ᠨᠢ ᠲᠡᠩᠴᠡᠭᠦᠯᠬᠦ᠂ ᠵᠢᠷᠤᠮᠵᠢᠭᠰᠠᠨ ᠰᠢᠨᠵᠢᠯᠡᠬᠦ ᠤᠬᠠᠭᠠᠨᠴᠢ᠂ ᠵᠣᠬᠢᠴᠠᠩᠭᠤᠶ ᠪᠠᠷ ᠬᠥᠭᠵᠢᠭᠦᠯᠬᠦ︾ ᠵᠠᠷᠴᠢᠮ ᠢ ᠵᠢᠷᠤᠮᠯᠠᠨ ᠨᠠᠶᠢᠷᠠᠭᠤᠯᠤᠨ ᠵᠣᠭᠢᠶᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠣᠨ ᠤ ᠪᠡᠯᠡ ᠣᠷᠣᠭᠤᠯᠤᠯᠲᠠ ᠶᠢᠨ ᠲᠥᠯᠥᠪᠯᠡᠭᠡ ᠳᠤ ᠣᠷᠣᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠮᠦᠨᠡᠬᠢ ᠬᠤᠭᠤᠴᠠᠭᠠᠨ ᠤ ᠠᠵᠢᠯ ᠢ ᠪᠡᠶᠡᠯᠡᠭᠦᠯᠬᠦ ᠶᠢᠨ ᠬᠠᠮᠲᠤ᠂ ᠬᠢᠨᠠᠨ ᠵᠥᠪᠰᠢᠶᠡᠷᠡᠬᠦ ᠡᠷᠬᠡ ᠮᠡᠳᠡᠯ ᠲᠠᠢ ᠰᠠᠯᠠᠭ᠎ᠠ ᠮᠥᠴᠢᠷ ᠤᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠣᠯᠤᠭᠰᠠᠨ ᠪᠥᠭᠡᠳ ᠲᠣᠰ ᠵᠢᠯ ᠳᠤ ᠪᠠᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠃ ᠡᠭᠦᠨ ᠤ ᠬᠠᠮᠲᠤ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠣᠶᠢᠯᠠᠭᠠᠭᠳᠠᠬᠤᠨ ᠪᠣᠯᠤᠨ ᠱᠠᠭᠠᠷᠳᠠᠯᠭ᠎ᠠ ᠶᠢ ᠲᠥᠯᠦᠪᠯᠡᠭᠡ ᠶᠢᠨ ᠬᠠᠮᠢᠶᠠᠷᠤᠯᠲᠠ ᠶᠢᠨ ᠡᠯ᠎ᠡ ᠭᠤᠭᠴᠤᠭ᠎ᠠ ᠳᠤ ᠠᠭᠤᠰᠬᠠᠨ ᠣᠷᠣᠭᠤᠯᠵᠤ᠂ ᠬᠡᠷᠡᠭ ᠤᠨ ᠡᠮᠦᠨ᠎ᠡ ᠬᠠᠷᠠᠯᠲᠠ ᠲᠠᠢ᠂ ᠬᠡᠷᠡᠭ ᠤᠨ ᠳᠤᠮᠳᠠ ᠬᠢᠨᠠᠨ ᠡᠵᠡᠮᠳᠡᠯ ᠲᠠᠢ᠂ ᠬᠡᠷᠡᠭ ᠤᠨ ᠳᠠᠷᠠᠭ᠎ᠠ ᠦᠨᠡᠯᠡᠯᠲᠡ ᠲᠠᠢ᠂ ᠦᠷ᠎ᠡ ᠳ᠋ᠦᠩ ᠳᠤ ᠪᠥᠬᠦ ᠶᠠᠪᠤᠴᠠ ᠶᠢᠨ ᠠᠮᠵᠢᠯᠲᠠ ᠪᠦᠲᠦᠮᠵᠢ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ᠎ᠠ᠃      ︵ᠲᠠᠪᠤ︶ ᠲᠥᠯᠥᠪᠯᠡᠭᠡ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ      ᠣᠨ ᠤ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠰᠠᠯᠠᠭ᠎ᠠ ᠮᠥᠴᠢᠷ ᠬᠠᠮᠵᠢᠯᠴᠠᠬᠤ᠂ ᠱᠠᠲᠤ ᠬᠤᠪᠢᠶᠠᠨ ᠬᠠᠮᠢᠶᠠᠷᠬᠤ᠂ ᠱᠠᠲᠤ ᠳᠠᠷᠠᠭᠠᠯᠠᠨ ᠬᠠᠷᠢᠭᠤᠴᠠᠬᠤ ᠶᠣᠰᠣᠭᠠᠷ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠣᠨ ᠤ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ  ᠠᠴᠠ ᠨᠢᠭᠡᠳᠦᠯᠲᠡᠢ ᠬᠠᠷᠢᠭᠤᠴᠠᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠳᠣᠷᠤᠭᠰᠢ ᠪᠠᠭᠤᠯᠭᠠᠵᠤ᠂ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠭᠠᠵᠠᠷ ᠣᠷᠣᠨ ᠤ ᠪᠠᠨ ᠣᠨ ᠤ ᠲᠥᠪ ᠪᠠ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠪᠠᠨ ᠮᠡᠳᠡᠭᠦᠯᠬᠦ ᠠᠵᠢᠯ  ᠢ ᠬᠠᠷᠢᠭᠤᠴᠠᠨ ᠵᠣᠬᠢᠶᠠᠨ ᠪᠠᠶᠢᠭᠤᠯᠬᠤ ᠶᠢᠨ ᠬᠠᠮᠲᠤ ᠣᠨ ᠤ ᠪᠡᠯᠡ ᠣᠷᠣᠭᠤᠯᠤᠯᠲᠠ ᠶᠢᠨ ᠰᠠᠨᠠᠭᠤᠯᠭ᠎ᠠ ᠶᠢᠨ ᠲᠥᠯᠥᠪᠯᠡᠭᠡ ᠪᠠᠨ ᠨᠠᠶᠢᠷᠠᠭᠤᠯᠤᠨ ᠮᠡᠳᠡᠭᠦᠯᠵᠦ᠂ ᠲᠤᠰ ᠭᠠᠵᠠᠷ ᠣᠷᠣᠨ ᠤ ᠪᠠᠨ ᠣᠨ ᠤ ᠪᠡᠯᠡ ᠣᠷᠤᠭᠤᠯᠤᠯᠲᠠ ᠶᠢᠨ ᠲᠥᠯᠥᠪᠯᠡᠭᠡ ᠪᠠᠨ ᠴᠠᠭ ᠲᠤᠬᠠᠶ ᠳᠤ ᠨᠢ ᠨᠠᠶᠢᠷᠠᠭᠤᠯᠤᠨ ᠵᠣᠬᠢᠶᠠᠬᠤ᠂ ᠳᠠᠮᠵᠢᠭᠤᠯᠤᠨ ᠶᠠᠪᠤᠭᠤᠯᠬᠤ᠂  ᠳᠣᠷᠤᠭᠰᠢ ᠪᠠᠭᠤᠯᠭᠠᠬᠤ ᠬᠡᠷᠡᠭᠲᠡᠶ᠃      ︵ᠵᠢᠷᠭᠤᠭ᠎ᠠ︶ ᠲᠥᠯᠥᠪᠯᠡᠭᠡ ᠶᠢ ᠭᠦᠢᠴᠡᠳᠬᠡᠬᠦ      ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠣᠨ ᠤ ᠪᠡᠯᠡ ᠣᠷᠤᠭᠤᠯᠤᠯᠲᠠ ᠶᠢᠨ ᠲᠥᠯᠥᠪᠯᠡᠭᠡ ᠶᠢ ᠴᠢᠩᠭ᠎ᠠ ᠬᠡᠷᠡᠭᠵᠢᠭᠦᠯᠵᠦ᠂ ᠲᠥᠪ ᠬᠢᠭᠡᠳ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢ ᠪᠦᠬᠦ ᠲᠤᠭ᠎ᠠ ᠪᠠᠷ ᠨᠢ ᠲᠥᠯᠥᠪᠯᠡᠭᠡ ᠪᠠᠷ ᠪᠠᠭᠤᠯᠭᠠᠭᠰᠠᠨ ᠲᠥᠷᠥᠯ ᠵᠦᠢᠯ ᠳᠤ ᠬᠡᠷᠡᠭᠯᠡᠬᠦ ᠶᠢ ᠪᠠᠲᠤᠯᠠᠨ᠂ ᠪᠡᠯᠡ ᠮᠥᠩᠭᠦ ᠶᠢ ᠲᠤᠩᠭᠠᠬᠤ ᠪᠣᠶᠤ ᠰᠠᠭᠠᠲᠠᠭᠤᠯᠵᠤ ᠪᠣᠯᠬᠤ ᠦᠭᠡᠢ᠂ ᠳᠤᠷ᠎ᠠ ᠪᠠᠷ ᠢᠶᠠᠨ ᠲᠣᠬᠢᠷᠠᠭᠤᠯᠤᠯᠲᠠ ᠬᠢᠵᠦ ᠪᠣᠯᠬᠤ ᠦᠭᠡᠢ᠃      ︵ᠳᠣᠯᠤᠭ᠎ᠠ︶ ᠬᠠᠷᠢᠭᠤᠴᠠᠯᠭ᠎ᠠ ᠬᠢᠭᠡᠳ ᠬᠢᠨᠠᠯᠲᠠ ᠬᠠᠮᠢᠶᠠᠷᠤᠯᠲᠠ      ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠲᠢᠩᠬᠢᠮ ᠤᠨ ᠰᠢᠭᠤᠳ ᠬᠠᠷᠢᠶ᠎ᠠ ᠨᠢᠭᠡᠴᠢ ᠪᠠ ᠲᠥᠷᠥᠯ ᠵᠦᠢᠯ ᠤᠨ ᠨᠢᠭᠡᠴᠢ ᠠᠴᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠲᠥᠪ ᠪᠠ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢ ᠭᠤᠶᠤᠴᠢᠯᠠᠬᠤ ᠪᠠ ᠬᠡᠷᠡᠭᠯᠡᠬᠦ ᠲᠠᠯ᠎ᠠ ᠪᠠᠷ ᠬᠠᠮᠢᠶᠠᠷᠤᠯᠲᠠ ᠪᠠᠨ ᠴᠢᠩᠭᠠᠳᠬᠠᠵᠤ᠂ ᠪᠦᠲᠦᠮᠵᠢᠲᠡᠶ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢ ᠵᠦᠶ ᠵᠣᠬᠢᠰᠲᠠᠶ ᠬᠡᠷᠡᠭᠯᠡᠬᠦ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ ᠬᠢᠨᠠᠨ ᠪᠤᠳᠤᠬᠤ᠂ ᠬᠢᠨᠠᠨ ᠪᠠᠶᠢᠴᠠᠭᠠᠬᠤ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ      【ᠬᠠᠮᠢᠶ᠎ᠠ ᠪᠥᠬᠦᠶ ᠲᠥᠷᠥ ᠶᠢᠨ ᠪᠣᠳᠣᠯᠭ᠎ᠠ】 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠰᠤᠨ ᠵᠠᠮ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠲᠥᠯᠥᠪᠯᠡᠭᠡ ᠶᠢᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
 
ᠢᠷᠡᠯᠲᠡ᠄ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号