︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠲᠠᠪᠴᠠᠩ ᠤᠨ ᠵᠠᠮ ᠤᠨ ᠡᠳ᠋ ᠪᠠᠷᠠᠭᠠᠨ ᠤ ᠡᠵᠡᠩᠨᠡᠯᠲᠡ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2020/10/28
     ︽ᠢᠨᠲ᠋ᠧᠷ ᠰᠦᠯᠵᠢᠶ᠎ᠡ +︾ ᠥᠨᠳᠥᠷ ᠪᠦᠲᠦᠮᠵᠢᠲᠡᠢ ᠪᠠᠷᠠᠭᠠᠨ ᠤ ᠭᠦᠢᠯᠭᠡᠭᠡ ᠵᠢᠴᠢ ᠲᠠᠪᠴᠠᠩ ᠤᠨ ᠠᠵᠤ ᠠᠬᠤᠢ ᠶᠢᠨ ᠵᠢᠷᠤᠮᠵᠢᠯ ᠲᠠᠢ ᠪᠦᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ‌ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠶ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠮ ᠤᠨ ᠡᠳ᠋ ᠪᠠᠷᠠᠭᠠᠨ ᠤ ᠲᠡᠭᠡᠭᠡᠪᠦᠷᠢ ᠶᠢᠨ ᠦᠢᠯᠡᠰ ᠬᠢᠭᠡᠳ ᠢᠨᠲ᠋ᠧᠷ ᠰᠦᠯᠵᠢᠶ᠎ᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠵᠠᠬ᠎ᠠ ᠳᠡᠯᠭᠡᠭᠦᠷ ᠤᠨ ᠰᠢᠨ᠎ᠡ ᠡᠵᠡᠩᠨᠡᠯᠲᠡ ᠶᠢᠨ ᠪᠠᠶᠢᠳᠠᠯ ᠢ ᠵᠢᠷᠤᠮᠵᠢᠭᠤᠯᠤᠨ ᠪᠤᠶᠢᠵᠢᠭᠤᠯᠵᠤ᠂ ᠵᠠᠮ ᠤᠨ ᠡᠳ᠋ ᠪᠠᠷᠠᠭᠠᠨ ᠤ ᠲᠡᠭᠡᠭᠡᠪᠦᠷᠢ ᠶᠢᠨ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠵᠦ ᠴᠢᠨᠠᠷᠯᠢᠭ ᠢᠶᠠᠷ ᠬᠥᠭᠵᠢᠬᠦ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ 2019 ᠣᠨ ᠤ 9 ᠳ᠋ᠦ᠋ᠭᠡᠷ ᠰᠠᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠠᠴᠠ ︽ᠰᠦᠯᠵᠢᠶᠡᠨ ᠤ ᠲᠠᠪᠴᠠᠩ ᠤᠨ ᠵᠠᠮ ᠲᠡᠭᠡᠭᠡᠪᠦᠷᠢ ᠶᠢᠨ ᠡᠵᠡᠩᠨᠡᠯᠲᠡ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠳᠣᠷᠤᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠨᠡᠶᠢᠲᠡᠯᠡᠪᠡ᠂ ᠡᠨᠡ ᠨᠢ 2016 ᠣᠨ ᠠᠴᠠ ᠡᠬᠢᠯᠡᠨ ᠲᠤᠷᠰᠢᠯᠲᠠ ᠬᠢᠭᠰᠡᠨ ᠲᠡᠷᠭᠡ ᠥᠬᠡᠶ ᠳᠠᠭᠠᠭᠠᠴᠢᠯᠠᠨ ᠲᠡᠭᠡᠭᠡᠪᠦᠷᠢᠯᠡᠭᠴᠢ ᠠᠴᠠ ᠰᠦᠯᠵᠢᠶᠡᠨ ᠳᠡᠭᠡᠷ᠎ᠡ ᠪᠠᠷᠠᠭ᠎ᠠ ᠲᠡᠭᠡᠭᠡᠪᠦᠷᠢᠯᠡᠬᠦ ᠲᠡᠶᠢᠰᠢ ᠵᠢᠩᠬᠢᠨᠢ ᠪᠠᠷ ᠰᠢᠯᠵᠢᠭᠰᠡᠨ ᠢ ᠬᠠᠷᠠᠭᠤᠯᠵᠤ ᠪᠣᠢ᠃ 2020 ᠣᠨ ᠤ 4 ᠳ᠋ᠦ᠋ᠭᠡᠷ ᠰᠠᠷ᠎ᠠ ᠶᠢᠨ 7 ᠤ ᠡᠳᠦᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠤ ᠲᠠᠪᠴᠠᠩ ᠤᠨ ᠵᠠᠮ ᠤᠨ ᠡᠳ᠋ ᠪᠠᠷᠠᠭᠠᠨ ᠤ ᠲᠡᠭᠡᠭᠡᠪᠦᠷᠢ ᠶᠢᠨ ᠡᠵᠡᠩᠨᠡᠯᠲᠡ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ︾ ︵ᠳᠣᠷᠤᠭᠰᠢ ︽ᠬᠡᠷᠡᠭᠵᠢᠭᠦᠯᠬᠦ ᠨᠠᠷᠢᠨ ᠲᠦᠷᠢᠮ︾ ᠭᠡᠵᠦ ᠲᠣᠪᠴᠢᠯᠠᠨ᠎ᠠ︶ ᠢ ᠵᠢᠩᠬᠢᠨᠢ ᠪᠠᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠂ ᠬᠦᠴᠦᠨ ᠲᠠᠢ ᠬᠤᠭᠤᠴᠠᠭ᠎ᠠ ᠨᠢ 2 ᠵᠢᠯ ᠪᠣᠯᠤᠨ᠎ᠠ᠃ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠮᠢᠶ᠎ᠠ ᠪᠥᠬᠦᠶ ᠠᠭᠤᠯᠭ᠎ᠠ ᠶᠢ ᠨᠠᠩ ᠰᠠᠶᠢᠲᠤᠷ ᠣᠶᠢᠯᠠᠭᠠᠬᠤ ᠳᠤ ᠳᠥᠭᠦᠮ ᠦᠵᠡᠭᠦᠯᠦᠨ᠂ ︽ᠬᠡᠷᠡᠭᠵᠢᠭᠦᠯᠬᠦ ᠨᠠᠷᠢᠨ ᠲᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠤᠰᠠᠳᠠ᠂ ᠳᠣᠤᠷᠠᠬᠢ ᠮᠡᠲᠦ ᠲᠠᠶᠢᠯᠤᠮᠵᠢ ᠬᠢᠪᠡ᠄      ᠨᠢᠭᠡ᠂ ᠲᠤᠭᠤᠷᠪᠢᠭᠰᠠᠨ ᠠᠬᠤᠶ ᠪᠠᠶᠢᠳᠠᠯ      2016 ᠣᠨ ᠤ 8 ᠳ᠋ᠤᠭᠠᠷ ᠰᠠᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠪᠦᠬᠦ ᠤᠯᠤᠰ ᠲᠤ ᠲᠡᠷᠭᠡ ᠦᠭᠡᠢ ᠳᠠᠭᠠᠭᠠᠴᠢᠯᠠᠨ ᠲᠡᠭᠡᠭᠡᠪᠦᠷᠢᠯᠡᠭᠴᠢ ᠶᠢᠨ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠪᠡ ᠃ ᠭᠤᠷᠪᠠᠨ ᠵᠢᠯ ᠤᠨ ᠲᠤᠷᠰᠢ᠂ ᠲᠡᠷᠭᠡ ᠥᠬᠡᠶ ᠪᠠᠷ ᠳᠠᠭᠠᠭᠠᠴᠢᠯᠠᠨ ᠲᠡᠭᠡᠭᠡᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠢ ᠲᠠᠰᠤᠷᠠᠯᠲᠠ ᠥᠬᠡᠶ ᠠᠬᠢᠭᠤᠯᠤᠭᠰᠠᠨ ᠤ ᠬᠠᠮᠲᠤ ᠢᠯᠡᠳᠲᠡ ᠦᠷ᠎ᠡ ᠪᠦᠲᠦᠮᠵᠢ ᠣᠯᠵᠤ᠂ ᠢᠨᠲ᠋ᠧᠷ ᠰᠦᠯᠵᠢᠶᠡᠨ ᠤ ᠪᠠᠷᠠᠭᠠᠨ ᠤ ᠭᠦᠢᠯᠭᠡᠭᠡᠨ ᠤ ᠲᠠᠪᠴᠠᠩ ᠤᠨ ᠬᠥᠭᠵᠢᠯᠲᠡ ᠶᠢᠨ ᠵᠠᠭᠪᠤᠷ ᠲᠤ ᠲᠦᠰᠢᠭᠯᠡᠨ ᠰᠦᠪᠡᠭᠴᠢᠯᠡᠯᠲᠡ ᠬᠢᠵᠦ ᠰᠢᠨ᠎ᠡ ᠶᠢ ᠡᠭᠦᠳᠦᠨ᠂ ᠠᠵᠢᠯ ᠲᠥᠷᠥᠯ ᠤᠨ ᠬᠢᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠳᠠᠶᠢᠴᠢᠯᠠᠨ᠂ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠢ ᠨᠡᠮᠡᠭᠳᠡᠭᠦᠯᠬᠦ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠪᠡ᠃ ᠭᠡᠪᠡᠴᠦ ᠬᠠᠤᠯᠢ ᠲᠣᠭᠲᠠᠭᠠᠯ ᠪᠠ ᠲᠦᠷᠢᠮ ᠨᠢ ᠲᠡᠭᠦᠯᠳᠡᠷᠵᠢᠭᠡᠳᠦᠶ᠂ ᠠᠵᠢᠯ ᠲᠥᠷᠥᠯ ᠤᠨ ᠬᠠᠤᠯᠢ ᠴᠠᠭᠠᠵᠠ ᠶᠢᠨ ᠪᠠᠶᠢᠷᠢ ᠲᠣᠭᠲᠠᠭᠠᠯᠲᠠ ᠨᠢ ᠪᠠᠯᠠᠷᠬᠠᠶ᠂ ᠬᠢᠨᠠᠯᠲᠠ ᠬᠠᠮᠢᠶᠠᠷᠤᠯᠲᠠ ᠨᠢ ᠪᠦᠲᠦᠮᠵᠢᠲᠡᠶ ᠲᠤᠯᠭᠠᠭᠤᠷᠢᠯᠠᠯ ᠢᠶᠠᠷ ᠳᠤᠲᠠᠮᠠᠭ ᠪᠠᠶᠢᠬᠤ ᠨᠢ ᠮᠥᠨ ᠬᠦ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠵᠢᠷᠤᠮᠵᠢᠭᠤᠯᠤᠨ ᠠᠵᠢᠯᠯᠠᠭᠤᠯᠬᠤ ᠶᠢᠨ ᠴᠢᠬᠤᠯᠠ ᠰᠠᠭᠠᠳ ᠪᠣᠯᠵᠣ ᠪᠣᠢ᠃      2019 ᠣᠨ ᠤ 8 ᠳ᠋ᠤᠭᠠᠷ ᠰᠠᠷ᠎ᠠ ᠳᠤ᠂ ︽ᠲᠠᠪᠴᠠᠩ ᠤᠨ ᠠᠵᠤ ᠠᠬᠤᠶ ᠶᠢᠨ ᠵᠢᠷᠤᠮᠵᠢᠯ ᠲᠠᠢ ᠪᠦᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ᠳᠤ᠂ ᠲᠠᠪᠴᠠᠩ ᠤᠨ ᠠᠵᠤ ᠠᠬᠤᠶ ᠶᠢᠨ ᠬᠥᠭᠵᠢᠯᠲᠡ ᠳᠤ ᠵᠣᠬᠢᠴᠠᠭᠰᠠᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠶᠢ ᠠᠬᠢᠭᠤᠯᠤᠨ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃ 2019 ᠣᠨ ᠤ 9 ᠳ᠋ᠦ᠋ᠭᠡᠷ ᠰᠠᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠥᠩᠬᠡᠢ ᠲᠣᠪᠴᠢᠶ᠎ᠠ ᠠᠴᠠ ︽ᠰᠦᠯᠵᠢᠶᠡᠨ ᠤ ᠲᠠᠪᠴᠠᠩ ᠤᠨ ᠵᠠᠮ ᠤᠨ ᠡᠳ᠋ ᠪᠠᠷᠠᠭᠠᠨ ᠤ ᠲᠡᠭᠡᠭᠡᠪᠦᠷᠢ ᠶᠢᠨ ᠡᠵᠡᠩᠨᠡᠯᠲᠡ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠨᠡᠶᠢᠲᠡᠯᠡᠵᠦ ᠂ ᠰᠦᠯᠵᠢᠶᠡᠨ ᠤ ᠪᠠᠷᠠᠭ᠎ᠠ ᠲᠡᠭᠡᠭᠡᠪᠦᠷᠢ ᠶᠢᠨ ᠡᠵᠡᠩᠨᠡᠭᠴᠢ ᠶᠢᠨ ᠬᠠᠤᠯᠢ ᠴᠠᠭᠠᠵᠠ ᠶᠢᠨ ᠪᠠᠶᠢᠷᠢ ᠲᠣᠭᠲᠠᠭᠠᠯᠲᠠ᠂ ᠦᠢᠯᠡ ᠠᠵᠢᠯᠯᠠᠭ᠎ᠠ ᠶᠢᠨ ᠵᠢᠷᠤᠮᠵᠢᠯ ᠵᠢᠴᠢ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠵᠡᠷᠭᠡ ᠳᠤ ᠲᠣᠳᠣᠷᠬᠠᠶ ᠱᠠᠭᠠᠷᠳᠠᠯᠭ᠎ᠠ ᠳᠤᠷᠠᠳᠤᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠵᠢᠷᠤᠮᠵᠢᠯ ᠲᠠᠢ ᠪᠦᠭᠡᠳ ᠡᠷᠡᠭᠦᠯ ᠢᠶᠠᠷ ᠬᠥᠭᠵᠢᠬᠦ ᠳᠤ ᠰᠠᠶᠢᠨ ᠰᠠᠶᠢᠬᠠᠨ ᠲᠦᠷᠢᠮ ᠤᠨ ᠣᠷᠴᠢᠨ ᠨᠦᠬᠦᠴᠡᠯ ᠢ ᠪᠣᠶ ᠪᠣᠯᠭᠠᠪᠠ᠃      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠪᠡᠷᠲᠡᠭᠡᠨ ᠵᠠᠰᠠᠬᠤ ᠣᠷᠣᠨ ᠤ ᠰᠦᠯᠵᠢᠶᠡᠨ ᠤ ᠪᠠᠷᠠᠭ᠎ᠠ ᠲᠡᠭᠡᠭᠡᠪᠦᠷᠢ ᠶᠢᠨ ᠡᠵᠡᠩᠨᠡᠯᠲᠡ ᠶᠢᠨ ᠵᠢᠷᠤᠮᠵᠢᠯ ᠲᠠᠢ ᠪᠦᠭᠡᠳ ᠡᠮᠬᠢ ᠵᠢᠷᠦᠮ ᠲᠠᠢ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠲᠡᠷᠭᠡ ᠦᠭᠡᠢ ᠪᠠᠷ ᠳᠠᠭᠠᠭᠠᠨ ᠲᠡᠭᠡᠭᠡᠪᠦᠷᠢᠯᠡᠬᠦ ᠲᠤᠷᠰᠢᠯᠲᠠ ᠶᠢᠨ ᠴᠡᠭ ᠤᠨ ᠲᠤᠷᠰᠢᠯᠭ᠎ᠠ ᠳᠤ ᠳ᠋ᠦᠩᠨᠡᠯᠲᠡ ᠬᠢᠵᠦ ᠭᠦᠨᠵᠡᠭᠡᠶ ᠪᠠᠶᠢᠴᠠᠭᠠᠨ ᠰᠣᠳᠤᠯᠤᠭᠰᠠᠨ ᠰᠠᠭᠤᠷᠢᠨ ᠳᠡᠭᠡᠷ᠎ᠡ᠂ ︽ᠬᠡᠷᠡᠭᠵᠢᠭᠦᠯᠬᠦ ᠨᠠᠷᠢᠨ ᠳᠦᠷᠢᠮ︾ ᠢ ᠲᠣᠭᠲᠠᠭᠠᠨ᠂ ᠮᠠᠨ ᠤ ᠣᠷᠣᠨ ᠤ ᠰᠦᠯᠵᠢᠶᠡᠨ ᠤ ᠪᠠᠷᠠᠭ᠎ᠠ ᠲᠡᠭᠡᠭᠡᠪᠦᠷᠢ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠤᠨ ᠬᠤᠭᠤᠰᠣᠨ ᠢ ᠨᠥᠬᠦᠪᠥᠷᠢᠯᠡᠵᠦ᠂ ᠬᠥᠭᠵᠢᠯᠲᠡ ᠪᠠᠨ ᠵᠢᠷᠤᠮᠵᠢᠭᠤᠯᠤᠨ᠂ ᠬᠠᠮᠢᠶᠠᠷᠤᠯᠲᠠ ᠪᠠᠨ ᠴᠢᠩᠭᠠᠳᠬᠠᠵᠤ᠂ ᠦᠢᠯᠡᠴᠢᠯᠡᠭᠡ ᠪᠠᠨ ᠳᠡᠭᠡᠭᠰᠢᠯᠡᠭᠦᠯᠪᠡ᠃      ᠬᠤᠶᠠᠷ᠂ ᠳᠤᠭᠤᠷᠪᠢᠬᠤ ᠵᠠᠷᠴᠢᠮ      ︽ᠬᠡᠷᠡᠭᠵᠢᠭᠦᠯᠬᠦ ᠨᠠᠷᠢᠨ ᠲᠦᠷᠢᠮ︾ ᠨᠢ ᠨᠢᠭᠡᠨᠲᠡ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠪᠠ ︽ᠠᠷᠭ᠎ᠠ︾ ᠪᠠᠷ ᠦᠨᠳᠦᠰᠦᠯᠡᠯ ᠪᠣᠯᠭᠠᠨ᠂ ᠪᠠᠷᠠᠭᠠᠨ ᠤ ᠭᠦᠢᠯᠭᠡᠭᠡᠨ ᠤ ᠰᠢᠨ᠎ᠡ ᠡᠵᠡᠩᠨᠡᠯᠲᠡ ᠶᠢᠨ ᠪᠠᠶᠢᠳᠠᠯ ᠪᠣᠯᠤᠨ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠤᠨ ᠪᠤᠵᠠᠭᠠᠶᠢᠷᠠᠭᠤᠯᠬᠤ ᠪᠠᠷ ᠬᠠᠷᠠᠯᠲᠠ ᠪᠣᠯᠭᠠᠵᠤ᠂ ᠤᠷᠮᠠᠰᠢᠭᠤᠯᠤᠨ ᠬᠥᠭᠵᠢᠭᠦᠯᠬᠦ᠂ ᠪᠠᠭᠲᠠᠭᠠᠮᠵᠢᠲᠠᠶ ᠪᠦᠭᠡᠳ ᠬᠢᠨᠠᠭᠤᠷ ᠪᠣᠯᠭᠤᠮᠵᠢᠲᠠᠶ ᠪᠠᠶᠢᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠰᠢᠨ᠎ᠡ ᠶᠢ ᠡᠭᠦᠳᠴᠦ ᠬᠢᠨᠠᠯᠲᠠ ᠬᠠᠮᠢᠶᠠᠷᠤᠯᠲᠠ ᠳᠤ ᠰᠢᠨ᠎ᠡ ᠶᠢ ᠡᠭᠦᠳᠬᠦ ᠵᠠᠷᠴᠢᠮ ᠢ ᠪᠠᠷᠢᠮᠲᠠᠯᠠᠨ᠂ ᠰᠦᠯᠵᠢᠶᠡᠨ ᠤ ᠪᠠᠷᠠᠭᠠᠨ ᠤ ᠲᠡᠭᠡᠭᠡᠪᠦᠷᠢ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠰᠢᠰᠲ᠋ᠧᠮᠵᠢ ᠶᠢ ᠪᠠᠶᠢᠭᠤᠯᠤᠨ᠎ᠠ᠃      ᠨᠢᠭᠡ ᠳᠤ᠂ ᠤᠷᠮᠠᠰᠢᠭᠤᠯᠤᠨ ᠬᠥᠭᠵᠢᠭᠦᠯᠬᠦ ᠶᠢ ᠪᠠᠷᠢᠮᠲᠠᠯᠠᠨ᠎ᠠ᠃ ︽ᠢᠨᠲ᠋ᠧᠷ ᠰᠦᠯᠵᠢᠶ᠎ᠡ +︾ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠦᠨ᠂ ︽ᠢᠨᠲ᠋ᠧᠷ ᠰᠦᠯᠵᠢᠶ᠎ᠡ +︾ ᠥᠨᠳᠥᠷ ᠪᠦᠲᠦᠮᠵᠢᠲᠡᠶ ᠪᠠᠷᠠᠭᠠᠨ  ᠤ ᠭᠦᠢᠯᠭᠡᠭᠡ ᠶᠢ ᠬᠥᠭᠵᠢᠭᠦᠯᠬᠦ ᠵᠢᠴᠢ ᠲᠠᠪᠴᠠᠩ ᠤᠨ ᠠᠵᠤ ᠠᠬᠤᠶ ᠶᠢᠨ ᠵᠢᠷᠤᠮᠵᠢᠯ ᠲᠠᠢ ᠪᠦᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠶᠣᠰᠣᠭᠠᠷ᠂ ︽ᠠᠷᠭ᠎ᠠ︾ ᠶᠢᠨ ᠱᠠᠭᠠᠷᠳᠠᠯᠭ᠎ᠠ ᠶᠢ ᠦᠨᠳᠦᠰᠦᠯᠡᠨ᠂ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠵᠠᠮ ᠤᠨ ᠡᠳ᠋ ᠪᠠᠷᠠᠭᠠᠨ ᠤ ᠲᠡᠭᠡᠭᠡᠪᠦᠷᠢ ᠶᠢᠨ ᠬᠦᠷᠢᠶ᠎ᠡ ᠴᠠᠷᠠᠭᠠᠨ ᠳᠠᠬᠢ ᠰᠢᠨ᠎ᠡ ᠶᠢ ᠡᠭᠦᠳᠦᠨ ᠬᠡᠷᠡᠭᠯᠡᠬᠦ ᠶᠢ ᠵᠣᠷᠢᠭᠵᠢᠭᠤᠯᠵᠤ᠂ ᠰᠦᠯᠵᠢᠶᠡᠨ ᠤ ᠪᠠᠷᠠᠭ᠎ᠠ ᠲᠡᠭᠡᠭᠡᠪᠦᠷᠢ ᠶᠢᠨ ᠰᠢᠨ᠎ᠡ ᠡᠵᠡᠩᠨᠡᠯᠲᠡ ᠶᠢᠨ ᠪᠠᠶᠢᠳᠠᠯ ᠳᠤ ᠰᠢᠨ᠎ᠡ ᠶᠢ ᠡᠭᠦᠳᠦᠨ ᠬᠥᠭᠵᠢᠬᠦ ᠶᠢ ᠢᠳᠡᠪᠬᠢᠲᠡᠶ ᠪᠠᠷ ᠳᠡᠮᠵᠢᠨ᠎ᠡ᠃      ᠬᠤᠶᠠᠷ ᠲᠤ᠂ ᠪᠠᠭᠲᠠᠭᠠᠮᠵᠢᠲᠠᠶ ᠪᠦᠭᠡᠳ ᠬᠢᠨᠠᠭᠤᠷ ᠪᠣᠯᠭᠤᠮᠵᠢᠲᠠᠶ ᠪᠠᠶᠢᠬᠤ ᠶᠢ ᠪᠠᠷᠢᠮᠲᠠᠯᠠᠨ᠎ᠠ᠃ ᠰᠢᠨ᠎ᠡ ᠶᠢ ᠡᠭᠦᠳᠬᠦ ᠶᠢ ᠵᠣᠷᠢᠭᠵᠢᠭᠤᠯᠤᠭᠰᠠᠨ ᠰᠠᠭᠤᠷᠢᠨ ᠳᠡᠭᠡᠷ᠎ᠡ᠂ ᠰᠦᠯᠵᠢᠶᠡᠨ ᠤ ᠪᠠᠷᠠᠭ᠎ᠠ ᠲᠡᠭᠡᠭᠡᠪᠦᠷᠢ ᠶᠢᠨ ᠡᠵᠡᠩᠨᠡᠭᠴᠢ ᠶᠢᠨ ᠪᠥᠬᠦ ᠶᠠᠪᠤᠴᠠ ᠶᠢᠨ ᠲᠡᠭᠡᠭᠡᠪᠦᠷᠢ ᠶᠢᠨ ᠬᠠᠷᠢᠭᠤᠴᠠᠯᠭ᠎ᠠ ᠪᠠ ᠬᠠᠤᠯᠢ ᠶᠣᠰᠣᠭᠠᠷ ᠭᠠᠶᠢᠯᠢ ᠲᠤᠰᠢᠶᠠᠬᠤ ᠡᠭᠦᠷᠭᠡ ᠶᠢ ᠬᠦᠴᠦᠯᠡᠨ ᠴᠢᠩᠭᠠᠷᠠᠭᠤᠯᠵᠤ᠂ ᠲᠡᠭᠡᠭᠡᠪᠦᠷᠢ ᠶᠢᠨ ᠠᠮᠤᠷ ᠲᠦᠪᠰᠢᠨ ᠤ ︽ᠬᠤᠷᠢᠭ᠎ᠠ ᠱᠤᠭᠤᠮ︾ ᠪᠠ ᠭᠠᠶᠢᠯᠢ ᠲᠠᠲᠠᠪᠤᠷᠢ ᠶᠢᠨ ᠠᠮᠤᠷ ᠲᠦᠪᠰᠢᠨ ᠤ ︽ᠤᠯᠠᠭᠠᠨ ᠱᠤᠭᠤᠮ︾ ᠢ ᠪᠠᠲᠤ ᠰᠠᠬᠢᠨ᠂ ᠵᠢᠷᠤᠮᠵᠢᠯ ᠦᠭᠡᠢ ᠲᠡᠭᠡᠭᠡᠪᠦᠷᠢᠯᠡᠨ ᠡᠵᠡᠩᠨᠡᠬᠦ ᠦᠢᠯᠡ ᠠᠵᠢᠯᠯᠠᠭ᠎ᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠦᠯᠵᠢᠶᠡᠨ ᠤ ᠪᠠᠷᠠᠭ᠎ᠠ ᠲᠡᠭᠡᠭᠡᠪᠦᠷᠢ ᠶᠢᠨ ᠰᠢᠨ᠎ᠡ ᠬᠡᠪ ᠵᠠᠭᠪᠤᠷ ᠢᠶᠠᠷ ᠡᠷᠡᠭᠦᠯ ᠢᠶᠠᠷ ᠬᠥᠭᠵᠢᠬᠦ ᠶᠢ ᠬᠦᠲᠦᠯᠦᠨ ᠵᠢᠯᠤᠭᠤᠳᠤᠨ᠎ᠠ᠃      ᠭᠤᠷᠪᠠ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠥᠪᠡᠷᠲᠡᠭᠡᠨ ᠵᠠᠰᠠᠬᠤ ᠣᠷᠣᠨ ᠤ ᠲᠡᠷᠭᠡ ᠥᠬᠡᠶ ᠳᠠᠭᠠᠭᠠᠨ ᠲᠡᠭᠡᠭᠡᠪᠦᠷᠢᠯᠡᠭᠴᠢ ᠶᠢᠨ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠰᠢᠰᠲ᠋ᠧᠮ ᠲᠠᠢ ᠪᠠᠷ ᠳ᠋ᠦᠩᠨᠡᠨ᠂ ᠰᠢᠨ᠎ᠡ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠳᠤ ᠣᠷᠣᠰᠢᠵᠤ ᠪᠠᠶᠢᠭ᠎ᠠ ᠬᠠᠤᠯᠢ ᠴᠠᠭᠠᠵᠠ ᠶᠢᠨ ᠪᠠᠶᠢᠷᠢ ᠲᠣᠭᠲᠠᠭᠠᠯᠲᠠ ᠨᠢ ᠢᠯᠡ ᠪᠣᠰᠤ᠂ ᠦᠢᠯᠡ ᠠᠵᠢᠯᠯᠠᠭ᠎ᠠ ᠨᠢ ᠲᠣᠳᠣᠷᠬᠠᠶ ᠪᠣᠰᠤ᠂ ᠬᠢᠨᠠᠯᠲᠠ ᠬᠠᠮᠢᠶᠠᠷᠤᠯᠲᠠ ᠨᠢ ᠲᠡᠭᠦᠯᠳᠡᠷ ᠪᠤᠰᠤ ᠵᠡᠷᠭᠡ ᠳᠣᠪᠤᠶᠢᠮ᠎ᠠ ᠠᠰᠠᠭᠤᠳᠠᠯ ᠪᠠ ᠬᠦᠴᠢᠷ ᠠᠰᠠᠭᠤᠳᠠᠯ ᠳᠤ ᠴᠢᠭᠯᠡᠭᠦᠯᠦᠨ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠬᠦᠴᠦᠯᠡᠨ ᠲᠡᠭᠦᠯᠳᠡᠷᠵᠢᠭᠦᠯᠵᠦ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠵᠠᠭᠪᠤᠷ ᠢᠶᠠᠷ ᠬᠥᠭᠵᠢᠬᠦ ᠳᠤ ᠰᠠᠶᠢᠨ ᠰᠠᠶᠢᠬᠠᠨ ᠳᠦᠷᠢᠮ ᠤᠨ ᠣᠷᠴᠢᠨ ᠨᠦᠬᠦᠴᠡᠯ ᠢ ᠪᠤᠢ ᠪᠣᠯᠭᠠᠨ᠎ᠠ᠃      ᠳᠥᠷᠪᠡ ᠳᠤ᠂ ᠬᠢᠨᠠᠯᠲᠠ ᠬᠠᠮᠢᠶᠠᠷᠤᠯᠲᠠ ᠳᠤ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ ᠬᠢᠨᠠᠨ ᠬᠠᠮᠢᠶᠠᠷᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠰᠢᠯᠢᠳᠡᠭᠵᠢᠭᠦᠯᠬᠦ ᠪᠠᠷ ᠬᠠᠷᠠᠯᠲᠠ ᠪᠣᠯᠭᠠᠵᠤ᠂ ᠮᠡᠳᠡᠭᠡ ᠵᠠᠩᠬᠢᠴᠢᠯᠠᠯᠲᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠵᠤ ᠰᠦᠯᠵᠢᠶᠡᠨ ᠤ ᠪᠠᠷᠠᠭ᠎ᠠ ᠲᠡᠭᠡᠭᠡᠪᠦᠷᠢ ᠶᠢᠨ ᠡᠵᠡᠩᠨᠡᠯᠲᠡ ᠶᠢᠨ ᠠᠵᠢᠯᠯᠠᠭᠠᠨ ᠢ ᠬᠢᠨᠠᠨ ᠰᠢᠨᠵᠢᠬᠦ ᠪᠠ ᠬᠢᠨᠠᠨ ᠬᠠᠮᠢᠶᠠᠷᠬᠤ ᠶᠢ ᠴᠢᠩᠭᠠᠳᠬᠠᠨ᠂ ᠵᠠᠮ ᠬᠠᠷᠢᠯᠴᠠᠭ᠎ᠠ ᠲᠡᠭᠡᠭᠡᠪᠦᠷᠢ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠤᠨ ᠮᠡᠳᠡᠭᠡ ᠵᠠᠩᠭᠢ ᠶᠢᠨ ᠨᠡᠪᠲᠡᠷᠡᠯᠴᠡᠭᠡ ᠶᠢ ᠴᠢᠩᠭᠠᠳᠬᠠᠵᠤ᠂ ᠬᠢᠨᠠᠨ ᠬᠠᠮᠢᠶᠠᠷᠬᠤ ᠠᠷᠭ᠎ᠠ ᠪᠠᠷᠢᠯ ᠪᠠ ᠠᠷᠭ᠎ᠠ ᠮᠠᠶ᠋ᠢᠭ ᠲᠤ ᠰᠢᠨ᠎ᠡ ᠶᠢ ᠡᠭᠦᠳᠬᠦ ᠶᠢ ᠢᠳᠡᠪᠬᠢᠲᠡᠶ ᠪᠠᠷ ᠰᠦᠪᠡᠭᠴᠢᠯᠡᠵᠦ᠂ ᠡᠷᠬᠡ ᠲᠡᠭᠰᠢ ᠲᠥᠪ ᠭᠤᠤᠯᠴᠢ ᠵᠠᠬ᠎ᠠ ᠳᠡᠯᠭᠡᠭᠦᠷ ᠤᠨ ᠣᠷᠴᠢᠨ ᠨᠦᠬᠦᠴᠡᠯ ᠢ ᠪᠤᠢ ᠪᠣᠯᠭᠠᠨ᠎ᠠ᠃      ᠭᠤᠷᠪᠠ᠂ ᠭᠤᠤᠯ ᠠᠭᠤᠯᠭ᠎ᠠ      ︽ᠬᠡᠷᠡᠭᠵᠢᠭᠦᠯᠬᠦ ᠨᠠᠷᠢᠨ ᠲᠦᠷᠢᠮ︾ ᠢ ᠶᠡᠷᠦᠩᠬᠡᠶ ᠲᠦᠷᠢᠮ᠂ ᠬᠢᠷᠢ ᠬᠡᠮ ᠤᠨ ᠬᠠᠮᠢᠶᠠᠷᠤᠯᠲᠠ᠂ ᠡᠵᠡᠩᠨᠡᠯᠲᠡ ᠶᠢᠨ ᠬᠠᠮᠢᠶᠠᠷᠤᠯᠲᠠ᠂ ᠬᠢᠨᠠᠯᠲᠠ ᠪᠠᠶᠢᠴᠠᠭᠠᠯᠲᠠ ᠪᠠ ᠳᠠᠭᠠᠯᠳᠤᠭᠤᠯᠤᠯ ᠲᠦᠷᠢᠮ ᠭᠡᠬᠦ ᠨᠡᠶᠢᠲᠡ ᠲᠠᠪᠤᠨ ᠪᠦᠯᠦᠭ ᠬᠤᠷᠢᠨ ᠲᠠᠪᠤᠨ  ᠵᠦᠢᠯ ᠵᠢᠴᠢ ᠰᠦᠯᠵᠢᠶᠡᠨ ᠤ ᠲᠠᠪᠴᠠᠩ ᠤᠨ ᠵᠠᠮ ᠤᠨ ᠡᠳ᠋ ᠪᠠᠷᠠᠭᠠᠨ ᠤ ᠲᠡᠭᠡᠭᠡᠪᠦᠷᠢ ᠶᠢᠨ ᠡᠵᠡᠩᠨᠡᠯᠲᠡ ᠶᠢᠨ ᠭᠤᠶᠤᠴᠢᠯᠠᠯ ᠤᠨ ᠬᠦᠰᠦᠨᠥᠭᠲᠦ᠂ ᠵᠠᠮ ᠤᠨ ᠪᠠᠷᠠᠭ᠎ᠠ ᠲᠡᠭᠡᠭᠡᠪᠦᠷᠢ ᠶᠢᠨ ᠡᠵᠡᠩᠨᠡᠯᠲᠡ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ᠂ ᠰᠦᠯᠵᠢᠶᠡᠨ ᠤ ᠪᠠᠷᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠬᠤᠪᠢᠶᠠᠷᠢ ᠺᠣᠮᠫᠠᠨᠢ ᠶᠢᠨ ᠳᠡᠩᠰᠡᠯᠡᠨ ᠲᠡᠮᠳᠡᠭᠯᠡᠭᠦᠯᠦᠭᠰᠡᠨ ᠬᠦᠰᠦᠨᠦᠭᠲᠦ᠂ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠴᠢᠳᠠᠪᠤᠷᠢ ᠶᠢ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠵᠡᠷᠭᠡ ᠳᠥᠷᠪᠡᠨ ᠬᠤᠪᠢ ᠳᠠᠭᠠᠯᠳᠤᠭᠤᠯᠤᠯ ᠮᠠᠲ᠋ᠧᠷᠢᠶᠠᠯ ᠭᠡᠵᠦ ᠬᠤᠪᠢᠶᠠᠨ᠎ᠠ᠂ ᠭᠤᠤᠯ ᠠᠭᠤᠯᠭ᠎ᠠ ᠨᠢ ᠳᠣᠣᠷᠠᠬᠢ ᠮᠡᠲᠦ᠄      ︵ᠨᠢᠭᠡ︶ ᠶᠡᠷᠦᠩᠬᠡᠶ ᠳᠦᠷᠢᠮ᠃ ︽ᠬᠡᠷᠡᠭᠵᠢᠭᠦᠯᠬᠦ ᠨᠠᠷᠢᠨ ᠲᠦᠷᠢᠮ︾ ᠤᠨ ᠬᠠᠤᠯᠢ ᠴᠠᠭᠠᠵᠠ ᠶᠢᠨ ᠦᠨᠳᠦᠰᠦᠯᠡᠯ᠂ ᠵᠣᠷᠢᠯᠭ᠎ᠠ᠂ ᠲᠣᠬᠢᠷᠠᠭᠤᠯᠤᠨ ᠬᠡᠷᠡᠭᠯᠡᠬᠦ ᠬᠡᠪᠴᠢᠶ᠎ᠡ ᠪᠠ ᠦᠨᠳᠦᠰᠦᠨ ᠱᠠᠭᠠᠷᠳᠠᠯᠭ᠎ᠠ ᠵᠡᠷᠭᠡ ᠶᠢ ᠲᠣᠳᠤᠷᠬᠠᠶᠢᠯᠠᠪᠠ᠃      ︵ᠬᠤᠶᠠᠷ︶ ᠬᠢᠷᠢ ᠬᠡᠮ ᠤᠨ ᠬᠠᠮᠢᠶᠠᠷᠤᠯᠲᠠ᠃ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠴᠢᠳᠠᠪᠤᠷᠢ᠂ ᠵᠠᠮ ᠲᠡᠭᠡᠭᠡᠪᠦᠷᠢ ᠶᠢᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠬᠤ᠂ ᠬᠠᠮᠢᠶ᠎ᠠ ᠪᠥᠬᠦᠶ ᠡᠷᠬᠡ ᠶᠢᠨ ᠬᠡᠪᠴᠢᠶ᠎ᠡ ᠪᠠ ᠴᠤᠪᠤᠷᠠᠯ ᠵᠡᠷᠭᠡ ᠳᠤ ᠪᠣᠳᠠᠲᠠᠶ ᠱᠠᠭᠠᠷᠳᠠᠯᠭ᠎ᠠ ᠳᠤᠷᠠᠳᠤᠪᠠ  ᠃      ︵ᠭᠤᠷᠪᠠ︶ ᠡᠵᠡᠩᠨᠡᠯᠲᠡ ᠶᠢᠨ ᠬᠠᠮᠢᠶᠠᠷᠤᠯᠲᠠ᠃ ᠰᠦᠯᠵᠢᠶᠡᠨ ᠤ ᠪᠠᠷᠠᠭ᠎ᠠ ᠲᠡᠭᠡᠭᠡᠪᠦᠷᠢ ᠶᠢᠨ ᠡᠵᠡᠩᠨᠡᠭᠴᠢ  ᠶᠢᠨ ᠲᠠᠪᠴᠠᠩ᠂ ᠡᠵᠡᠩᠨᠡᠯᠲᠡ ᠶᠢᠨ ᠬᠡᠪᠴᠢᠶ᠎ᠡ᠂ ᠬᠢᠷᠢ ᠬᠡᠮ ᠤᠨ ᠭᠡᠷᠡᠴᠢ ᠦᠨᠡᠮᠯᠡᠯ᠂ ᠭᠡᠷ᠎ᠡ ᠲᠣᠭᠲᠠᠬᠤ ᠪᠠ ᠲᠡᠷᠭᠡᠨ  ᠳᠤ ᠠᠴᠢᠭᠰᠠᠨ ᠳᠠᠭᠠᠭᠤᠯᠢ ᠣᠳᠣᠨ ᠤ ᠪᠠᠶᠢᠷᠢ ᠲᠣᠭᠲᠠᠭᠠᠯᠲᠠ ᠵᠡᠷᠭᠡ ᠳᠤ ᠪᠣᠳᠠᠲᠠᠶ ᠱᠠᠭᠠᠷᠳᠠᠯᠭ᠎ᠠ ᠳᠤᠷᠠᠳᠤᠪᠠ᠃      ︵ᠳᠦᠷᠪᠡ︶ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ᠃ ︽ᠰᠦᠯᠵᠢᠶᠡᠨ ᠤ ᠲᠠᠪᠴᠠᠩ ᠤᠨ ᠵᠠᠮ ᠤᠨ ᠡᠳ᠋ ᠪᠠᠷᠠᠭᠠᠨ ᠤ ᠲᠡᠭᠡᠭᠡᠪᠦᠷᠢ ᠶᠢᠨ ᠡᠵᠡᠩᠨᠡᠯᠲᠡ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠠᠴᠠ ᠵᠥᠷᠢᠴᠡᠭᠰᠡᠨ ᠴᠠᠭᠠᠵᠠᠯᠠᠬᠤ ᠴᠢᠨᠠᠷᠲᠠᠶ ᠵᠦᠢᠯ ᠵᠤᠷᠪᠤᠰ ᠪᠠ ᠠᠵᠤ ᠠᠬᠤᠶᠢᠯᠠᠯ ᠤᠨ ᠶᠠᠰᠤ ᠴᠢᠨᠠᠷ ᠪᠠ ᠢᠲᠡᠭᠡᠯ ᠬᠦᠨᠳᠦ ᠶᠢᠨ ᠰᠢᠯᠭᠠᠨ ᠬᠢᠨᠠᠯᠲᠠ ᠵᠡᠷᠭᠡ ᠳᠤ ᠪᠣᠳᠠᠲᠠᠶ ᠱᠠᠭᠠᠷᠳᠠᠯᠭ᠎ᠠ ᠳᠤᠷᠠᠳᠤᠪᠠ᠃      ︵ᠲᠠᠪᠤ︶ ᠳᠠᠭᠠᠯᠳᠤᠭᠤᠯᠤᠯ ᠳᠦᠷᠢᠮ᠃ ︽ᠬᠡᠷᠡᠭᠵᠢᠭᠦᠯᠬᠦ ᠨᠠᠷᠢᠨ ᠲᠦᠷᠢᠮ︾ ᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠬᠤ ᠵᠢᠴᠢ ᠬᠦᠴᠦᠨ ᠲᠠᠢ ᠬᠤᠭᠤᠴᠠᠭ᠎ᠠ᠂ ᠬᠡᠷᠡᠭᠵᠢᠭᠦᠯᠬᠦ ᠴᠠᠭ ᠬᠤᠭᠤᠴᠠᠭ᠎ᠠ ᠵᠡᠷᠭᠡ ᠶᠢ ᠲᠣᠳᠣᠷᠬᠠᠶᠢᠯᠠᠪᠠ᠃      ︽ᠬᠡᠷᠡᠭᠵᠢᠭᠦᠯᠬᠦ ᠨᠠᠷᠢᠨ ᠲᠦᠷᠢᠮ︾ ᠢ ᠨᠡᠶᠢᠲᠡᠯᠡᠭᠰᠡᠨ ᠨᠢ᠂ ᠲᠠᠪᠴᠠᠩ ᠤᠨ ᠠᠵᠤ ᠠᠬᠤᠶ ᠶᠢᠨ ᠵᠢᠷᠤᠮᠵᠢᠯ ᠲᠠᠢ ᠪᠦᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ︽ᠠᠷᠭ᠎ᠠ︾ ᠶᠢ ᠦᠨᠡᠨ ᠬᠦ ᠬᠡᠷᠡᠭᠵᠢᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠪᠠᠶᠢᠵᠤ᠂ ᠰᠦᠯᠵᠢᠶᠡᠨ ᠤ ᠪᠠᠷᠠᠭ᠎ᠠ ᠲᠡᠭᠡᠭᠡᠪᠦᠷᠢ ᠶᠢᠨ ᠬᠥᠭᠵᠢᠯᠲᠡ ᠶᠢ ᠲᠦᠷᠭᠡᠳᠬᠡᠬᠦ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠰᠢᠨ᠎ᠡ ᠬᠦᠳᠡᠯᠭᠡᠬᠦ ᠡᠨᠧᠷᠭᠢ ᠶᠢ ᠪᠤᠶᠢᠵᠢᠭᠤᠯᠤᠨ ᠪᠤᠵᠠᠭᠠᠶᠢᠷᠠᠭᠤᠯᠬᠤ ᠳᠤ ᠰᠠᠶᠢᠨ ᠰᠠᠶᠢᠬᠠᠨ ᠲᠦᠷᠢᠮ ᠤᠨ ᠣᠷᠴᠢᠨ ᠨᠦᠬᠦᠴᠡᠯ ᠢ ᠪᠣᠶ ᠪᠣᠯᠭᠠᠵᠤ ᠥᠭᠪᠡ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ︽ᠬᠡᠷᠡᠭᠵᠢᠭᠦᠯᠬᠦ ᠨᠠᠷᠢᠨ ᠲᠦᠷᠢᠮ︾ ᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠨ᠂ ᠠᠵᠢᠯ ᠲᠥᠷᠥᠯ ᠤᠨ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠭᠦᠨᠵᠡᠭᠡᠶᠢᠷᠡᠭᠦᠯᠵᠦ᠂ ᠵᠠᠮ ᠤᠨ ᠪᠠᠷᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠥᠭᠵᠢᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠵᠥᠷᠢᠴᠡᠯ ᠢ ᠰᠢᠢᠳᠪᠦᠷᠢᠯᠡᠬᠦ ᠶᠢ ᠵᠣᠬᠢᠴᠠᠭᠤᠯᠤᠨ ᠠᠬᠢᠭᠤᠯᠵᠤ᠂ ᠠᠵᠢᠯ ᠲᠥᠷᠥᠯ ᠤᠨ ᠡᠷᠡᠭᠦᠯ ᠪᠥᠭᠡᠳ ᠲᠣᠭᠲᠠᠭᠤᠨ ᠪᠠᠶᠢᠬᠤ ᠶᠢ ᠬᠠᠮᠠᠭᠠᠯᠠᠵᠤ᠂ ᠵᠠᠮ ᠶᠢᠨ ᠪᠠᠷᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠴᠢᠨᠠᠷᠯᠢᠭ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃
 
ᠢᠷᠡᠯᠲᠡ᠄ ᠦᠪᠡᠷᠲᠡᠭᠡᠨ ᠵᠠᠰᠠᠬᠤ ᠣᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号