ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠠᠴᠠ ᠳᠠᠬᠢᠨᠲᠠ ᠬᠤᠷᠠᠯ ᠬᠤᠷᠠᠯᠳᠤᠭᠤᠯᠵᠤ᠂ ᠴᠢᠬᠤᠯᠠ ᠳᠣᠬᠢᠶ᠎ᠠ ᠨᠤᠭᠤᠳ ᠢ ᠳᠠᠮᠵᠢᠭᠤᠯᠪᠠ
ᠨᠡᠶᠢᠲᠡᠯᠡᠭᠰᠡᠨ ᠴᠠᠭ᠄
2020/10/9
     ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠠᠴᠠ 4 ᠳ᠋ᠦ᠋ᠭᠡᠷ ᠰᠠᠷ᠎ᠠ ᠶᠢᠨ 17 ᠤ ᠡᠳᠦᠷ ᠬᠤᠷᠠᠯ ᠬᠤᠷᠠᠯᠳᠤᠭᠤᠯᠵᠤ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠪᠡ᠃ ᠬᠤᠷᠠᠯ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠡᠪᠰᠢᠵᠢᠭᠦᠯᠬᠦ ᠪᠣᠯᠤᠨ ᠣᠳᠣᠬᠠᠨ ᠤ ᠠᠵᠤ ᠠᠬᠤᠢ ᠶᠢᠨ ᠠᠵᠢᠯ ᠳᠤ ᠪᠠᠶᠢᠷᠢᠯᠠᠭᠤᠯᠤᠯᠲᠠ ᠬᠢᠪᠡ᠃ ᠲᠤᠰ ᠡᠳᠦᠷ ᠲᠤ᠂ ᠨᠢᠭᠡᠳᠦᠭᠡᠷ ᠤᠯᠠᠷᠢᠯ ᠤᠨ ᠤᠯᠤᠰ ᠠᠷᠠᠳ ᠤᠨ ᠠᠵᠤ ᠠᠬᠤᠢ ᠶᠢᠨ ᠲᠤᠭ᠎ᠠ ᠪᠠᠷᠢᠮᠲᠠ ᠶᠢ ᠨᠡᠶᠢᠲᠡᠯᠡᠨ᠂ ᠡᠯ᠎ᠡ ᠡᠲᠡᠭᠡᠳ ᠤᠨ ᠬᠢᠨ ᠳᠤᠮᠳᠠᠳᠤ ᠤᠯᠤᠰ ᠤᠨ ᠠᠵᠤ ᠠᠬᠤᠢ ᠶᠢᠨ ᠪᠠᠶᠢᠳᠠᠯ ᠪᠣᠯᠤᠨ ᠬᠥᠭᠵᠢᠯᠲᠡ ᠶᠢᠨ ᠬᠠᠨᠳᠤᠰᠢ ᠶᠢ ᠮᠠᠰᠢ ᠠᠩᠬᠠᠷᠴᠤ ᠪᠠᠶᠢᠪᠠ᠃ ︽ᠨᠠᠩ ᠶᠡᠭᠡ ᠬᠤᠷᠸ᠎ᠠ ᠲᠥᠷᠥ ᠶᠢᠨ ᠪᠣᠳᠣᠯᠭ᠎ᠠ ᠶᠢᠨ ᠡᠷᠴᠢᠮ ᠢᠶᠠᠷ ᠬᠢᠵᠢᠭ ᠤᠨ ᠪᠠᠶᠢᠳᠠᠯ ᠤᠨ ᠨᠥᠯᠦᠭᠡ ᠶᠢ ᠨᠠᠮᠳᠠᠭᠤᠯᠬᠤ ᠬᠡᠷᠡᠭᠲᠡᠢ︾ ︽ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠬᠦ ᠬᠡᠷᠡᠭᠲᠡᠶ︾ ᠭᠡᠬᠦ ᠮᠡᠲᠦ ᠪᠠᠷ ᠲᠤᠰ ᠤᠳᠠᠭᠠᠨ ᠤ ᠬᠤᠷᠠᠯ ᠠᠴᠠ ᠮᠠᠰᠢ ᠣᠯᠠᠨ ᠴᠢᠬᠤᠯᠠ ᠳᠣᠬᠢᠶ᠎ᠠ ᠶᠢ ᠳᠠᠮᠵᠢᠭᠤᠯᠪᠠ᠃
     3 ᠳ᠋ᠤᠭᠠᠷ ᠰᠠᠷ᠎ᠠ ᠶᠢᠨ 29 ᠤ ᠡᠳᠦᠷ᠂ ᠰᠢ ᠶᠢᠨ ᠫᠢᠩ ᠵᠧᠵᠢᠶᠠᠩ ᠳᠤ ᠪᠠᠶᠢᠴᠠᠭᠠᠨ ᠰᠤᠳᠤᠯᠤᠯᠲᠠ ᠬᠢᠪᠡ᠃ ᠳᠡᠭᠡᠷᠡᠬᠢ ᠵᠢᠷᠤᠭ ᠪᠣᠯ ᠰᠢ ᠶᠢᠨ ᠫᠢᠩ ᠨᠢᠩᠪᠦ᠋ᠸᠧ ᠶᠢᠨ ᠵᠸᠦ ᠱᠠᠨ ᠭᠠᠷᠠᠮ ᠤᠨ ᠠᠭᠤᠯᠠ ᠭᠠᠲᠤᠯᠬᠤ ᠭᠠᠷᠠᠮ ᠤᠨ ᠲᠣᠭᠤᠷᠢᠭ ᠲᠤ ᠬᠦᠷᠴᠦ ᠭᠠᠷᠠᠮ ᠤᠨ ᠠᠵᠢᠯᠲᠠᠨ ᠤ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠵᠤ ᠪᠣᠢ᠃ ᠰᠢ ᠶᠢᠨ ᠫᠢᠩ ᠲᠡᠳᠡᠨ ᠢ ᠬᠢᠵᠢᠭ ᠤᠨ ᠨᠥᠯᠥᠭᠡ ᠶᠢ ᠢᠯᠠᠨ ᠳᠠᠪᠠᠵᠤ᠂ ᠰᠢᠯᠢᠳᠡᠭ ᠬᠢᠷᠢ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠬᠦᠰᠡᠯ ᠨᠠᠶᠢᠳᠠᠯᠭ᠎ᠠ ᠲᠠᠯᠪᠢᠪᠠ᠃      ᠲᠣᠭᠲᠠᠭᠤᠨ ᠪᠠᠶᠢᠯᠭᠠᠬᠤ ᠶᠢᠨ ᠬᠠᠮᠲᠤ ᠤᠷᠤᠭᠰᠢᠯᠠᠨ᠂ ᠲᠣᠭᠲᠠᠭᠤᠨ ᠪᠠᠶᠢᠯᠭᠠᠬᠤ ᠪᠣᠯ ᠶᠡᠭᠡ ᠲᠠᠯ᠎ᠠ ᠮᠥᠨ ᠭᠡᠵᠦ ︽ᠵᠢᠷᠭᠤᠭ᠎ᠠ ᠶᠢ ᠪᠠᠲᠤᠯᠠᠬᠤ︾ ᠶᠢ ᠠᠩᠬ᠎ᠠ ᠤᠳᠠᠭ᠎ᠠ ᠳᠤᠷᠠᠳᠤᠪᠠ᠃      ᠡᠨᠡ ᠵᠢᠯ ᠤᠨ ᠨᠢᠭᠡᠳᠦᠭᠡᠷ ᠤᠯᠠᠷᠢᠯ ᠨᠢ ᠲᠦᠢᠯ ᠤᠨ ᠶᠡᠷᠦ ᠪᠤᠰᠤ ᠶᠢᠨ ᠪᠠᠶᠢᠵᠤ᠂ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠤᠷᠢᠳ ᠡᠮᠦᠨ᠎ᠡ ᠭᠠᠷᠤᠭ᠎ᠠ ᠦᠭᠡᠢ ᠲᠠᠭᠠᠷᠢᠯᠳᠠ ᠶᠢ ᠠᠪᠴᠢᠷᠠᠪᠠ᠃ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠦᠬᠦ ᠤᠯᠤᠰ ᠤᠨ ᠠᠷᠠᠳ ᠲᠦᠮᠡᠨ ᠰᠡᠳᠬᠢᠯ ᠨᠢᠭᠡᠳᠦᠨ ᠡᠷᠡᠯᠬᠡᠭᠯᠡᠨ ᠲᠡᠮᠡᠴᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠬᠡᠪᠰᠢᠵᠢᠭᠦᠯᠦᠭᠰᠡᠨ ᠪᠠᠶᠢᠳᠠᠯ ᠳᠣᠣᠷ᠎ᠠ ᠠᠵᠤ ᠠᠬᠤᠶ ᠨᠡᠶᠢᠭᠡᠮ ᠤᠨ ᠠᠵᠢᠯᠯᠠᠭᠠᠨ ᠢ ᠠᠯᠬᠤᠮ ᠠᠯᠬᠤᠮ ᠢᠶᠠᠷ ᠬᠡᠪ ᠤᠨ ᠪᠠᠶᠢᠳᠠᠯ ᠳᠤ ᠣᠷᠤᠭᠤᠯᠵᠤ᠂ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠲᠦᠷᠭᠡᠨ ᠢᠶᠠᠷ ᠰᠡᠷᠭᠦᠭᠡᠪᠡ᠃      ᠲᠤᠰ ᠤᠳᠠᠭᠠᠨ ᠤ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠤ ᠴᠢᠬᠤᠯᠠᠴᠢᠯᠠᠬᠤ ᠳᠤ ᠪᠠᠨ᠂ ᠣᠳᠣᠬᠠᠨ ᠤ ᠠᠵᠤ ᠠᠬᠤᠢ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠥᠷᠢᠰᠥᠯᠳᠦᠭᠡᠨ ᠨᠢ ᠤᠷᠢᠳ ᠭᠠᠷᠤᠭ᠎ᠠ ᠦᠭᠡᠢ ᠪᠣᠯᠬᠤᠷ ᠡᠷᠬᠡᠪᠰᠢ ᠬᠦᠴᠢᠷ ᠪᠡᠷᠬᠡᠰᠢᠶᠡᠯ ᠠᠶᠤᠯ ᠲᠦᠭᠰᠢᠭᠦᠷᠢ ᠪᠠ ᠲᠣᠭᠲᠠᠭᠤᠨ ᠪᠣᠰᠤ ᠴᠢᠨᠠᠷ ᠢ ᠭᠦᠢᠴᠡᠳ ᠵᠢᠱᠢᠵᠦ᠂ ᠲᠤᠯᠭᠠᠮᠳᠠᠭᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠪᠣᠳᠠᠲᠠᠢ ᠪᠠᠷ ᠠᠳᠬᠤᠬᠤ ᠬᠡᠷᠡᠭᠲᠡᠢ ᠭᠡᠪᠡ᠃      ᠬᠤᠷᠠᠯ ᠠᠴᠠ ᠵᠢᠭᠠᠬᠤ ᠳᠤ ᠪᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠬᠡᠪᠰᠢᠵᠢᠭᠦᠯᠦᠭᠰᠡᠨ ᠤᠷᠢᠲᠠᠯ ᠳᠣᠤᠷ᠎ᠠ᠂ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠬᠤ ᠬᠡᠷᠡᠭᠲᠡᠶ᠃      ᠡᠭᠦᠨ ᠢ ᠬᠡᠷᠬᠢᠨ ᠣᠶᠢᠯᠠᠭᠠᠬᠤ ᠪᠤᠢ︖ ᠡᠩ ᠲᠡᠷᠢᠭᠦᠨ ᠳᠤ᠂ ᠲᠣᠭᠲᠠᠭᠤᠨ ᠪᠣᠯ ᠶᠡᠭᠡ ᠲᠠᠯ᠎ᠠ ᠮᠥᠨ᠂ ᠡᠷᠬᠡᠪᠰᠢ ᠬᠢᠵᠢᠭ ᠤᠨ ᠪᠠᠶᠢᠳᠠᠯ ᠤᠨ ᠳᠠᠬᠢᠨ ᠬᠦᠨᠳᠦᠷᠡᠬᠦ ᠦᠭᠡᠢ ᠶᠢ ᠪᠠᠲᠤᠯᠠᠨ᠂ ᠠᠵᠤ ᠠᠬᠤᠶ ᠶᠢᠨ ᠦᠨᠳᠦᠰᠦᠨ ᠰᠠᠭᠤᠷᠢ ᠶᠢ ᠲᠣᠭᠲᠠᠭᠤᠨ ᠪᠠᠶᠢᠯᠭᠠᠵᠤ᠂ ᠠᠷᠠᠳ ᠤᠨ ᠠᠮᠢᠳᠤᠷᠠᠯ ᠢ ᠪᠠᠲᠤᠯᠠᠬᠤ ᠬᠡᠷᠡᠭᠲᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号