ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠶᠠᠪᠤᠳᠠᠯ ᠤᠨ ᠬᠠᠤᠯᠢ ᠬᠡᠷᠡᠭᠵᠢᠭᠦᠯᠵᠦ ᠬᠢᠨᠠᠨ ᠪᠠᠶᠢᠴᠠᠭᠠᠬᠤ ᠶᠡᠷᠦᠩᠬᠡᠶ ᠠᠩᠭᠢ ᠶᠢᠨ ᠪᠠᠶᠠᠨᠨᠠᠭᠤᠷ ᠲᠠᠬᠢ ᠰᠠᠯᠪᠤᠷᠢ ᠠᠩᠭᠢ ᠶᠢᠨ  ᠬᠢᠨ ᠤᠷᠢᠯᠭ᠎ᠠ ᠪᠠᠷ ᠯᠢᠨ ᠾᠧ ᠲᠣᠭᠤᠷᠢᠭ ᠤᠨ ᠶᠢᠨ ᠴᠤᠸᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠶᠢᠨ ᠱᠠ ᠨᠡᠶᠢᠭᠡᠮ ᠲᠣᠭᠤᠷᠢᠭ ᠤᠨ 2020 ᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠲᠠᠯᠠᠷᠬᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2020/10/9
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠶᠠᠪᠤᠳᠠᠯ ᠤᠨ ᠬᠠᠤᠯᠢ ᠬᠡᠷᠡᠭᠵᠢᠭᠦᠯᠵᠦ ᠬᠢᠨᠠᠨ ᠪᠠᠶᠢᠴᠠᠭᠠᠬᠤ ᠶᠡᠷᠦᠩᠬᠡᠶ ᠠᠩᠭᠢ ᠶᠢᠨ ᠪᠠᠶᠠᠨᠨᠠᠭᠤᠷ ᠲᠠᠬᠢ ᠰᠠᠯᠪᠤᠷᠢ ᠠᠩᠭᠢ ᠶᠢᠨ ᠬᠢᠨ ᠤᠷᠢᠯᠭ᠎ᠠ ᠪᠠᠷ ᠨᠢᠭᠡᠨ ᠤᠳᠠᠭᠠᠨ ᠤ ᠣᠨᠴᠠᠭᠠᠶ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭᠠᠨ ᠳᠤ ᠣᠷᠤᠯᠴᠠᠨ ᠂ ᠯᠢᠨ ᠾᠧ ᠲᠣᠭᠤᠷᠢᠭ ᠤᠨ ᠶᠢᠨ ᠴᠤᠸᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠶᠢᠨ ᠱᠠ ᠨᠡᠶᠢᠭᠡᠮ ᠲᠣᠭᠤᠷᠢᠭ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠳᠡᠪᠬᠢᠲᠡᠶ ᠪᠠᠷ ᠳᠡᠮᠵᠢᠵᠦ ᠪᠠᠶᠢᠭ᠎ᠠ ᠬᠤᠯᠪᠤᠭᠳᠠᠯ ᠪᠥᠬᠦᠶ ᠨᠢᠭᠡᠴᠢ ᠵᠢᠴᠢ ᠥᠷᠭᠡᠨ ᠣᠯᠠᠨ ᠰᠠᠶᠢᠨ ᠳᠤᠷ᠎ᠠ ᠶᠢᠨ ᠠᠵᠢᠯᠯᠠᠭᠰᠠᠳ ᠤᠨ ᠬᠦᠴᠦᠲᠡᠶ ᠳᠡᠮᠵᠢᠯᠭᠡ ᠦᠵᠡᠭᠦᠯᠵᠦ᠂ ᠭᠤᠶᠠᠴᠢ ᠥᠬᠡᠶ ᠪᠠᠷ ᠬᠤᠪᠢ ᠨᠡᠮᠡᠷᠢ ᠪᠠᠨ ᠬᠠᠨᠳᠢᠪᠯᠠᠭᠰᠠᠨ ᠳᠤ ᠲᠠᠯᠠᠷᠬᠠᠯ ᠳᠡᠪᠰᠢᠭᠦᠯᠬᠦ ᠶᠢᠨ ᠲᠤᠰᠠᠳᠠ᠂ 2020 ᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠲᠠᠯᠠᠷᠬᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠠᠶᠠᠨᠨᠠᠭᠤᠷ ᠲᠠᠬᠢ ᠰᠠᠯᠪᠤᠷᠢ ᠠᠩᠭᠢ ᠶᠢᠨ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠨᠡᠶᠢᠭᠡᠮ ᠲᠣᠭᠤᠷᠢᠭ ᠤᠨ ᠬᠢᠵᠢᠭ ᠢ ᠰᠡᠷᠭᠡᠶᠢᠯᠡᠬᠦ ᠠᠵᠢᠯ ᠢ ᠳᠡᠮᠵᠢᠭᠰᠡᠨ ᠬᠡᠰᠡᠭ ᠠᠵᠢᠯᠲᠠᠳ ᠲᠦᠯᠦᠭᠡᠯᠡᠭᠴᠢ ᠶᠢᠨ ᠬᠤᠪᠢ ᠪᠠᠷ ᠲᠣᠰ ᠤᠳᠠᠭᠠᠨ ᠤ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠨᠡᠶᠢᠭᠡᠮ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠠᠴᠠ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠰᠠᠯᠪᠤᠷᠢ ᠠᠩᠭᠢ ᠶᠢᠨ ᠨᠠᠮ ᠤᠨ ᠬᠤᠷᠢᠶ᠎ᠠ ᠶᠢᠨ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠨ ᠵᠢᠴᠢ ᠨᠡᠶᠢᠭᠡᠮ ᠲᠣᠭᠤᠷᠢᠭ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠳᠤ ᠭᠦᠢᠴᠡᠳ ᠨᠤᠲᠠᠯᠠᠯᠲᠠ ᠪᠠ ᠲᠠᠯᠠᠷᠬᠠᠯ ᠢᠶᠠᠨ ᠢᠯᠡᠳᠬᠡᠨ᠂ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠨᠢ ᠬᠠᠮᠤᠭ ᠠᠴᠠ ᠬᠥᠨᠳᠦ ᠬᠡᠴᠡᠭᠦᠦ᠂ ᠰᠡᠷᠭᠡᠶᠢᠯᠡᠨ ᠡᠵᠡᠮᠳᠡᠬᠦ ᠡᠭᠦᠷᠭᠡ ᠬᠠᠮᠤᠭ ᠠᠴᠠ ᠬᠥᠨᠳᠦ ᠬᠦᠴᠢᠷ ᠦᠶ᠎ᠡ ᠳᠤ᠂ ᠴᠡᠭᠡᠵᠢ ᠲᠦᠷᠢᠨ ᠭᠠᠷᠴᠤ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠲᠤᠷᠠᠲᠠᠶᠢᠶ᠎ᠠ ᠬᠤᠪᠢ ᠨᠡᠮᠡᠷᠢ ᠦᠵᠡᠭᠦᠯᠵᠦ᠂ ᠨᠡᠶᠢᠭᠡᠮ ᠲᠣᠭᠤᠷᠢᠭ ᠤᠨ ᠨᠢᠭᠡᠳᠦᠭᠡᠷ ᠹᠷᠣᠨᠲ ᠤᠨ ᠰᠡᠷᠭᠡᠶᠢᠯᠡᠨ ᠡᠵᠡᠮᠳᠡᠬᠦ ᠡᠭᠦᠷᠭᠡ ᠳᠤ ᠢᠳᠡᠪᠬᠢᠲᠡᠶ ᠣᠷᠤᠯᠴᠠᠨ᠂ ᠰᠡᠷᠭᠡᠶᠢᠯᠡᠨ ᠡᠵᠡᠮᠳᠡᠬᠦ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠦᠭᠰᠡᠨ ᠰᠠᠯᠪᠤᠷᠢ ᠠᠩᠭᠢ  ᠶᠢᠨ ᠨᠠᠮ ᠤᠨ ᠭᠡᠰᠢᠭᠦᠨ ᠺᠠᠳ᠋ᠷᠴᠤᠳ ᠲᠤ ᠳᠡᠭᠡᠳᠦ ᠬᠡᠮᠵᠢᠶᠡᠨ ᠤ ᠦᠨᠡᠯᠡᠯᠲᠡ ᠪᠠ ᠮᠠᠭᠲᠠᠭᠠᠯ ᠰᠠᠶᠢᠰᠢᠶᠠᠯ ᠣᠯᠭᠤᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠰᠠᠯᠪᠤᠷᠢ ᠠᠩᠭᠢ ᠶᠢᠨ ᠬᠠᠮᠲᠤᠷᠠᠭᠰᠠᠨ ᠪᠠᠶᠢᠭᠤᠯᠤᠯᠲᠠ ᠶᠢᠨ ᠠᠵᠢᠯ ᠳᠤ ᠨᠡᠩ ᠢᠳᠡᠪᠬᠢᠲᠡᠶ ᠬᠦᠰᠡᠯ ᠡᠷᠡᠮᠡᠯᠵᠡᠯ ᠢᠶᠠᠨ ᠢᠯᠡᠳᠬᠡᠪᠡ᠃
     ᠰᠠᠯᠪᠤᠷᠢ ᠠᠩᠭᠢ ᠶᠢᠨ ᠤᠳᠤᠷᠢᠳᠤᠯᠭ᠎ᠠ ᠠᠴᠠ ᠬᠤᠷᠠᠯ ᠳᠡᠭᠡᠷ᠎ᠡ ᠢᠯᠡᠷᠬᠡᠶᠢᠯᠡᠬᠦ ᠳᠤ ᠪᠠᠨ᠂ ᠨᠡᠶᠢᠭᠡᠮ ᠲᠣᠭᠤᠷᠢᠭ ᠤᠨ ᠠᠵᠢᠯ ᠳᠤ ᠬᠤᠯᠪᠣᠭᠳᠠᠬᠤ ᠣᠷᠣᠨ ᠬᠡᠪᠴᠢᠶ᠎ᠡ ᠥᠷᠭᠡᠨ᠂ ᠰᠠᠭᠤᠭᠠᠯᠢ ᠠᠷᠠᠳ ᠣᠯᠠᠨ᠂ ᠡᠳᠦᠷ ᠲᠤᠲᠤᠮ ᠤᠨ ᠠᠵᠢᠯ ᠤᠨ ᠡᠭᠦᠷᠭᠡ ᠶᠠᠷᠰᠢᠭ ᠲᠦᠪᠡᠭᠲᠡᠶ ᠪᠠᠶᠢᠵᠤ᠂ ᠨᠡᠶᠢᠭᠡᠮ ᠲᠣᠭᠤᠷᠢᠭ ᠤᠨ ᠠᠵᠢᠯᠲᠠᠳ ᠨᠢ ᠠᠷᠠᠳ ᠣᠯᠠᠨ ᠳᠤ ᠨᠢᠭᠡᠨ ᠴᠢᠨᠠᠷ ᠰᠢᠯᠢᠳᠡᠭ᠂ ᠠᠮᠤᠷ ᠲᠦᠪᠰᠢᠨ᠂ ᠠᠮᠤᠷ ᠲᠣᠭᠲᠠᠭᠤᠨ ᠨᠡᠶᠢᠭᠡᠮ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠬᠠᠩᠭᠠᠬᠤ ᠶᠢᠨ ᠲᠤᠰᠠᠳᠠ᠂ ᠶᠡᠭᠡ ᠬᠡᠮᠵᠢᠶᠡᠨ ᠤ ᠣᠶᠤᠨ ᠴᠢᠳᠠᠯ ᠪᠠ ᠬᠦᠴᠦ ᠬᠥᠯᠥᠰᠥ ᠭᠠᠷᠭᠠᠪᠠ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠨᠡᠩ ᠴᠤ ᠡᠳᠦᠷ ᠰᠥᠨᠢ ᠢᠯᠭᠠᠯ ᠦᠭᠡᠶ᠂ ᠵᠣᠪᠠᠭᠤᠷᠢ ᠵᠦᠳᠡᠭᠦᠷᠢ ᠪᠠᠨ ᠬᠠᠶᠢᠬᠤᠷᠬᠤ ᠦᠭᠡᠢ ᠴᠢᠷᠮᠠᠶᠢᠨ ᠠᠵᠢᠯᠯᠠᠪᠠ᠃ ᠪᠠᠶᠠᠨᠨᠠᠭᠤᠷ ᠲᠠᠬᠢ ᠰᠠᠯᠪᠤᠷᠢ ᠠᠩᠭᠢ ᠨᠢ ᠬᠠᠮᠲᠤ ᠪᠠᠷ ᠪᠠᠶᠢᠭᠤᠯᠬᠤ ᠨᠢᠭᠡᠴᠢ ᠪᠣᠯᠤᠭᠰᠠᠨ ᠤ ᠬᠤᠪᠢ ᠳᠤ᠂ ︽ᠨᠡᠶᠢᠭᠡᠮ ᠲᠣᠭᠤᠷᠢᠭ ᠤᠨ ᠠᠵᠢᠯ ᠢ ᠶᠡᠭᠡ ᠪᠠᠷ ᠳᠡᠮᠵᠢᠵᠦ᠂ ᠰᠠᠶᠢᠨ ᠰᠠᠶᠢᠬᠠᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠬᠤ︾ ᠵᠠᠷᠴᠢᠮ ᠠᠴᠠ ᠡᠭᠦᠰᠦᠨ᠂ ᠨᠡᠶᠢᠭᠡᠮ ᠲᠣᠭᠤᠷᠢᠭ ᠲᠠᠢ ᠬᠠᠮᠵᠢᠯᠴᠠᠨ᠂ ᠨᠡᠶᠢᠭᠡᠮ ᠲᠣᠭᠤᠷᠢᠭ ᠠᠴᠠ ᠡᠷᠬᠢᠯᠡᠭᠰᠡᠨ ᠡᠯ᠎ᠡ ᠲᠥᠷᠥᠯ ᠤᠨ ᠠᠵᠢᠯᠯᠠᠭ᠎ᠠ  ᠳᠤ ᠢᠳᠡᠪᠬᠢᠲᠡᠢ ᠣᠷᠣᠯᠴᠠᠵᠤ᠂ ᠲᠤᠰ ᠤᠳᠠᠭᠠᠨ ᠤ ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠰᠠᠯᠪᠤᠷᠢ ᠠᠩᠭᠢ ᠶᠢᠨ ᠨᠠᠮ ᠤᠨ ᠭᠡᠰᠢᠭᠦᠨ ᠺᠠᠳ᠋ᠷᠴᠤᠳ ᠨᠡᠩ ᠴᠤ ᠰᠠᠨᠠᠭᠠᠴᠢᠯᠠᠭ᠎ᠠ ᠠᠴᠠ ᠪᠠᠨ ᠣᠷᠤᠯᠴᠠᠨ᠂ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠷᠡᠰ ᠳᠡᠮᠵᠢᠵᠦ᠂ ᠨᠡᠶᠢᠭᠡᠮ ᠲᠣᠭᠤᠷᠢᠭ  ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠨ ᠴᠢᠳᠠᠯ ᠢᠶᠠᠨ ᠨᠡᠮᠡᠷᠢᠯᠡᠭᠰᠡᠨ ᠢᠶᠠᠨ ᠠᠵᠠ ᠵᠠᠪᠰᠢᠶᠠᠨ ᠢᠶᠠᠷ ᠦᠵᠡᠭᠰᠡᠨ ᠤ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠷᠣᠯᠴᠠᠭᠰᠠᠨ ᠪᠤᠶ ᠪᠦᠬᠦᠢ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠰᠠᠳ ᠲᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠨ᠂ ᠬᠤᠶᠢᠰᠢᠳᠠ ᠶᠢᠨ ᠠᠵᠢᠯ ᠤᠨ ᠳᠤᠮᠳᠠ᠂ ᠶᠢᠨ ᠴᠤᠸᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠰᠠᠯᠪᠤᠷᠢ ᠠᠩᠭᠢ ᠶᠢᠨ ᠬᠢᠨ ᠦᠷᠭᠦᠯᠵᠢᠯᠡᠨ ᠬᠠᠮᠵᠢᠯᠴᠠᠨ ᠠᠵᠢᠯᠯᠠᠵᠤ᠂ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠬᠤ ᠶᠢ ᠬᠦᠰᠡᠵᠦ ᠪᠠᠶᠢᠨ᠎ᠠ ᠭᠡᠪᠡ᠃
     ᠬᠤᠷᠠᠯ ᠳᠡᠭᠡᠷ᠎ᠡ᠂ ᠰᠠᠯᠪᠤᠷᠢ ᠠᠩᠭᠢ ᠶᠢᠨ ᠠᠵᠢᠯᠲᠠᠳ ᠠᠴᠠ ᠰᠠᠶᠢᠨ ᠳᠤᠷᠠᠴᠤᠳ ᠤᠨ ᠲᠥᠯᠥᠭᠡᠯᠡᠭᠴᠢ ᠶᠢᠨ ᠬᠤᠪᠢ ᠪᠠᠷ ᠦᠭᠡ ᠶᠠᠷᠢᠵᠤ᠂ ᠨᠡᠶᠢᠭᠡᠮ ᠲᠣᠭᠤᠷᠢᠭ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠭᠰᠠᠨ ᠠᠵᠢᠯᠲᠠᠨ ᠵᠢᠴᠢ ᠰᠠᠶᠢᠨ ᠳᠤᠷᠠᠴᠤᠳ ᠲᠤ ᠲᠠᠯᠠᠷᠬᠠᠯ ᠤᠨ ᠵᠠᠬᠢᠳᠠᠯ ᠬᠦᠷᠭᠡᠪᠡ᠃ ︵ᠳ᠋ᠠᠶ ᠪᠦᠦ ᠶᠤᠸᠠᠢ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号