ᠲᠣᠭᠲᠠᠭᠠᠯ ᠶᠣᠰᠣᠭᠠᠷ ᠶᠠᠮᠠᠷ ᠶᠠᠮᠠᠷ ᠲᠡᠷᠭᠡ ᠬᠦᠰᠬᠡ ᠨᠢ ᠵᠠᠮ ᠠᠷᠠᠴᠢᠯᠠᠬᠤ ᠰᠦᠢᠳᠬᠡᠯ ᠬᠠᠰᠤᠵᠤ ᠲᠠᠲᠠᠪᠤᠷᠢᠯᠠᠬᠤ ᠬᠡᠪᠴᠢᠶᠡᠨ ᠳᠤ ᠪᠠᠭᠲᠠᠬᠤ ᠪᠤᠢ︖
ᠨᠡᠶᠢᠲᠡᠯᠡᠭᠰᠡᠨ ᠴᠠᠭ᠄
2020/11/16
     ᠬᠠᠷᠢᠭᠤᠯᠲᠠ᠄ ︵ᠨᠢᠭᠡ︶ ᠤᠯᠤᠰ ᠤᠨ ᠵᠢᠩᠬᠢᠨᠢ ᠪᠠᠷ ᠲᠣᠭᠲᠠᠭᠠᠭᠰᠠᠨ ᠣᠷᠣᠨ ᠲᠣᠭᠠᠨ ᠤ ᠪᠠᠷᠢᠮᠵᠢᠶ᠎ᠠ ᠪᠠᠷ ᠲᠣᠬᠢᠷᠠᠭᠤᠯᠤᠭᠰᠠᠨ ᠰᠢᠶᠠᠨ ᠤ ᠱᠠᠲᠤᠨ ᠠᠴᠠ ᠳᠡᠭᠡᠭᠰᠢᠬᠢ ︵ᠰᠢᠶᠠᠨ ᠤ ᠱᠠᠲᠤ ᠪᠠᠭᠲᠠᠨ᠎ᠠ︶ ᠨᠠᠮ ᠵᠠᠰᠠᠭ ᠤᠨ ᠪᠠᠶᠢᠭᠤᠯᠭ᠎ᠠ᠂ ᠠᠷᠠᠳ ᠤᠨ ᠪᠦᠯᠬᠦᠮ ᠪᠠ ᠰᠤᠷᠭᠠᠭᠤᠯᠢ ᠳᠤ ᠬᠡᠷᠡᠭᠯᠡᠵᠦ᠂ ᠲᠡᠷᠡᠴᠢᠯᠡᠨ ᠤᠯᠤᠰ ᠤᠨ ᠲᠥᠰᠦᠪ ᠤᠨ ᠳᠣᠲᠣᠷᠠᠬᠢ ᠵᠠᠷᠤᠳᠠᠯ ᠢ ᠰᠢᠭᠤᠳ ᠵᠠᠷᠤᠴᠠᠭᠤᠯᠤᠭᠰᠠᠨ ᠨᠢᠭᠡᠴᠢ ᠶᠢᠨ ᠠᠴᠢᠶᠠᠨ ᠤ ᠲᠡᠷᠭᠡ ᠪᠠ ᠲᠠᠪᠤᠨ ᠰᠠᠭᠤᠳᠠᠯ ᠠᠴᠠ ᠳᠡᠭᠡᠭᠰᠢᠬᠢ ︵ᠲᠠᠪᠤᠨ ᠬᠥᠮᠦᠨ ᠤ ᠰᠠᠭᠤᠳᠠᠯ ᠪᠠᠭᠲᠠᠬᠤ ᠦᠭᠡᠢ︶ ᠠᠶᠠᠨᠴᠢᠳ ᠤᠨ ᠲᠡᠷᠭᠡᠨ ᠠᠴᠠ ᠬᠠᠭᠠᠰ ᠢ ᠨᠢ ᠬᠠᠰᠤᠵᠤ ᠲᠠᠲᠠᠪᠤᠷᠢᠯᠠᠨ᠎ᠠ︔      ︵ᠬᠤᠶᠠᠷ︶ ᠲᠤᠰᠬᠠᠶ ᠬᠡᠷᠡᠭᠯᠡᠬᠦ ᠨᠢᠭᠡᠴᠢ ᠶᠢᠨ ᠥᠪᠡᠰᠦᠪᠡᠨ ᠪᠠᠶᠢᠭᠤᠯᠤᠨ᠂ ᠥᠪᠡᠰᠦᠪᠡᠨ ᠠᠷᠠᠴᠢᠯᠠᠭᠰᠠᠨ ᠲᠤᠰᠬᠠᠶ ᠬᠡᠷᠡᠭᠯᠡᠬᠦ ᠵᠠᠰᠠᠮᠠᠯ ᠵᠠᠮ ︵ᠦᠢᠯᠡᠳᠪᠦᠷᠢᠯᠡᠯ ᠤᠨ ᠠᠵᠢᠯᠯᠠᠬᠤ ᠵᠠᠮ ᠪᠠᠭᠲᠠᠬᠤ ᠥᠬᠡᠶ︶ ᠢ ᠲᠡᠭᠦᠨ ᠤ ᠳᠠᠩ ᠱᠤᠭᠤᠮ ᠤᠨ ᠵᠠᠮ ᠤᠨ ᠤᠷᠲᠤ ᠨᠢ ᠬᠤᠷᠢᠨ ᠺᠢᠯᠣᠮᠧᠲᠷ ᠠᠴᠠ ᠳᠡᠭᠡᠭᠰᠢᠬᠢ ᠲᠠᠷᠢᠶᠠᠯᠠᠩ ᠤᠨ ᠲᠠᠯᠠᠪᠠᠢ᠂ ᠣᠢ ᠰᠢᠭᠤᠶ ᠶᠢᠨ ᠲᠠᠯᠠᠪᠠᠢ᠂ ᠴᠢᠯᠠᠭᠤᠨ ᠲᠣᠰᠣᠨ ᠤ ᠠᠭᠤᠷᠬᠠᠶ ᠵᠡᠷᠭᠡ ᠨᠢᠭᠡᠴᠢ ᠨᠢ ᠲᠡᠭᠦᠨ ᠤ ᠲᠡᠷᠭᠡ ᠬᠥᠰᠬᠡ ᠶᠢᠨ ᠵᠠᠰᠠᠮᠠᠯ ᠵᠠᠮ ᠠᠯᠤᠰᠯᠠᠭᠰᠠᠨ ᠪᠠᠶᠢᠳᠠᠯ ᠢ ᠨᠢ ᠦᠨᠳᠦᠰᠦᠯᠡᠨ᠂ 20%~60% ᠪᠠᠷ ᠬᠠᠰᠤᠵᠤ ᠲᠠᠲᠠᠪᠤᠷᠢᠯᠠᠨ᠎ᠠ︔       ︵ᠭᠤᠷᠪᠠ︶ ᠵᠥᠪᠬᠡᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠪᠠᠷᠢᠵᠤ ᠪᠠᠶᠢᠭᠤᠯᠤᠭᠰᠠᠨ ᠪᠠ ᠠᠷᠠᠴᠢᠯᠠᠨ ᠬᠠᠮᠢᠶᠠᠷᠴᠤ ᠪᠠᠶᠢᠭ᠎ᠠ ᠬᠤᠲᠠ ᠶᠢᠨ ᠲᠣᠭᠤᠷᠢᠭ ᠤᠨ ᠵᠠᠮ ᠤᠨ ᠲᠣᠭᠲᠠᠮᠠᠯ ᠱᠤᠭᠤᠮ ᠳᠡᠭᠡᠷ᠎ᠡ ᠶᠠᠪᠤᠬᠤ ᠨᠡᠶᠢᠲᠡ ᠶᠢᠨ ᠮᠠᠰᠢᠨ ᠲᠡᠷᠭᠡ᠂ ᠴᠠᠬᠢᠯᠭᠠᠨ ᠲᠡᠷᠭᠡ ︵ᠶᠠᠮᠠᠷ ᠴᠤ ᠲᠦᠷᠢᠶᠡᠰᠦᠨ ᠮᠠᠰᠢᠨ ᠪᠠᠭᠲᠠᠬᠤ ᠦᠭᠡᠶ︶ ᠶᠢᠨ ᠵᠠᠰᠠᠮᠠᠯ ᠵᠠᠮ ᠠᠯᠤᠰᠯᠠᠭᠰᠠᠨ ᠵᠠᠮ ᠤᠨ ᠤᠷᠲᠤ ᠨᠢ ᠠᠷᠪᠠᠨ ᠺᠢᠯᠣᠮᠧᠲᠷ ᠤᠨ ᠳᠣᠲᠤᠷ᠎ᠠ ᠪᠣᠯ ᠵᠠᠰᠠᠮᠠᠯ ᠵᠠᠮ ᠤᠨ ᠰᠦᠢᠳᠬᠡᠯ ᠤᠨ ᠭᠤᠷᠪᠠᠨ ᠤ ᠨᠢᠭᠡ ᠪᠠᠷ ᠪᠣᠳᠣᠵᠤ ᠲᠠᠲᠠᠪᠤᠷᠢᠯᠠᠨ᠂ ᠵᠠᠰᠠᠮᠠᠯ ᠵᠠᠮ ᠠᠯᠤᠰᠯᠠᠭᠰᠠᠨ ᠵᠠᠮ ᠤᠨ ᠤᠷᠲᠤ ᠨᠢ ᠠᠷᠪᠠᠨ ᠺᠢᠯᠣᠮᠧᠲᠷ ᠠᠴᠠ ᠳᠡᠭᠡᠭᠰᠢ᠂ ᠬᠤᠷᠢᠨ ᠺᠢᠯᠣᠮᠧᠲᠷ ᠠᠴᠠ ᠳᠣᠷᠣᠭᠰᠢ ᠪᠣᠯ᠂ ᠬᠤᠶᠠᠷ ᠬᠤᠪᠢᠨ ᠤ ᠨᠢᠭᠡ ᠪᠠᠷ ᠪᠣᠳᠣᠵᠤ ᠲᠠᠲᠠᠪᠤᠷᠢᠯᠠᠨ᠎ᠠ᠂ ᠵᠠᠰᠠᠮᠠᠯ ᠵᠠᠮ ᠠᠯᠤᠰᠯᠠᠭᠰᠠᠨ ᠵᠠᠮ ᠤᠨ ᠤᠷᠲᠤ ᠨᠢ ᠬᠤᠷᠢᠨ ᠺᠢᠯᠣᠮᠧᠲᠷ ᠠᠴᠠ ᠳᠡᠭᠡᠭᠰᠢ ᠪᠣᠯ ᠪᠦᠬᠦ ᠲᠤᠭ᠎ᠠ ᠪᠠᠷ ᠨᠢ ᠪᠣᠳᠣᠵᠤ ᠲᠠᠲᠠᠪᠤᠷᠢᠯᠠᠨ᠎ᠠ᠃
 
ᠢᠷᠡᠯᠲᠡ᠄ ᠵᠠᠮ ᠬᠠᠨᠷᠢᠯᠴᠠᠭ᠎ᠠ ᠲᠡᠭᠡᠭᠡᠪᠦᠷᠢ ᠶᠢᠨ ᠮᠡᠳᠡᠭᠡ ᠵᠠᠩᠭᠢ ᠶᠢᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号