︽ᠰᠢᠤᠳᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠷᠭ᠎ᠠ︾ ᠶᠢᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2020/11/20
     ᠲᠦᠷᠦᠭᠦᠬᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ 2020 ᠣᠨ ᠤ 5 ᠳ᠋ᠤᠭᠠᠷ ᠲᠣᠭᠠᠲᠤ ᠵᠠᠷᠯᠢᠭ ᠢᠶᠠᠷ ︽ᠰᠢᠤᠳᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠷᠭ᠎ᠠ︾ ᠶᠢ ᠨᠡᠶᠢᠲᠡᠯᠡᠵᠦ᠂ 2020 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠃ ᠬᠤᠯᠪᠣᠭᠳᠠᠯ ᠪᠦᠬᠦᠢ ᠨᠢᠭᠡᠴᠢ ᠶᠢᠨ ᠲᠣᠰ ᠳᠦᠷᠢᠮ ᠤᠨ ᠠᠭᠤᠯᠭ᠎ᠠ ᠶᠢ ᠨᠠᠩ ᠰᠠᠶᠢᠨ ᠣᠶᠢᠯᠭᠠᠬᠤ ᠳᠤ ᠳᠥᠭᠦᠮ ᠦᠵᠡᠭᠦᠯᠵᠦ᠂ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠤᠰᠠᠳᠠ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠪᠡ᠄      ᠨᠢᠭᠡ᠂ ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ      ᠰᠢᠤᠳᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠨᠢ ᠰᠢᠤᠳᠠᠨ ᠤ ᠦᠢᠯᠡᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠥᠪ ᠢᠶᠠᠷ ᠬᠡᠷᠡᠭᠵᠢᠭᠦᠯᠬᠦ ᠶᠢᠨ ᠴᠢᠬᠤᠯᠠ ᠪᠠᠲᠤᠯᠠᠭ᠎ᠠ ᠮᠦᠨ᠂ ᠰᠢᠤᠳᠠᠨ ᠤ ᠦᠢᠯᠡᠰ ᠤᠨ ᠬᠠᠤᠯᠢ ᠪᠠᠷ ᠵᠠᠰᠠᠬᠤ ᠪᠠᠶᠢᠭᠤᠯᠤᠯᠲᠠ ᠳᠤ ᠴᠢᠬᠤᠯᠠ ᠦᠢᠯᠡᠳᠦᠯ ᠦᠵᠡᠭᠦᠯᠵᠦ ᠪᠣᠢ᠃ ᠣᠶᠢᠷ᠎ᠠ ᠶᠢᠨ ᠵᠢᠯ ᠳᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠠᠴᠠ ᠬᠠᠤᠯᠢ ᠶᠢ ᠴᠢᠩᠭ᠎ᠠ ᠵᠢᠷᠤᠮᠵᠢᠭᠤᠨ ᠭᠤᠣᠯᠴᠢ ᠪᠣᠯᠪᠠᠰᠤᠨ ᠢᠶᠠᠷ ᠬᠡᠷᠡᠭᠵᠢᠭᠦᠯᠬᠦ ᠲᠤᠬᠠᠶ ᠠᠯᠢ ᠤᠯᠠᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠬᠢᠵᠦ᠂ ᠰᠢᠤᠳᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠦᠷᠢᠮ ᠲᠣᠭᠲᠠᠭᠠᠯ ᠢ ᠲᠤᠭᠤᠰᠢᠯᠠᠭᠤᠯᠬᠤ ᠴᠢᠬᠤᠯᠠᠲᠠᠶ ᠪᠠᠶᠢᠨ᠎ᠠ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠠᠶᠢᠴᠠᠭᠠᠬᠤ ᠬᠠᠤᠯᠢ︾ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠤ ᠤᠷᠢᠳ ᠬᠤᠵᠢᠳ ᠵᠠᠰᠠᠪᠤᠷᠢ ᠣᠷᠤᠭᠤᠯᠤᠨ᠂ ︽ᠰᠢᠤᠳᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠷᠭ᠎ᠠ︾  ᠶᠢᠨ ᠬᠤᠯᠪᠣᠭᠳᠠᠯ ᠪᠦᠬᠦᠢ ᠲᠣᠭᠲᠠᠭᠠᠯ ᠳᠤ ᠲᠤᠬᠢᠷᠠᠭᠤᠯᠤᠯᠲᠠ ᠬᠢᠵᠦ ᠳᠡᠭᠡᠳᠦ ᠪᠠᠶᠢᠷᠢ ᠶᠢᠨ ᠬᠠᠤᠯᠢ ᠲᠠᠢ ᠵᠣᠯᠭᠠᠭᠤᠯᠬᠤ ᠲᠣᠭᠲᠠᠭᠠᠯ ᠭᠠᠷᠭᠠᠬᠤ ᠬᠡᠷᠡᠭᠲᠡᠶ᠃ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠲᠦᠷᠢᠮ ᠤᠨ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠲᠦᠷᠢᠮ ᠤᠨ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠲᠦᠷᠢᠮ ᠢ ᠬᠢᠨᠠᠨ ᠬᠠᠷᠭᠤᠭᠤᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ᠳᠤ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠷᠪᠠᠨ ᠵᠦᠢᠯ ᠤᠨ ᠲᠦᠷᠢᠮ︾ ᠢ ᠪᠠᠶᠢᠭᠤᠯᠤᠨ ᠬᠡᠷᠡᠭᠵᠢᠭᠦᠯᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠤ᠂ ︽ᠰᠢᠤᠳᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠷᠭ᠎ᠠ︾ ᠳᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠣᠳᠠᠲᠠᠶ ᠠᠭᠤᠯᠭ᠎ᠠ ᠪᠠ ᠳᠡᠰ ᠳᠠᠷᠠᠭᠠᠯᠠᠯ ᠳᠤ ᠵᠣᠬᠢᠴᠠᠩᠭᠤᠶ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠲᠥᠷᠥ ᠶᠢᠨ ᠶᠠᠪᠤᠳᠠᠯ ᠤᠨ ᠬᠤᠷᠢᠶᠠᠨ  ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠴᠢᠬᠤᠯᠠᠲᠠᠢ  ᠃ ᠡᠭᠦᠨ ᠤ ᠬᠠᠮᠲᠤ᠂ ᠰᠢᠤᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠦᠢᠯᠡᠳᠦᠯᠭᠡ ᠶᠢᠨ ᠳᠤᠮᠳᠠ ᠡᠳᠦᠶ ᠲᠡᠳᠦᠶ ᠰᠠᠶᠢᠨ ᠠᠷᠭ᠎ᠠ ᠬᠢᠳᠡᠯ ᠢ ᠪᠦᠷᠢᠯᠳᠦᠭᠦᠯᠵᠦ᠂ ᠡᠭᠦᠨ ᠢ ᠪᠠᠰᠠ ᠲᠦᠷᠢᠮ  ᠤᠨ ᠴᠢᠨᠠᠷᠲᠠᠶ ᠲᠣᠭᠲᠠᠭᠠᠯ ᠪᠣᠯᠭᠠᠨ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃      ᠬᠤᠶᠠᠷ᠂  ᠵᠠᠰᠠᠪᠤᠷᠢ ᠣᠷᠤᠭᠤᠯᠬᠤ ᠰᠡᠳᠬᠢᠮᠵᠢ      ᠲᠥᠪ ᠬᠤᠷᠢᠶᠠᠨ ᠤ ᠴᠢᠩᠭ᠎ᠠ ᠵᠢᠷᠤᠮᠵᠢᠭᠤᠨ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠣᠷᠣᠢ ᠶᠢᠨ ᠳᠠᠪᠬᠤᠷᠭ᠎ᠠ ᠶᠢᠨ ᠳᠦᠷᠢᠮ ᠤᠨ ᠪᠠᠶᠢᠭᠤᠯᠤᠯᠲᠠ ᠶᠢᠨ ᠬᠠᠮᠤᠭ ᠤᠨ ᠰᠢᠨ᠎ᠡ ᠦᠷ᠎ᠡ ᠪᠦᠲᠦᠭᠡᠯ ᠳᠤ ᠠᠭᠤᠰᠤᠯᠴᠠᠵᠤ᠂ ᠤᠯᠤᠰ ᠠᠴᠠ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠷᠪᠠᠨ ᠵᠦᠢᠯ ᠤᠨ ᠳᠦᠷᠢᠮ︾ ᠤᠨ ᠱᠠᠭᠠᠷᠳᠠᠯᠭ᠎ᠠ ᠶᠣᠰᠣᠭᠠᠷ᠂ ᠰᠢᠨ᠎ᠡ ᠴᠠᠭ ᠦᠶ᠎ᠡ ᠶᠢᠨ ᠰᠢᠦᠳᠠᠨ ᠤ ᠦᠢᠯᠡᠰ ᠤᠨ ᠬᠠᠤᠯᠢ ᠪᠠᠷ ᠵᠠᠰᠠᠬᠤ ᠦᠢᠯᠡᠳᠦᠯᠭᠡ ᠶᠢᠨ ᠬᠡᠷᠡᠭᠴᠡᠭᠡ ᠳᠤ ᠵᠣᠬᠢᠴᠠᠵᠤ᠂ ᠰᠢᠤᠳᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠵᠦᠶ ᠵᠣᠬᠢᠰᠲᠠᠶ ᠪᠠᠶᠢᠷᠢᠯᠠᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠ ᠵᠢᠭᠠᠨ ᠵᠢᠯᠤᠭᠤᠳᠴᠦ ᠰᠠᠶᠢᠵᠢᠷᠠᠭᠤᠯᠬᠤ ᠶᠢ ᠵᠡᠷᠭᠡ ᠳᠤ ᠨᠢ ᠴᠢᠬᠤᠯᠠᠴᠢᠯᠠᠬᠤ ᠶᠢ ᠪᠠᠷᠢᠮᠲᠠᠯᠠᠵᠤ᠂ ᠰᠢᠤᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠳᠣᠲᠣᠭᠠᠳᠤ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠠᠯᠳᠠᠭ᠎ᠠ ᠪᠤᠷᠤᠭᠤ ᠶᠢ ᠨᠢ ᠵᠠᠯᠠᠷᠠᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃      ᠭᠤᠷᠪᠠ᠂ ᠵᠠᠰᠠᠪᠤᠷᠢ ᠣᠷᠣᠭᠤᠯᠤᠭᠰᠠᠨ ᠠᠭᠤᠯᠭ᠎ᠠ       ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠰᠢᠤᠳᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠷᠭ᠎ᠠ︾ ᠳᠤ ᠤᠤᠯ ᠤᠨ ︽ᠪᠦᠯᠦᠭ ᠬᠤᠪᠢᠶᠠᠭᠰᠠᠨ︾ ᠪᠦᠲᠦᠴᠡ ᠶᠢ ᠬᠦᠴᠦᠨ ᠦᠭᠡᠢ ᠪᠣᠯᠭᠠᠵᠤ᠂ 56 ᠵᠤᠷᠪᠤᠰ ᠠᠴᠠ 50 ᠵᠤᠷᠪᠤᠰ ᠪᠣᠯᠭᠠᠨ ᠴᠣᠮᠬᠠᠳᠬᠠᠪᠠ᠃ ᠭᠤᠤᠯᠳᠠᠭᠤ ᠵᠠᠰᠠᠪᠤᠷᠢ ᠣᠷᠣᠭᠤᠯᠬᠤ ᠠᠭᠤᠯᠭ᠎ᠠ ᠨᠢ ᠲᠣᠣᠷᠠᠬᠢ ᠮᠡᠲᠦ᠄ ᠨᠢᠭᠡ ᠳᠤ᠂ ᠰᠢᠤᠳᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠡᠭᠦᠯᠳᠡᠷᠵᠢᠭᠦᠯᠵᠦ᠂ ᠰᠢᠤᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠤᠯᠢ ᠲᠦᠷᠢᠮ ᠤᠨ ᠠᠵᠢᠯ ᠤᠨ ᠪᠠᠶᠢᠭᠤᠯᠤᠮᠵᠢ᠂ ᠳᠣᠲᠣᠭᠠᠳᠤ ᠶᠢᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢᠨ ᠲᠤᠬᠠᠶ ᠴᠥᠮ ᠲᠣᠭᠲᠠᠭᠠᠯ ᠭᠠᠷᠭᠠᠪᠠ᠃ ᠬᠤᠶᠠᠷ ᠲᠤ᠂ ᠬᠠᠤᠯᠢ ᠵᠥᠪᠯᠡᠭᠴᠢ ᠪᠠ ᠠᠯᠪᠠᠨ ᠬᠠᠤᠯᠢᠴᠢ ᠶᠢᠨ ᠣᠷᠣᠯᠴᠠᠬᠤ ᠲᠦᠷᠢᠮ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢᠨ ᠦᠰᠦᠭ ᠪᠢᠴᠢᠭ ᠤᠨ ᠲᠡᠮᠳᠡᠭᠯᠡᠯ ᠪᠣᠯᠤᠨ ᠲᠠᠭᠤ ᠳᠦᠷᠰᠦ ᠰᠢᠩᠭᠡᠭᠡᠯᠲᠡ ᠶᠢᠨ ᠲᠡᠮᠳᠡᠭᠯᠡᠯ ᠤᠨ ᠲᠦᠷᠢᠮ᠂ ᠨᠡᠶᠢᠲᠡᠯᠢᠭ ᠬᠡᠷᠡᠭ ᠤᠨ ᠵᠢᠱᠢᠶ᠎ᠡ ᠶᠢ ᠮᠡᠳᠡᠭᠳᠡᠬᠦ ᠲᠦᠷᠢᠮ ᠢ ᠪᠠᠭᠲᠠᠭᠠᠭᠰᠠᠨ ᠨᠢᠭᠡ ᠪᠦᠯᠦᠭ ᠰᠢᠨ᠎ᠡ ᠲᠦᠷᠢᠮ ᠢ ᠪᠠᠶᠢᠭᠤᠯᠪᠠ᠃ ᠭᠤᠷᠪᠠ ᠳᠤ᠂ ᠵᠠᠷᠯᠢᠭᠳᠠᠵᠤ ᠪᠠᠶᠢᠭᠠᠳ ᠲᠣᠭᠲᠠᠭᠰᠠᠨ ᠬᠤᠭᠤᠴᠠᠭᠠᠨ ᠳᠤ ᠬᠠᠤᠯᠢ ᠶᠣᠰᠤᠨ ᠤ ᠲᠤᠰᠢᠶᠠᠯ ᠬᠠᠷᠢᠭᠤᠴᠠᠯᠭ᠎ᠠ ᠶᠢ ᠨᠢ ᠭᠦᠢᠴᠡᠳᠬᠡᠭᠦᠯᠬᠦ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠨᠢ ᠬᠦᠴᠦᠨ ᠦᠭᠡᠢ ᠪᠣᠯᠭᠠᠬᠤ ᠪᠤᠶᠤ ᠬᠤᠪᠢᠷᠠᠭᠤᠯᠬᠤ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢᠨ ᠬᠠᠤᠯᠢ ᠠᠴᠠ ᠵᠥᠷᠢᠴᠡᠭᠰᠡᠨ ᠢ ᠨᠤᠲᠠᠯᠠᠬᠤ᠂ ᠵᠠᠷᠯᠢᠭᠳᠠᠵᠤ ᠪᠠᠶᠢᠭᠠᠳ ᠵᠣᠬᠢᠬᠤ ᠬᠤᠭᠤᠴᠠᠭᠠᠨ ᠳᠣᠲᠣᠷ᠎ᠠ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠨᠢ ᠳᠠᠬᠢᠨ ᠬᠢᠯᠭᠡᠬᠦ᠂ ᠵᠠᠷᠯᠢᠭᠳᠠᠵᠤ ᠪᠠᠶᠢᠭᠠᠳ ᠪᠢᠴᠢᠭ ᠤᠨ ᠬᠡᠯᠪᠡᠷᠢ ᠪᠠᠷ ᠨᠥᠬᠦᠪᠥᠷᠢᠯᠡᠨ ᠵᠠᠯᠠᠷᠠᠭᠤᠯᠬᠤ ᠪᠤᠶᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠨᠢ ᠵᠠᠯᠠᠷᠠᠭᠤᠯᠬᠤ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠬᠤ᠂ ᠰᠢᠭᠦᠮᠵᠢᠯᠡᠬᠦ ᠂ ᠵᠠᠷᠯᠠᠨ ᠰᠢᠭᠦᠮᠵᠢᠯᠡᠬᠦ ᠵᠡᠷᠭᠡ ᠲᠠᠯ᠎ᠠ ᠶᠢᠨ ᠵᠦᠢᠯᠡᠰ ᠢ ᠪᠠᠭᠲᠠᠭᠠᠭᠰᠠᠨ ᠪᠤᠷᠤᠭᠤ ᠶᠢ ᠨᠢ ᠵᠠᠯᠠᠷᠠᠭᠤᠯᠬᠤ ᠲᠣᠭᠲᠠᠴᠠ ᠶᠢ ᠰᠢᠯᠢᠳᠡᠭᠵᠢᠭᠦᠯᠪᠡ᠃ ᠡᠭᠦᠨ ᠠᠴᠠ ᠭᠠᠳᠠᠨ᠎ᠠ᠂ ︽ᠰᠢᠤᠳᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠷᠭ᠎ᠠ︾ ᠳᠤ ᠬᠠᠤᠯᠢ ᠬᠡᠷᠡᠭᠵᠢᠭᠦᠯᠦᠯᠲᠡ ᠶᠢᠨ ᠴᠢᠬᠤᠯᠠ ᠶᠡᠭᠡ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠤᠯᠲᠠ ᠶᠢᠨ ᠬᠤᠯᠪᠤᠭᠳᠠᠯ ᠪᠦᠬᠦᠢ ᠵᠦᠢᠯᠡᠰ ᠢ ᠨᠠᠷᠢᠯᠢᠬᠵᠢᠭᠤᠯᠵᠤ᠂ ᠬᠠᠤᠯᠢ ᠬᠡᠷᠡᠭᠵᠢᠭᠦᠯᠦᠯᠲᠡ ᠶᠢᠨ ᠲᠠᠩᠰᠠ ᠡᠪᠬᠡᠮᠡᠯ ᠢ ᠵᠥᠪᠯᠡᠨ ᠲᠣᠭᠲᠠᠭᠠᠬᠤ ᠪᠠ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠵᠢᠷᠤᠮ ᠢ ᠵᠢᠷᠤᠮᠵᠢᠭᠤᠯᠵᠤ᠂ ᠰᠢᠤᠳᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠥᠪᠯᠡᠨ ᠲᠣᠭᠲᠠᠭᠠᠬᠤ ᠲᠦᠷᠢᠮ ᠢ ᠲᠡᠭᠦᠯᠳᠡᠷᠵᠢᠭᠦᠯᠪᠡ᠃      ᠰᠢᠤᠳᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠷᠭ᠎ᠠ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ 2020 ᠣᠨ ᠤ 5 ᠳ᠋ᠤᠭᠠᠷ ᠲᠣᠭᠠᠲᠤ ᠵᠠᠷᠯᠢᠭ︶᠄ http://jtyst.nmg.gov.cn/doc/2020/03/24/372374.shtml
 
ᠢᠷᠡᠯᠲᠡ᠄ ᠵᠠᠮ ᠬᠠᠨᠷᠢᠯᠴᠠᠭ᠎ᠠ ᠲᠡᠭᠡᠭᠡᠪᠦᠷᠢ ᠶᠢᠨ ᠮᠡᠳᠡᠭᠡ ᠵᠠᠩᠭᠢ ᠶᠢᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号