︽ᠵᠠᠮ ᠲᠡᠭᠡᠭᠡᠪᠦᠷᠢ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ︵ᠰᠢᠯᠵᠢᠭᠦᠯᠦᠨ ᠨᠡᠶᠢᠲᠡᠯᠡᠪᠡ︶
ᠨᠡᠶᠢᠲᠡᠯᠡᠭᠰᠡᠨ ᠴᠠᠭ᠄
2020/11/25
     ︽ᠦᠨ᠎ᠡ ᠬᠠᠩᠰᠢ ᠶᠢᠨ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠰᠠᠭ ᠤᠨ ᠣᠷᠳᠣᠨ ᠤ ᠦᠢᠯᠡᠳᠦᠯ ᠢ ᠨᠠᠩ ᠰᠠᠶᠢᠨ ᠳᠡᠯᠭᠡᠷᠡᠭᠦᠯᠬᠦ ᠶᠢᠨ ᠲᠤᠰᠠᠳᠠ᠂ ᠣᠶᠢᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠨᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ︽ᠵᠠᠮ ᠲᠡᠭᠡᠭᠡᠪᠦᠷᠢ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾ ︵ᠳᠣᠷᠤᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠵᠠᠮ ᠲᠡᠭᠡᠭᠡᠪᠦᠷᠢ ᠶᠢᠨ ᠦᠨ᠎ᠡ ᠬᠠᠩᠰᠢ ᠶᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠵᠢᠯ ᠲᠥᠷᠥᠯ ᠤᠨ ᠴᠢᠨᠠᠷᠯᠢᠭ ᠬᠥᠭᠵᠢᠯᠲᠡ ᠶᠢ ᠠᠬᠢᠭᠤᠯᠪᠠ᠃      ᠨᠢᠭᠡ᠂ ᠨᠡᠶᠢᠲᠡᠯᠡᠭᠰᠡᠨ ᠠᠬᠤᠶ ᠪᠠᠶᠢᠳᠠᠯ      ᠦᠨ᠎ᠡ ᠬᠠᠩᠰᠢ ᠶᠢᠨ ᠲᠣᠭᠲᠠᠴᠠ ᠪᠣᠯ ᠵᠠᠬ᠎ᠠ ᠳᠡᠯᠭᠡᠭᠦᠷ ᠤᠨ ᠲᠣᠭᠲᠠᠴᠠ ᠶᠢᠨ ᠭᠤᠤᠯ ᠴᠢᠮᠥᠭᠡ ᠮᠥᠨ᠂ ᠵᠠᠬ᠎ᠠ ᠲᠡᠯᠭᠡᠭᠦᠷ ᠠᠴᠠ ᠦᠨ᠎ᠡ ᠬᠠᠩᠰᠢ ᠶᠢ ᠲᠣᠭᠲᠠᠭᠠᠬᠤ ᠪᠣᠯ ᠵᠠᠬ᠎ᠠ ᠳᠡᠯᠭᠡᠭᠦᠷ ᠤᠨ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠤᠮᠳᠠ ᠰᠢᠢᠳᠪᠦᠷᠢᠯᠡᠬᠦ ᠴᠢᠨᠠᠷᠲᠠᠶ ᠦᠢᠯᠡᠳᠦᠯ ᠦᠵᠡᠭᠦᠯᠬᠦ ᠶᠢᠨ ᠵᠠᠩᠭᠢᠯᠠᠭ᠎ᠠ ᠪᠣᠯᠤᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠦᠨ᠎ᠡ ᠬᠠᠩᠰᠢ ᠶᠢᠨ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠵᠤ ᠂ ᠵᠠᠬ᠎ᠠ ᠳᠡᠯᠭᠡᠭᠦᠷ ᠠᠴᠠ ᠦᠨ᠎ᠡ ᠬᠠᠩᠰᠢ ᠶᠢ ᠲᠣᠭᠲᠠᠭᠠᠬᠤ ᠲᠣᠭᠲᠠᠴᠠ ᠶᠢ ᠲᠦᠷᠭᠡᠨ ᠲᠡᠭᠦᠯᠳᠡᠷᠵᠢᠭᠦᠯᠬᠦ ᠪᠠᠷ᠂ ᠨᠠᠮ  ᠤᠨ ᠲᠥᠪ ᠬᠤᠷᠢᠶ᠎ᠠ ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠠᠴᠠ ᠠᠯᠢ ᠣᠯᠠᠨ ᠪᠠᠶᠢᠷᠢᠯᠠᠭᠤᠯᠤᠯᠲᠠ ᠬᠢᠬᠦ ᠶᠢᠨ ᠬᠠᠮᠲᠤ᠂ ᠵᠠᠮ ᠲᠡᠭᠡᠭᠡᠪᠦᠷᠢ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠠᠵᠢᠯ ᠳᠤ ᠴᠢᠭᠯᠡᠭᠦᠯᠦᠨ ᠪᠣᠳᠠᠲᠠᠢ ᠱᠠᠭᠠᠷᠳᠠᠯᠭ᠎ᠠ ᠳᠤᠷᠠᠳᠪᠠ᠃ ︽ᠦᠨ᠎ᠡ ᠬᠠᠩᠰᠢ ᠶᠢᠨ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ᠠᠴᠠ ᠳᠤᠷᠠᠳᠤᠭᠰᠠᠨ ᠨᠢ ︽ᠵᠠᠮ ᠤᠨ ᠠᠶᠠᠨᠴᠢᠳ ᠤᠨ ᠲᠡᠭᠡᠭᠡᠪᠦᠷᠢ ᠵᠡᠷᠭᠡ ᠬᠦᠷᠢᠶ᠎ᠡ ᠬᠡᠪᠴᠢᠶᠡᠨ ᠳᠠᠬᠢ ᠡᠵᠡᠩᠨᠡᠭᠴᠢᠳ ᠠᠴᠠ ᠡᠵᠡᠨ ᠮᠡᠳᠡᠨ ᠦᠨ᠎ᠡ ᠲᠣᠭᠲᠠᠭᠠᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠂ ᠥᠷᠢᠰᠥᠯᠳᠦᠭᠡᠨ ᠤ ᠴᠢᠨᠠᠷᠲᠠᠶ ᠬᠦᠷᠢᠶ᠎ᠡ ᠬᠡᠪᠴᠢᠶᠡᠨ ᠤ ᠦᠨ᠎ᠡ ᠬᠠᠩᠰᠢ ᠶᠢ ᠴᠠᠭ ᠲᠤᠬᠠᠶ ᠳᠤ ᠨᠢ ᠴᠢᠯᠥᠭᠡᠲᠡᠶ ᠲᠠᠯᠪᠢᠵᠤ᠂ ᠦᠨ᠎ᠡ ᠬᠠᠩᠰᠢ ᠰᠦᠢᠳᠬᠡᠯ ᠬᠤᠷᠢᠶᠠᠬᠤ ᠲᠦᠷᠢᠮ ᠢ ᠲᠡᠭᠦᠯᠳᠡᠷᠵᠢᠭᠦᠯᠦᠨ᠎ᠡ︾ ︽ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨ᠎ᠡ ᠶᠢᠨ ᠪᠦᠷᠢᠯᠳᠦᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠡᠭᠡᠭᠡᠪᠦᠷᠢ ᠶᠢᠨ ᠦᠨ᠎ᠡ ᠶᠢᠨ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡᠨ ᠤ ᠬᠠᠷᠢᠴᠠᠭ᠎ᠠ ᠶᠢ ᠲᠣᠬᠢᠷᠠᠭᠤᠯᠬᠤ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠤᠨ᠎ᠠ᠃︾      ᠠᠵᠢᠯ ᠲᠥᠷᠥᠯ ᠤᠨ ᠬᠥᠭᠵᠢᠯᠲᠡ ᠶᠢᠨ ᠪᠣᠳᠠᠲᠤ ᠪᠠᠶᠢᠳᠠᠯ ᠠᠴᠠ ᠦᠵᠡᠪᠡᠯ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠦᠷᠭᠦᠯᠵᠢᠯᠡᠨ ᠲᠡᠭᠦᠯᠳᠡᠷᠵᠢᠬᠦ ᠪᠠ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠨᠢᠭᠡ ᠴᠣᠭᠴᠠᠵᠢᠯᠲᠠ ᠶᠢᠨ ᠬᠢᠷᠢ ᠲᠦᠪᠰᠢᠨ ᠲᠠᠰᠤᠷᠠᠯᠲᠠ ᠤᠢᠭᠡᠢ ᠳᠡᠭᠡᠭᠰᠢᠯᠡᠬᠦ ᠵᠢᠴᠢ ᠰᠦᠯᠵᠢᠶᠡᠨ ᠳᠡᠭᠡᠷ᠎ᠡ ᠪᠣᠯᠵᠣᠬᠤ ᠲᠡᠷᠭᠡ᠂ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠵᠠᠬᠢᠶᠠᠯᠠᠭ᠎ᠠ ᠶᠢᠨ ᠦᠢᠯᠡᠴᠢᠯᠡᠭᠡ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠡᠪ ᠵᠠᠭᠪᠤᠷ ᠤᠨ ᠲᠦᠷᠭᠡᠨ ᠬᠥᠭᠵᠢᠬᠦ ᠶᠢ ᠳᠠᠭᠠᠯᠳᠤᠨ᠂ ᠵᠠᠮ ᠲᠡᠭᠡᠭᠡᠪᠦᠷᠢ ᠶᠢᠨ ᠡᠯ᠎ᠡ ᠬᠦᠷᠢᠶ᠎ᠡ ᠬᠡᠪᠴᠢᠶ᠎ᠡ ᠪᠠ ᠭᠤᠭᠴᠤᠭ᠎ᠠ ᠶᠢᠨ ᠥᠷᠢᠰᠥᠯᠳᠦᠭᠡᠨ ᠨᠢ ᠨᠠᠩ ᠭᠦᠢᠴᠡᠳ ᠪᠣᠯᠪᠠ᠃ ︽ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡᠨ ᠤ ᠰᠦᠢᠳᠬᠡᠯ ᠬᠤᠷᠢᠶᠠᠬᠤ ᠳᠦᠷᠢᠮ︾ ︽ᠮᠠᠰᠢᠨ ᠲᠡᠷᠭᠡᠨ ᠤ ᠲᠡᠭᠡᠭᠡᠪᠦᠷᠢ ᠶᠢᠨ ᠦᠨ᠎ᠡ ᠬᠠᠩᠰᠢ ᠶᠢᠨ ᠳᠦᠷᠢᠮ︾ ︽ᠵᠠᠮ ᠲᠡᠭᠡᠭᠡᠪᠦᠷᠢ ᠶᠢᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠪᠢᠴᠢᠭ ᠮᠠᠲ᠋ᠧᠷᠢᠶᠠᠯ ᠢᠶᠠᠷ ᠭᠤᠤᠯ ᠴᠣᠭᠴᠠ ᠪᠣᠯᠭᠠᠭᠰᠠᠨ ᠣᠳᠣ ᠶᠢᠨ ᠬᠡᠷᠡᠭᠵᠢᠭᠦᠯᠵᠦ ᠪᠠᠶᠢᠭ᠎ᠠ ᠵᠠᠮ ᠲᠡᠭᠡᠭᠡᠪᠦᠷᠢ ᠶᠢᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠨᠢ ᠨᠢᠭᠡᠨᠲᠡ ᠰᠢᠨ᠎ᠡ ᠪᠠᠶᠢᠳᠠᠯ ᠳᠣᠣᠷᠠᠬᠢ ᠠᠵᠢᠯ ᠲᠥᠷᠥᠯ ᠤᠨ ᠴᠢᠨᠠᠷᠯᠢᠭ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠬᠤ ᠦᠭᠡᠢ ᠪᠣᠯᠵᠤ᠂ ᠠᠷᠠᠳ ᠣᠯᠠᠨ ᠤ ᠶᠠᠪᠤᠵᠤ ᠰᠠᠭᠤᠬᠤ ᠥᠩᠭᠡᠷᠡᠯᠲᠡ ᠶᠢ ᠨᠥᠯᠥᠭᠡᠯᠡᠵᠦ ᠂ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠᠲᠠᠶ ᠪᠠᠶᠢᠨ᠎ᠠ᠃      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠦᠨ᠎ᠡ ᠬᠠᠩᠰᠢ ᠶᠢᠨ ᠲᠣᠭᠲᠠᠴᠠ ᠶᠢᠨ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠢᠯ ᠲᠥᠷᠥᠯ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠨᠡᠮᠡᠭᠳᠡᠭᠦᠯᠦᠨ᠂ ᠡᠵᠡᠩᠨᠡᠭᠴᠢᠳ ᠤᠨ ᠣᠯᠠᠨ ᠡᠰᠢᠵᠢᠭᠰᠡᠨ᠂ ᠴᠢᠨᠠᠷᠯᠢᠭ ᠲᠡᠭᠡᠭᠡᠪᠦᠷᠢ ᠶᠢᠨ ᠦᠢᠯᠡᠴᠢᠯᠡᠭᠡ ᠬᠠᠩᠭᠠᠬᠤ ᠶᠢ ᠠᠬᠢᠭᠤᠯᠵᠤ᠂ ᠠᠵᠢᠯ ᠲᠥᠷᠥᠯ ᠤᠨ ᠴᠢᠨᠠᠷᠯᠢᠭ ᠬᠥᠭᠵᠢᠯᠲᠡ ᠶᠢ ᠠᠬᠢᠭᠤᠯᠵᠤ᠂ ᠠᠷᠠᠳ ᠣᠯᠠᠨ ᠤ ᠰᠠᠶᠢᠨ ᠰᠠᠶᠢᠬᠠᠨ ᠠᠶᠠᠯᠠᠯ ᠤᠨ ᠬᠡᠷᠡᠭᠴᠡᠭᠡ ᠶᠢ ᠬᠠᠩᠭᠠᠬᠤ ᠶᠢᠨ ᠲᠤᠰᠠᠳᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠪᠣᠯᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠲᠠᠯ᠎ᠠ ᠶᠢᠨ ᠬᠢᠨ ᠤ ᠰᠠᠨᠠᠯ  ᠢ ᠥᠷᠭᠡᠨ ᠢᠶᠠᠷ ᠰᠣᠨᠣᠰᠤᠭᠰᠠᠨ ᠰᠠᠭᠤᠷᠢᠨ ᠳᠡᠭᠡᠷ᠎ᠡ᠂ ︽ᠰᠠᠨᠠᠯ︾ ᠢ ᠬᠠᠮᠲᠤᠷᠠᠨ ᠲᠣᠭᠲᠠᠭᠠᠵᠤ ᠳᠠᠷᠤᠮᠠᠯᠯᠠᠨ ᠲᠠᠷᠬᠠᠭᠠᠵᠤ᠂ 2020 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠃      ᠬᠤᠶᠠᠷ᠂ ︽ᠰᠠᠨᠠᠯ︾ ᠤᠨ ᠭᠤᠤᠯ ᠠᠭᠤᠯᠭ᠎ᠠ      ︵ᠨᠢᠭᠡ︶ ᠶᠡᠷᠦᠩᠬᠡᠶ ᠱᠠᠭᠠᠷᠳᠠᠯᠭ᠎ᠠ᠃ ︽ᠰᠠᠨᠠᠯ︾ ᠳᠤ ᠲᠣᠳᠣᠷᠬᠠᠶ ᠲᠣᠭᠲᠠᠭᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠪᠠᠭᠲᠠᠭᠠᠮᠵᠢᠲᠠᠶ ᠪᠣᠯᠭᠤᠮᠵᠢᠲᠠᠶ ᠪᠠᠶᠢᠬᠤ ᠪᠠ ᠨᠢᠭᠡᠳᠦᠯᠲᠡᠶ ᠲᠥᠯᠥᠪᠯᠡᠨ ᠠᠬᠢᠭᠤᠯᠬᠤ ᠵᠡᠷᠭᠡ ᠦᠨᠳᠦᠰᠦᠨ ᠵᠠᠷᠴᠢᠮ ᠢ ᠪᠠᠷᠢᠮᠲᠠᠯᠠᠵᠤ᠂ ᠭᠤᠤᠯᠳᠠᠭᠤ ᠵᠠᠬ᠎ᠠ ᠳᠡᠯᠭᠡᠭᠦᠷ ᠢᠶᠠᠷ ᠲᠣᠭᠲᠠᠭᠠᠭᠰᠠᠨ ᠵᠠᠮ ᠲᠡᠭᠡᠭᠡᠪᠦᠷᠢ ᠶᠢᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠪᠠ ᠰᠢᠨᠵᠢᠯᠡᠬᠦ ᠤᠬᠠᠭᠠᠨᠴᠢ᠂ ᠵᠢᠷᠤᠮᠵᠢᠭᠰᠠᠨ᠂ ᠢᠯᠡ ᠲᠣᠳᠣ ᠵᠠᠮ ᠲᠡᠭᠡᠭᠡᠪᠦᠷᠢ ᠶᠢᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ᠎ᠡ᠃      ︵ᠬᠤᠶᠠᠷ︶ ᠭᠤᠤᠯ ᠡᠭᠦᠷᠭᠡ      ᠨᠢᠭᠡ ᠳᠤ᠂ ᠵᠠᠮ ᠲᠡᠭᠡᠭᠡᠪᠦᠷᠢ ᠶᠢᠨ ᠦᠨ᠎ᠡ ᠬᠠᠩᠰᠢ ᠶᠢᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠠᠴᠠ ᠭᠠᠳᠠᠨ᠎ᠠ᠂ 3 ᠡᠷᠦᠬᠡ ᠵᠢᠴᠢ ᠲᠡᠭᠦᠨ ᠠᠴᠠ ᠳᠡᠭᠡᠭᠰᠢᠬᠢ ᠡᠵᠡᠩᠨᠡᠭᠴᠢ ᠬᠠᠮᠲᠤ ᠪᠠᠷ ᠵᠠᠮ ᠱᠤᠭᠤᠮ ᠡᠵᠡᠩᠨᠡᠵᠦ᠂ ᠳᠡᠭᠡᠳᠦ ᠬᠤᠷᠳᠤ ᠶᠢᠨ ᠲᠡᠮᠦᠷ ᠵᠠᠮ  ᠤᠨ ᠣᠯᠠᠨ ᠬᠥᠳᠡᠯᠭᠡᠭᠦᠷᠲᠦ ᠴᠤᠪᠤᠭ᠎ᠠ ᠲᠡᠷᠭᠡᠨ ᠤ ᠵᠠᠮ ᠱᠤᠭᠤᠮ ᠲᠠᠢ ᠵᠡᠷᠭᠡᠴᠡᠭᠡ ᠱᠤᠭᠤᠮ ᠵᠡᠷᠭᠡ ᠥᠷᠢᠰᠥᠯᠳᠦᠭᠡᠨ  ᠢᠶᠠᠷ ᠭᠦᠢᠴᠡᠳ ᠪᠠᠶᠢᠬᠤ ᠡᠭᠡᠯᠵᠢ ᠶᠢᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢ ᠵᠠᠷᠴᠢᠮ ᠳᠡᠭᠡᠷ᠎ᠡ ᠪᠠᠨ ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠦᠨ᠎ᠡ ᠶᠢ ᠬᠡᠷᠡᠭᠵᠢᠭᠦᠯᠦᠨ᠎ᠡ︔ ᠥᠷᠢᠰᠥᠯᠳᠦᠭᠡᠨ ᠢᠶᠠᠷ ᠭᠦᠢᠴᠡᠳ ᠦᠭᠡᠶ ᠡᠭᠡᠯᠵᠢ ᠶᠢᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠳᠤ ᠵᠠᠰᠠᠭ ᠤᠨ ᠣᠷᠳᠣᠨ ᠤ ᠵᠢᠯᠣᠭᠤᠳᠬᠤ ᠦᠨ᠎ᠡ ︵ᠬᠠᠮᠤᠭ ᠤᠨ ᠥᠨᠳᠥᠷ ᠳᠡᠭᠡᠷ᠎ᠡ ᠬᠢᠵᠠᠭᠠᠷ ᠤᠨ ᠦᠨ᠎ᠡ︶ ᠶᠢᠨ ᠬᠠᠮᠢᠶᠠᠷᠤᠯᠲᠠ ᠶᠢ ᠬᠡᠷᠡᠭᠵᠢᠭᠦᠯᠵᠦ ᠪᠣᠯᠤᠨ᠎ᠠ᠃ ᠲᠣᠭᠲᠠᠮᠠᠯ ᠵᠠᠮ ᠱᠤᠭᠤᠮ ᠤᠨ ᠶᠣᠰᠣᠭᠠᠷ ᠠᠵᠢᠯᠯᠠᠬᠤ ᠪᠤᠶᠤ ᠣᠷᠣᠨ ᠪᠦᠰᠡ ᠶᠢᠨ ᠡᠵᠡᠩᠨᠡᠯᠲᠡ ᠶᠢ ᠬᠡᠷᠡᠭᠵᠢᠭᠦᠯᠵᠦ ᠪᠠᠶᠢᠭ᠎ᠠ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠳᠤ ᠵᠠᠷᠴᠢᠮ ᠳᠡᠭᠡᠷ᠎ᠡ ᠪᠠᠨ ᠵᠠᠰᠠᠭ ᠤᠨ ᠣᠷᠳᠣᠨ ᠤ ᠵᠢᠯᠤᠭᠤᠳᠬᠤ ᠦᠨ᠎ᠡ ᠶᠢ ᠬᠡᠷᠡᠭᠵᠢᠭᠦᠯᠦᠨ᠎ᠡ᠃      ᠬᠤᠶᠠᠷ ᠲᠤ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠦᠷᠲᠡᠭᠡᠨ ᠤ ᠰᠦᠢᠳᠬᠡᠯ ᠬᠤᠷᠢᠶᠠᠬᠤ ᠲᠥᠷᠥᠯ ᠬᠤᠪᠢᠶᠠᠨ ᠬᠠᠮᠢᠶᠠᠷᠬᠤ ᠶᠢ ᠲᠡᠭᠦᠯᠳᠡᠷᠵᠢᠭᠦᠯᠦᠨ᠎ᠡ᠃ ᠠᠶᠠᠨᠴᠢᠳ ᠤᠨ ᠲᠡᠭᠡᠭᠡᠪᠦᠷᠢ ᠶᠢᠨ ᠡᠵᠡᠩᠨᠡᠭᠴᠢ᠂ ᠠᠶᠠᠨᠴᠢᠳ ᠠᠴᠠ ᠡᠵᠡᠨ ᠮᠡᠳᠡᠨ ᠰᠤᠩᠭᠤᠭᠰᠠᠨ ᠦᠢᠯᠡᠴᠢᠯᠡᠭᠡ ᠪᠠᠷ ᠰᠦᠢᠳᠬᠡᠯ ᠬᠤᠷᠢᠶᠠᠵᠤ ᠪᠣᠯᠤᠨ᠎ᠠ᠂ ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠦᠨ᠎ᠡ ᠶᠢ ᠬᠡᠷᠡᠭᠵᠢᠭᠦᠯᠬᠦ ᠬᠡᠷᠡᠭᠲᠡᠶ᠃ ᠠᠶᠠᠨᠴᠢᠳ ᠤᠨ ᠲᠡᠭᠡᠭᠡᠪᠦᠷᠢ ᠶᠢᠨ ᠣᠷᠣᠯᠠᠭᠴᠢ᠂ ᠠᠶᠠᠨᠴᠢᠳ ᠤᠨ ᠲᠡᠷᠭᠡ ᠶᠢᠨ ᠡᠭᠡᠯᠵᠢ ᠡᠬᠢᠯᠡᠬᠦ᠂ ᠲᠡᠷᠭᠡ ᠬᠥᠰᠬᠡ ᠶᠢᠨ ᠠᠮᠤᠷ ᠲᠦᠪᠰᠢᠨ ᠤ ᠵᠤᠷᠰᠢᠯ ᠪᠠᠶᠢᠴᠠᠭᠠᠯᠲᠠ ᠵᠡᠷᠭᠡ ᠲᠡᠷᠭᠡ ᠬᠥᠰᠬᠡ ᠶᠢᠨ ᠥᠷᠲᠡᠭᠡᠨ ᠤ ᠶᠠᠪᠤᠳᠠᠯ ᠤᠨ ᠦᠨᠳᠦᠰᠦᠨ ᠦᠢᠯᠡᠴᠢᠯᠡᠭᠡ ᠵᠢᠴᠢ ᠪᠢᠯᠧᠲ ᠪᠤᠴᠠᠭᠠᠬᠤ᠂ ᠥᠷᠲᠡᠭᠡᠨ ᠤ ᠶᠠᠪᠤᠳᠠᠯ ᠵᠡᠷᠭᠡ ᠠᠶᠠᠨᠴᠢᠳ ᠤᠨ ᠦᠨᠳᠦᠰᠦᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠳᠤ᠂ ᠵᠠᠷᠴᠢᠮ ᠳᠡᠭᠡᠷ᠎ᠡ ᠪᠠᠨ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠶᠢ ᠬᠡᠷᠡᠭᠵᠢᠭᠦᠯᠦᠨ᠎ᠡ᠃ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠵᠠᠬ᠎ᠠ ᠳᠡᠯᠭᠡᠭᠦᠷ ᠤᠨ ᠲᠣᠬᠢᠷᠠᠭᠤᠯᠬᠤ ᠦᠨ᠎ᠡ ᠶᠢ ᠬᠡᠰᠡᠭ ᠲᠠᠯ᠎ᠠ ᠪᠠᠷ ᠬᠡᠷᠡᠭᠵᠢᠭᠦᠯᠬᠦ ᠪᠤᠶᠤ ᠪᠦᠬᠦᠨ ᠢ ᠬᠡᠷᠡᠭᠵᠢᠭᠦᠯᠵᠦ ᠪᠣᠯᠤᠨ᠎ᠠ᠃      ᠭᠤᠷᠪᠠ ᠳᠤ᠂ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨ᠎ᠡ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠡᠭᠡᠭᠡᠪᠦᠷᠢ ᠶᠢᠨ ᠦᠨ᠎ᠡ ᠶᠢ ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠵᠦ ᠲᠡᠭᠦᠯᠳᠡᠷᠵᠢᠭᠦᠯᠦᠨ᠎ᠡ᠃ ᠲᠤᠰ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠡᠭᠡᠭᠡᠪᠦᠷᠢ  ᠶᠢᠨ ᠦᠨ᠎ᠡ ᠶᠢ ᠨᠥᠯᠥᠭᠡᠯᠡᠬᠦ ᠭᠤᠣᠯ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠲᠣᠭᠲᠠᠭᠰᠠᠨ ᠳᠡᠰ ᠳᠠᠷᠠᠭᠠᠯᠠᠯ ᠶᠣᠰᠣᠭᠠᠷ᠂ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨ᠎ᠡ ᠶᠢᠨ ᠬᠢᠷᠢ ᠲᠥᠪᠰᠢᠨ ᠪᠣᠯᠤᠨ ᠪᠦᠲᠦᠴᠡ ᠶᠢ ᠴᠠᠭ ᠲᠤᠬᠠᠶ ᠳᠤ ᠨᠢ ᠲᠣᠬᠢᠷᠠᠭᠤᠯᠬᠤ ᠬᠡᠷᠡᠭᠲᠡᠶ᠃ ᠡᠯ᠎ᠡ ᠭᠠᠵᠠᠷ ᠤᠨ ᠲᠡᠭᠡᠭᠡᠪᠦᠷᠢ ᠶᠢᠨ ᠦᠨ᠎ᠡ ᠶᠢ ᠲᠣᠬᠢᠷᠠᠭᠤᠯᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠬᠦ ᠶᠢ ᠵᠣᠷᠢᠭᠵᠢᠭᠤᠯᠵᠤ᠂ ᠲᠡᠭᠡᠭᠡᠪᠦᠷᠢ ᠶᠢᠨ ᠦᠨ᠎ᠡ ᠶᠢ ᠲᠣᠬᠢᠷᠠᠭᠤᠯᠬᠤ ᠲᠣᠭᠲᠠᠴᠠ ᠳᠤ ᠭᠡᠷᠡᠴᠢᠯᠡᠭᠡ ᠰᠣᠨᠣᠰᠴᠤ᠂ ᠡᠬᠢᠯᠡᠭᠦᠯᠬᠦ ᠨᠥᠬᠦᠴᠡᠯ ᠳᠤ ᠬᠦᠷᠦᠭᠰᠡᠨ ᠣᠶᠢᠶ᠎ᠠ ᠳᠤ ᠲᠡᠭᠡᠭᠡᠪᠦᠷᠢ ᠶᠢᠨ ᠦᠨ᠎ᠡ ᠶᠢ ᠴᠠᠭ ᠲᠤᠬᠠᠶ ᠳᠤ  ᠨᠢ ᠲᠣᠬᠢᠷᠠᠭᠤᠯᠬᠤ ᠶᠢᠨ ᠬᠠᠮᠲᠤ ᠨᠡᠶᠢᠭᠡᠮ ᠳᠤ ᠵᠠᠷᠯᠠᠬᠤ ᠬᠡᠷᠡᠭᠲᠡᠶ᠃      ᠳᠥᠷᠪᠡ ᠳᠤ᠂ ᠵᠠᠮ ᠲᠡᠭᠡᠭᠡᠪᠦᠷᠢ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠤᠨ ᠦᠨ᠎ᠡ ᠬᠠᠩᠰᠢ ᠶᠢᠨ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ  ᠤᠨ ᠺᠣᠮᠫᠠᠨᠢ ᠨᠢ ᠰᠠᠨᠠᠭᠠᠴᠢᠯᠠᠭ᠎ᠠ ᠠᠴᠠ ᠪᠠᠨ ᠦᠨ᠎ᠡ ᠲᠣᠭᠲᠠᠭᠠᠬᠤ᠂ ᠦᠨ᠎ᠡ ᠨᠡᠮᠡᠬᠦ ᠲᠣᠭᠲᠠᠴᠠ ᠶᠢ ᠢᠯᠡ ᠪᠣᠯᠭᠠᠵᠤ ᠂ ᠲᠡᠭᠡᠭᠡᠪᠦᠷᠢ ᠶᠢᠨ ᠦᠨ᠎ᠡ ᠶᠢᠨ ᠪᠦᠲᠦᠴᠡ᠂ ᠦᠨ᠎ᠡ ᠪᠣᠳᠣᠬᠤ ᠦᠨ᠎ᠡ ᠨᠡᠮᠡᠬᠦ ᠳᠦᠷᠢᠮ ᠢ ᠨᠡᠶᠢᠲᠡᠯᠡᠵᠦ᠂ ᠦᠨ᠎ᠡ ᠨᠡᠮᠡᠬᠦ ᠪᠠᠷᠢᠮᠵᠢᠶ᠎ᠠ ᠨᠢ ᠵᠦᠶ ᠵᠣᠬᠢᠰᠲᠠᠶ ᠪᠥᠭᠡᠳ ᠬᠠᠷᠢᠴᠠᠩᠭᠤᠶ ᠲᠣᠭᠲᠠᠭᠤᠨ ᠪᠠᠶᠢᠬᠤ ᠶᠢ ᠪᠠᠲᠤᠯᠠᠵᠤ᠂ ᠳ᠋ᠦᠩᠨᠡᠨ ᠪᠤᠳᠤᠭᠰᠠᠨ ᠲᠠᠩᠰᠠ ᠨᠢ ᠲᠣᠳᠣᠷᠬᠠᠶ᠂ ᠵᠢᠷᠤᠮᠵᠢᠯ ᠲᠠᠢ᠂ ᠢᠯᠡ ᠲᠣᠳᠣ ᠪᠠᠶᠢᠬᠤ ᠶᠢ ᠪᠠᠲᠤᠯᠠᠨ᠎ᠠ᠃ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠵᠠᠬᠢᠶᠠᠯᠠᠭ᠎ᠠ ᠶᠢᠨ ᠦᠢᠯᠡᠴᠢᠯᠡᠭᠡᠨ ︵ᠪᠣᠯᠵᠣᠵᠤ ᠳᠠᠭᠠᠬᠤ ᠮᠠᠶ᠋ᠢᠭ ᠤᠨ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠪᠠᠭᠲᠠᠨ᠎ᠠ︶ ᠳᠤ ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠦᠨ᠎ᠡ ᠶᠢ ᠬᠡᠷᠡᠭᠵᠢᠭᠦᠯᠬᠦ ᠬᠡᠷᠡᠭᠲᠡᠶ᠃ ᠬᠥᠳᠡᠭᠡ ᠲᠣᠰᠬᠤᠨ ᠤ ᠭᠠᠵᠠᠷ ᠣᠷᠣᠨ ᠳᠤ ᠣᠯᠠᠨ ᠨᠡᠶᠢᠲᠡ ᠶᠢᠨ ᠮᠠᠰᠢᠨ ᠲᠡᠷᠭᠡ ᠴᠠᠬᠢᠯᠭᠠᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢ ᠨᠡᠪᠲᠡᠷᠡᠭᠦᠯᠬᠦ ᠳᠤ᠂ ᠵᠠᠷᠴᠢᠮ ᠳᠡᠭᠡᠷ᠎ᠡ ᠪᠠᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠨ᠎ᠡ ᠬᠠᠩᠰᠢ ᠶᠢᠨ ᠬᠠᠮᠢᠶᠠᠷᠤᠯᠲᠠ ᠳᠤ ᠣᠷᠣᠭᠤᠯᠬᠤ ᠬᠡᠷᠡᠭᠲᠡᠶ᠃      ᠲᠠᠪᠤ ᠳᠤ᠂ ᠣᠨᠴᠠᠭᠠᠶ ᠠᠶᠠᠨᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠲᠡᠭᠦᠯᠳᠡᠷᠵᠢᠭᠦᠯᠦᠨ᠎ᠡ᠃ ᠠᠷᠠᠳ ᠤᠨ ᠴᠠᠭᠳᠠᠭᠠᠨ ᠤ ᠬᠠᠤᠯᠢ᠂ ᠴᠡᠷᠢᠭ ᠤᠨ ᠠᠰᠠᠷᠠᠮᠵᠢ ᠬᠠᠷᠠᠭᠠᠯᠵᠠᠯ ᠤᠨ ᠳᠦᠷᠢᠮ ᠪᠣᠯᠤᠨ ︽ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠭᠠᠯ ᠤᠨᠲᠠᠷᠠᠭᠠᠨ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠬᠤ ᠪᠣᠷᠣ ᠲᠦᠯᠦᠪ ᠤᠨ ᠲᠦᠰᠦᠯ︾ ᠤᠨ ᠬᠤᠯᠪᠣᠭᠳᠠᠯ ᠪᠦᠬᠦᠢ ᠲᠣᠭᠲᠠᠭᠠᠯ ᠢ ᠨᠠᠶᠢᠳᠠᠪᠤᠷᠢᠵᠢᠭᠤᠯᠵᠤ᠂ ᠵᠡᠮᠳᠡᠭ ᠴᠡᠷᠢᠭ᠂ ᠵᠡᠮᠳᠡᠭ ᠠᠷᠠᠳ ᠤᠨ ᠴᠠᠭᠳᠠᠭ᠎ᠠ᠂ ᠵᠡᠮᠳᠡᠭ ᠭᠠᠯ ᠤᠨᠲᠠᠷᠠᠭᠠᠨ ᠠᠪᠤᠷᠠᠨ ᠲᠤᠰᠠᠯᠠᠬᠤ ᠠᠵᠢᠯᠲᠠᠨ ᠤᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡᠨ ᠳᠤ ᠰᠠᠭᠤᠬᠤ ᠳᠤ᠂ ᠠᠶᠠᠨᠴᠢᠳ ᠤᠨ ᠪᠢᠯᠧᠲ ᠤᠨ ᠬᠠᠭᠠᠰ ᠦᠨ᠎ᠡ ᠶᠢᠨ ᠬᠠᠷᠠᠭᠠᠯᠵᠠᠯ ᠢ ᠬᠦᠷᠲᠡᠬᠦ ᠶᠢ ᠲᠣᠳᠤᠷᠬᠠᠶᠢᠯᠠᠨ᠎ᠠ᠃ ᠨᠥᠬᠦᠴᠡᠯ ᠳᠤ ᠨᠡᠶᠢᠴᠡᠬᠦ ᠬᠡᠤᠬᠡᠳ ᠤᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡᠨ ᠳᠤ ᠦᠨ᠎ᠡ ᠲᠦᠯᠦᠪᠦᠷᠢ ᠦᠭᠡᠢ ᠪᠠᠷ ᠰᠠᠭᠤᠬᠤ ᠪᠤᠶᠤ ᠠᠶᠠᠨᠴᠢᠳ ᠤᠨ ᠪᠢᠯᠧᠲ ᠤᠨ ᠬᠠᠭᠠᠰ ᠦᠨ᠎ᠡ ᠶᠢᠨ ᠬᠠᠷᠠᠭᠠᠯᠵᠠᠯ ᠢ ᠬᠦᠷᠲᠡᠬᠦ ᠶᠢ ᠲᠣᠳᠣᠷᠬᠠᠶᠢᠯᠠᠨ᠎ᠠ᠃ ᠬᠡᠤᠬᠡᠳ ᠤᠨ ᠪᠡᠶ᠎ᠡ ᠶᠢᠨ ᠥᠨᠳᠥᠷ ᠤᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ᠂ ᠨᠠᠰᠤ ᠪᠠᠷ ᠦᠨᠳᠦᠰᠦᠯᠡᠯ ᠪᠣᠯᠭᠠᠭᠰᠠᠨ ᠬᠡᠤᠬᠡᠳ ᠤᠨ ᠪᠢᠯᠧᠲ᠂ ᠫᠢᠶᠣᠣ ᠠᠪᠬᠤ ᠦᠭᠡᠶ ᠪᠠᠷ ᠬᠤᠪᠢᠶᠠᠷᠢᠯᠠᠬᠤ ᠪᠠᠷᠢᠮᠵᠢᠶ᠎ᠠ ᠶᠢ ᠨᠡᠮᠡᠭᠳᠡᠭᠦᠯᠦᠨ᠎ᠡ᠃ ᠬᠡᠤᠬᠡᠳ ᠤᠨ ᠨᠠᠰᠤ ᠵᠢᠯ ᠢ ᠭᠡᠷᠡᠴᠢᠯᠡᠬᠦ ᠬᠦᠴᠦᠨ ᠪᠥᠬᠦᠶ ᠪᠡᠶ᠎ᠡ ᠶᠢᠨ ᠦᠨᠡᠮᠯᠡᠯ ᠤᠨ ᠲᠥᠷᠥᠯ ᠵᠦᠢᠯ ᠢ ᠲᠣᠳᠤᠷᠬᠠᠶᠢᠯᠠᠪᠠ᠃      ︵ᠭᠤᠷᠪᠠ︶ ᠬᠤᠯᠪᠤᠭᠳᠠᠯ ᠪᠦᠬᠦᠢ ᠠᠷᠭ᠎ᠠ ᠬᠡᠮᠵᠢᠶ᠎ᠡ      ᠨᠢᠭᠡ ᠳᠤ᠂ ᠵᠠᠰᠠᠭ ᠤᠨ ᠣᠷᠳᠣᠨ ᠤ ᠦᠨ᠎ᠡ ᠲᠣᠭᠲᠠᠭᠠᠬᠤ ᠠᠵᠢᠯᠯᠠᠭ᠎ᠠ ᠶᠢ ᠵᠢᠷᠤᠮᠵᠢᠭᠤᠯᠤᠨ᠎ᠠ᠃ ᠦᠨ᠎ᠡ ᠬᠠᠩᠰᠢ ᠲᠣᠭᠲᠠᠭᠠᠬᠤ ᠪᠠᠶᠢᠭᠤᠯᠭ᠎ᠠ ᠠᠴᠠ ᠦᠨ᠎ᠡ ᠬᠠᠩᠰᠢ ᠲᠣᠭᠲᠠᠭᠠᠬᠤ ᠪᠤᠶᠤ ᠲᠣᠬᠢᠷᠠᠭᠤᠯᠵᠤ ᠳᠤ᠂ ᠦᠨ᠎ᠡ ᠲᠣᠭᠲᠠᠭᠠᠭᠰᠠᠨ ᠥᠪᠡᠷ ᠤᠨ ᠥᠷᠲᠡᠭ ᠢ ᠬᠢᠨᠠᠨ ᠪᠠᠶᠢᠴᠠᠭᠠᠬᠤ ᠪᠤᠶᠤ ᠥᠪᠡᠷ ᠤᠨ ᠥᠷᠲᠡᠭ ᠤᠨ ᠪᠠᠶᠢᠴᠠᠭᠠᠯᠲᠠ ᠶᠢ ᠬᠠᠤᠯᠢ ᠶᠣᠰᠣᠭᠠᠷ ᠥᠷᠨᠢᠭᠦᠯᠬᠦ ᠶᠢᠨ ᠬᠠᠮᠲᠤ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠬᠤ ᠬᠡᠷᠡᠭᠲᠡᠶ᠃ ᠴᠠᠭᠠᠨ ᠰᠠᠷ᠎ᠠ ᠶᠢᠨ ᠲᠡᠭᠡᠭᠡᠪᠦᠷᠢ ᠪᠠ ᠪᠠᠶᠠᠷ ᠳᠤᠷᠠᠰᠬᠠᠯ ᠠᠮᠠᠷᠠᠯᠲᠠ ᠶᠢᠨ ᠬᠤᠭᠤᠴᠠᠭᠠᠨ ᠳᠤ᠂ ᠡᠭᠡᠯᠵᠢ ᠶᠢᠨ ᠲᠡᠷᠭᠡ ᠶᠢᠨ ᠠᠶᠠᠨᠴᠢᠳ ᠤᠨ ᠲᠡᠭᠡᠭᠡᠪᠦᠷᠢ ᠶᠢᠨ ᠪᠢᠯᠧᠲ ᠤᠨ ᠦᠨ᠎ᠡ ᠶᠢ ᠨᠡᠮᠡᠬᠦ ᠣᠨᠴᠠᠭᠠᠶ ᠲᠥᠷᠥ ᠶᠢᠨ ᠪᠣᠳᠤᠯᠭ᠎ᠠ ᠶᠢ ᠬᠡᠷᠡᠭᠵᠢᠭᠦᠯᠵᠦ ᠪᠣᠯᠬᠤ ᠥᠬᠡᠶ᠃      ᠬᠤᠶᠠᠷ ᠲᠤ᠂ ᠡᠵᠡᠩᠨᠡᠭᠴᠢ ᠶᠢᠨ ᠡᠵᠡᠨ ᠮᠡᠳᠡᠵᠦ ᠦᠨ᠎ᠡ ᠲᠣᠭᠲᠠᠭᠠᠬᠤ ᠠᠵᠢᠯᠯᠠᠭ᠎ᠠ ᠶᠢ ᠵᠢᠷᠤᠮᠵᠢᠭᠤᠯᠤᠨ᠎ᠠ᠃ ᠵᠠᠮ ᠲᠡᠭᠡᠭᠡᠪᠦᠷᠢ ᠶᠢᠨ ᠡᠵᠡᠩᠨᠡᠭᠴᠢ ᠠᠴᠠ ᠦᠨ᠎ᠡ ᠬᠠᠩᠰᠢ ᠶᠢ ᠢᠯᠡ ᠲᠡᠮᠳᠡᠭᠯᠡᠬᠦ ᠶᠢ ᠬᠡᠷᠡᠭᠵᠢᠭᠦᠯᠵᠦ᠂ ᠦᠢᠯᠡᠴᠢᠯᠡᠭᠡᠨ ᠤ ᠲᠥᠷᠥᠯ ᠵᠦᠢᠯ ᠵᠢᠴᠢ ᠦᠨ᠎ᠡ ᠬᠠᠩᠰᠢ ᠶᠢ ᠢᠯᠡ ᠨᠡᠶᠢᠲᠡᠯᠡᠬᠦ ᠶᠢᠨ ᠬᠠᠮᠲᠤ ᠦᠨ᠎ᠡ ᠬᠠᠩᠰᠢ ᠶᠢ ᠦᠨᠳᠦᠰᠦᠨ ᠳᠤ ᠪᠠᠨ ᠲᠣᠭᠲᠠᠭᠤᠨ ᠪᠠᠶᠢᠯᠭᠠᠬᠤ ᠶᠢ ᠪᠠᠲᠤᠯᠠᠬᠤ ᠬᠡᠷᠡᠭᠲᠡᠶ᠃ ᠡᠭᠡᠯᠵᠢ ᠶᠢᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠳᠤ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠶᠢ ᠬᠡᠷᠡᠭᠵᠢᠭᠦᠯᠦᠭᠰᠡᠨ ᠪᠣᠯ ᠪᠠᠰᠠ ᠠᠶᠠᠨᠴᠢᠳ ᠤᠨ ᠪᠢᠯᠧᠲ ︵ᠡᠯᠧᠺᠲᠷᠣᠨ ᠠᠶᠠᠨᠴᠢᠳ ᠤᠨ ᠪᠢᠯᠧᠲ ᠪᠠᠭᠲᠠᠨ᠎ᠠ︶ ᠳᠤ ᠲᠣᠳᠣᠷᠬᠠᠶᠢᠯᠠᠯᠲᠠ ᠬᠠᠳᠠᠬᠤ ᠪᠤᠶᠤ ᠪᠢᠯᠧᠲ ᠬᠤᠳᠠᠯᠳᠤᠬᠤ ᠠᠷᠭ᠎ᠠ ᠵᠠᠮ ᠢᠶᠠᠷ ᠳᠠᠮᠵᠢᠭᠤᠯᠤᠨ ᠳᠡᠭᠡᠳᠦ ᠬᠢᠵᠠᠭᠠᠷ ᠤᠨ ᠪᠢᠯᠧᠲ ᠤᠨ ᠦᠨ᠎ᠡ ᠶᠢ ᠨᠡᠶᠢᠲᠡᠯᠡᠬᠦ ᠬᠡᠷᠡᠭᠲᠡᠶ᠃ ᠵᠠᠮ ᠲᠡᠭᠡᠭᠡᠪᠦᠷᠢ ᠶᠢᠨ ᠡᠵᠡᠩᠨᠡᠭᠴᠢ ᠠᠴᠠ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ  ᠶᠢᠨ ᠲᠣᠭᠲᠠᠭᠠᠯ ᠶᠣᠰᠣᠭᠠᠷ ᠦᠨ᠎ᠡ ᠬᠠᠩᠰᠢ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠶᠢᠨ ᠦᠨ᠎ᠡ ᠬᠠᠩᠰᠢ ᠲᠣᠭᠲᠠᠭᠠᠬᠤ ᠲᠣᠭᠲᠠᠴᠠ ᠪᠤᠶᠤ ᠬᠥᠳᠡᠯᠦᠩᠭᠦᠶ ᠦᠨ᠎ᠡ ᠨᠡᠮᠡᠬᠦ ᠲᠣᠭᠲᠠᠴᠠ ᠶᠢ ᠲᠣᠭᠲᠠᠭᠠᠬᠤ ᠪᠤᠶᠤ ᠲᠣᠬᠢᠷᠠᠭᠤᠯᠵᠤ᠂ ᠠᠳᠠᠭ ᠲᠤ ᠪᠠᠨ 7 ᠡᠳᠦᠷ ᠤᠨ ᠡᠮᠦᠨ᠎ᠡ ᠨᠡᠶᠢᠭᠡᠮ ᠳᠤ ᠨᠡᠶᠢᠲᠡᠯᠡᠬᠦ ᠬᠡᠷᠡᠭᠲᠡᠶ᠃      ᠭᠤᠷᠪᠠ ᠳᠤ᠂ ᠦᠨ᠎ᠡ ᠬᠠᠩᠰᠢ ᠶᠢᠨ ᠬᠢᠨᠠᠨ ᠬᠡᠮᠵᠢᠯᠲᠡ ᠪᠠ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠭᠠᠵᠠᠷ ᠤᠨ ᠦᠨ᠎ᠡ ᠬᠠᠩᠰᠢ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠨᠢ ᠵᠠᠮ ᠲᠡᠭᠡᠭᠡᠪᠦᠷᠢ ᠶᠢᠨ ᠦᠨ᠎ᠡ ᠬᠠᠩᠰᠢ ᠶᠢ ᠬᠢᠨᠠᠨ ᠬᠡᠮᠵᠢᠵᠦ ᠵᠠᠳᠠᠯᠤᠯᠲᠠ ᠬᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠴᠠᠭᠠᠨ ᠰᠠᠷ᠎ᠠ  ᠶᠢᠨ ᠲᠡᠭᠡᠭᠡᠪᠦᠷᠢ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠡᠷᠭᠡ ᠭᠤᠤᠯᠳᠠᠯᠭ᠎ᠠ ᠲᠠᠢ ᠴᠠᠭ ᠬᠤᠭᠤᠴᠠᠭᠠᠨ ᠤ ᠦᠨ᠎ᠡ ᠬᠠᠩᠰᠢ ᠶᠢᠨ ᠬᠢᠨᠠᠨ ᠬᠡᠮᠵᠢᠯᠲᠡ ᠶᠢ ᠴᠢᠬᠤᠯᠠᠴᠢᠯᠠᠨ ᠴᠢᠩᠭᠠᠳᠬᠠᠵᠤ᠂ ᠲᠣᠬᠢᠷᠠᠭᠤᠯᠤᠨ ᠡᠵᠡᠮᠳᠡᠬᠦ ᠰᠠᠨᠠᠭᠤᠯᠭ᠎ᠠ  ᠶᠢ ᠴᠠᠭ ᠲᠤᠬᠠᠶ ᠳᠤ ᠨᠢ ᠳᠤᠷᠠᠳᠤᠨ ᠭᠠᠷᠭᠠᠵᠤ᠂ ᠦᠨ᠎ᠡ ᠬᠠᠩᠰᠢ ᠶᠢᠨ ᠬᠢᠷᠢ ᠲᠥᠪᠰᠢᠨ ᠢ ᠵᠦᠶ ᠵᠣᠬᠢᠰᠲᠠᠶ ᠣᠷᠣᠨ ᠪᠠᠶᠢᠷᠢ ᠳᠤ ᠪᠠᠶᠢᠯᠭᠠᠬᠤ ᠶᠢ ᠪᠠᠲᠤᠯᠠᠨ᠎ᠠ︔ ᠵᠠᠮ ᠲᠡᠭᠡᠭᠡᠪᠦᠷᠢ ᠶᠢᠨ ᠦᠨ᠎ᠡ ᠬᠠᠩᠰᠢ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠬᠠᠮᠢᠶ᠎ᠠ ᠪᠥᠬᠦᠶ ᠢᠲᠡᠭᠡᠮᠵᠢ ᠠᠯᠳᠠᠭᠰᠠᠨ ᠬᠠᠷᠢᠭᠤᠴᠠᠯᠭᠠᠲᠤ ᠴᠣᠭᠴᠠ ᠳᠤ ᠬᠠᠤᠯᠢ ᠲᠣᠭᠲᠠᠭᠠᠯ ᠶᠣᠰᠣᠭᠠᠷ ᠢᠲᠡᠭᠡᠮᠵᠢ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠬᠡᠷᠡᠭᠲᠡᠢ᠃      ᠳᠥᠷᠪᠡ ᠳᠤ᠂ ᠠᠵᠢᠯ ᠲᠥᠷᠥᠯ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠤᠨ᠎ᠠ᠃ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠤᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠮ ᠲᠡᠭᠡᠭᠡᠪᠦᠷᠢ ᠶᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨ᠎ᠡ ᠬᠠᠩᠰᠢ ᠶᠢᠨ ᠥᠭᠡᠷᠡᠴᠢᠯᠡᠯᠲᠡ ᠳᠤ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ ᠥᠭᠭᠦᠨ᠎ᠡ᠃      ︵ᠳᠥᠷᠪᠡ︶ ᠠᠵᠢᠯ ᠤᠨ ᠱᠠᠭᠠᠷᠳᠠᠯᠭ᠎ᠠ᠃ ᠡᠯ᠎ᠡ ᠭᠠᠵᠠᠷ ᠤᠨ ᠵᠠᠮ ᠬᠠᠷᠢᠯᠴᠠᠭ᠎ᠠ ᠲᠡᠭᠡᠭᠡᠪᠦᠷᠢ᠂ ᠦᠨ᠎ᠡ ᠬᠠᠩᠰᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠣᠬᠢᠶᠠᠨ ᠪᠠᠶᠢᠭᠤᠯᠤᠯᠲᠠ ᠪᠠᠨ ᠴᠢᠩᠭᠠᠳᠬᠠᠵᠤ᠂ ᠨᠡᠶᠢᠭᠡᠮ ᠤᠨ ᠳᠠᠭᠠᠭᠠᠬᠤ ᠴᠢᠳᠠᠪᠤᠷᠢ ᠶᠢ ᠭᠦᠢᠴᠡᠳ ᠪᠣᠳᠤᠯᠬᠢᠯᠠᠵᠤ᠂ ᠲᠥᠷᠥᠯ ᠬᠤᠪᠢᠶᠠᠨ ᠵᠢᠯᠣᠭᠤᠳᠬᠤ ᠶᠢ ᠪᠠᠷᠢᠮᠲᠠᠯᠠᠵᠤ᠂ ᠳᠦᠷᠢᠮ ᠤᠨ ︽ᠪᠠᠶᠢᠭᠤᠯᠵᠤ ᠥᠭᠡᠷᠡᠴᠢᠯᠡᠵᠦ ᠬᠦᠴᠦᠨ ᠦᠭᠡᠢ ᠪᠣᠯᠭᠠᠬᠤ︾ ᠶᠢ ᠴᠢᠩᠭᠠᠳᠬᠠᠵᠤ᠂ ᠪᠣᠯᠪᠠᠰᠤᠷᠠᠯ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠤᠬᠠᠭᠤᠯᠤᠨ ᠲᠤᠭᠤᠰᠢᠯᠠᠭᠤᠯᠬᠤ ᠶᠢ ᠭᠦᠨᠵᠡᠭᠡᠶ ᠥᠷᠨᠢᠭᠦᠯᠵᠦ᠂ ᠵᠠᠮ ᠲᠡᠭᠡᠭᠡᠪᠦᠷᠢ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠯᠠᠪᠳᠠᠭᠤᠨ ᠪᠥᠭᠡᠳ ᠡᠮᠬᠢ ᠵᠢᠷᠤᠮ ᠲᠠᠢ᠂ ᠣᠨᠣᠪᠴᠢᠲᠠᠶ ᠪᠥᠭᠡᠳ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠨ᠎ᠠ᠃      ︵ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠦᠯᠵᠢᠶ᠎ᠡ᠂ http://www.mot.gov.n/zhengcejiedu/tdshncl/      【ᠬᠠᠮᠢᠶ᠎ᠠ ᠪᠦᠬᠦᠢ ᠲᠥᠷᠥ ᠶᠢᠨ ᠪᠣᠳᠣᠯᠭ᠎ᠠ】ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ   ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠵᠠᠮ ᠲᠡᠭᠡᠭᠡᠪᠦᠷᠢ ᠶᠢᠨ ᠦᠨ᠎ᠡ ᠬᠠᠩᠰᠢ ᠶᠢᠨ ᠥᠭᠡᠷᠡᠴᠢᠯᠡᠯᠲᠡ  ᠶᠢ ᠭᠦᠨᠵᠡᠭᠡᠶᠢᠷᠡᠭᠦᠯᠬᠦ ᠲᠤᠬᠠᠶ ᠰᠠᠨᠠᠯ
 
ᠢᠷᠡᠯᠲᠡ᠄ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠡᠯᠡ ᠣᠷᠤᠭᠤᠯᠤᠯᠲᠠ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号