ᠰᠢᠨ᠎ᠡ ᠴᠠᠭ ᠦᠶ᠎ᠡ ᠶᠢᠨ ᠨᠢᠭᠤᠴᠠ ᠲᠡᠮᠳᠡᠭ ᠤᠨ ᠠᠵᠢᠯ ᠤᠨ ᠪᠠᠲᠤ ᠴᠢᠩᠭ᠎ᠠ ᠬᠠᠤᠯᠢ ᠴᠠᠭᠠᠵᠠ ᠶᠢᠨ ᠪᠠᠲᠤᠯᠠᠭ᠎ᠠ
ᠨᠡᠶᠢᠲᠡᠯᠡᠭᠰᠡᠨ ᠴᠠᠭ᠄
2020/11/30
     2019 ᠣᠨ ᠤ 10 ᠳ᠋ᠤᠭᠠᠷ ᠰᠠᠷ᠎ᠠ ᠶᠢᠨ 26 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠬᠤᠷᠠᠯᠳᠤᠭᠠᠨ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠤᠴᠠ ᠲᠡᠮᠳᠡᠭ  ᠤᠨ ᠬᠠᠤᠯᠢ︾ ᠶᠢ ᠪᠠᠲᠤᠯᠠᠵᠤ᠂ ᠲᠡᠷᠢᠭᠦᠯᠡᠭᠴᠢ ᠰᠢ ᠶᠢᠨ ᠫᠢᠩ ᠠᠴᠠ ᠲᠡᠷᠢᠭᠦᠯᠡᠭᠴᠢ ᠶᠢᠨ ᠵᠠᠷᠯᠢᠭ ᠲᠤ ᠭᠠᠷ ᠤᠨ ᠥᠰᠥᠭ ᠵᠢᠷᠤᠵᠤ ᠨᠡᠶᠢᠲᠡᠯᠡᠨ᠂ 2020 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃ ᠨᠢᠭᠤᠴᠠ ᠲᠡᠮᠳᠡᠭ ᠤᠨ ᠬᠠᠤᠯᠢ ᠶᠢ ᠨᠡᠶᠢᠲᠡᠯᠡᠨ ᠬᠡᠷᠡᠭᠵᠢᠭᠦᠯᠬᠦ ᠨᠢ᠂ ᠨᠢᠭᠤᠴᠠ ᠲᠡᠮᠳᠡᠭ ᠤᠨ ᠠᠵᠢᠯ ᠤᠨ ᠲᠡᠤᠬᠡᠨ ᠳᠡᠭᠡᠷᠡᠬᠢ ᠪᠡᠯᠭᠡ ᠲᠡᠮᠳᠡᠭ ᠤᠨ ᠠᠴᠢ ᠬᠤᠯᠪᠣᠭᠳᠠᠯ ᠪᠥᠬᠦᠶ ᠶᠡᠭᠡ ᠶᠠᠪᠤᠳᠠᠯ ᠪᠠᠶᠢᠵᠤ᠂ ᠨᠢᠭᠤᠴᠠ ᠲᠡᠮᠳᠡᠭ ᠤᠨ ᠦᠢᠯᠡᠰ ᠤᠨ ᠬᠥᠭᠵᠢᠯᠲᠡ ᠳᠤ ᠴᠢᠬᠤᠯᠠ ᠶᠡᠭᠡ ᠪᠥᠭᠡᠳ ᠠᠯᠤᠰ ᠬᠡᠲᠦ ᠶᠢᠨ ᠨᠥᠯᠦᠭᠡ ᠦᠵᠡᠭᠦᠯᠬᠦ ᠨᠢ ᠯᠠᠪᠲᠠᠶ ᠶᠤᠮ᠃      ᠨᠢᠭᠤᠴᠠ ᠲᠡᠮᠳᠡᠭ ᠤᠨ ᠬᠠᠤᠯᠢ ᠶᠢ ᠲᠣᠭᠲᠠᠭᠠᠬᠤ ᠪᠠ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠶ      ᠨᠢᠭᠤᠴᠠ ᠲᠡᠮᠳᠡᠭ ᠪᠣᠯ ᠮᠠᠨ ᠤ ᠨᠠᠮ ᠪᠣᠯᠤᠨ ᠤᠯᠤᠰ ᠤᠨ ︽ᠠᠮᠢᠨ ᠰᠤᠳᠠᠰᠤ︾᠂ ︽ᠠᠮᠢᠨ ᠵᠠᠩᠭᠢᠯᠠᠭ᠎ᠠ︾ ᠮᠥᠨ᠂ ᠨᠢᠭᠤᠴᠠ ᠲᠡᠮᠳᠡᠭ ᠤᠨ ᠠᠵᠢᠯ ᠪᠣᠯ ᠨᠠᠮ ᠪᠠ ᠤᠯᠤᠰ ᠤᠨ ᠨᠢᠭᠡᠨ ᠣᠨᠴᠠᠭᠠᠢ ᠴᠢᠬᠤᠯᠠ ᠦᠢᠯᠡᠰ ᠮᠥᠨ᠂ ᠮᠠᠨ ᠤ ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠲᠡᠤᠬᠡᠨ ᠴᠠᠭ ᠦᠶ᠎ᠡ ᠳᠤ ᠴᠥᠮ ᠣᠷᠣᠯᠠᠭᠤᠯᠵᠤ ᠪᠣᠯᠤᠰᠢ ᠦᠭᠡᠢ ᠴᠢᠬᠤᠯᠠ ᠦᠢᠯᠡᠳᠦᠯ ᠦᠵᠡᠭᠦᠯᠪᠡ᠃ ᠰᠢᠨ᠎ᠡ ᠴᠠᠭ ᠦᠶ᠎ᠡ ᠳᠤ ᠣᠷᠣᠬᠤ ᠳᠤ᠂ ᠨᠢᠭᠤᠴᠠ ᠲᠡᠮᠳᠡᠭ ᠤᠨ ᠠᠵᠢᠯ ᠳᠤ ᠮᠠᠰᠢ ᠤᠯᠠᠨ ᠰᠢᠨ᠎ᠡ ᠠᠵᠠ ᠲᠣᠬᠢᠶᠠᠯ ᠪᠠ ᠥᠷᠢᠰᠦᠯᠳᠦᠭᠡᠨ ᠲᠤᠯᠭᠠᠷᠠᠵᠤ ᠪᠣᠢ᠃ ᠨᠢᠭᠤᠴᠠ ᠲᠡᠮᠳᠡᠭ ᠤᠨ ᠬᠠᠤᠯᠢ ᠶᠢ ᠲᠣᠭᠲᠠᠭᠠᠬᠤ ᠪᠠ ᠬᠡᠷᠡᠭᠵᠢᠭᠦᠯᠬᠦ ᠨᠢ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠤᠴᠠ ᠲᠡᠮᠳᠡᠭ ᠤᠨ ᠠᠵᠢᠯ ᠤᠨ ᠬᠠᠤᠯᠢᠵᠢᠯᠲᠠ ᠪᠣᠯᠤᠨ ᠣᠳᠣᠬᠢᠴᠢᠯᠠᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠳᠤ᠂ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃       ᠨᠢᠭᠡᠳᠦᠭᠡᠷ ᠲᠤ᠂ ᠡᠨᠡ ᠪᠣᠯ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠶᠢᠨ ᠲᠦᠷᠢᠮ ᠤᠨ ᠰᠢᠰᠲ᠋ᠧᠮ ᠢ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠳᠤᠷᠠᠳᠤᠭᠰᠠᠨ ᠨᠢ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠠᠮᠤᠷ ᠲᠦᠪᠰᠢᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠷᠭᠡᠳᠬᠡᠵᠦ᠂ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠶᠢᠨ ᠲᠦᠷᠢᠮ ᠤᠨ ᠰᠢᠰᠲ᠋ᠧᠮ ᠢ ᠪᠠᠶᠢᠭᠤᠯᠤᠨ᠎ᠠ᠃ ᠨᠢᠭᠤᠴᠠ ᠲᠡᠮᠳᠡᠭ ᠤᠨ ᠠᠵᠢᠯ ᠨᠢ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ᠂ ᠠᠵᠤ ᠠᠬᠤᠶ ᠶᠢᠨ ᠠᠮᠤᠷ ᠲᠦᠪᠰᠢᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠪᠠ ᠮᠡᠳᠡᠭᠡ ᠵᠠᠩᠭᠢ ᠶᠢᠨ ᠠᠮᠤᠷ ᠲᠦᠪᠰᠢᠨ ᠲᠠᠢ ᠰᠢᠭᠤᠳ ᠬᠤᠯᠪᠣᠭᠳᠠᠵᠤ ᠪᠠᠶᠢᠳᠠᠭ᠃ ᠨᠠᠮ ᠤᠨ ᠲᠥᠪ ᠬᠤᠷᠢᠶ᠎ᠠ ᠠᠴᠠ ᠨᠢᠭᠤᠴᠠ ᠲᠡᠮᠳᠡᠭ ᠤᠨ ᠬᠠᠤᠯᠢ ᠲᠣᠭᠲᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠤᠴᠠ ᠲᠡᠮᠳᠡᠭ ᠤᠨ ᠬᠠᠤᠯᠢ ᠶᠢ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠶᠢᠨ ᠲᠦᠷᠢᠮ ᠤᠨ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠪᠣᠯᠭᠠᠵᠤ᠂ ᠤᠯᠤᠰ ᠤᠨ ᠠᠮᠤᠷ ᠲᠦᠪᠰᠢᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠣᠮᠤ ᠲᠠᠪᠠᠭ ᠲᠤ ᠨᠢᠭᠤᠴᠠ ᠲᠡᠮᠳᠡᠭ ᠤᠨ ᠬᠠᠤᠯᠢ ᠶᠢ ᠰᠤᠳᠤᠯᠤᠨ ᠲᠣᠭᠲᠠᠭᠠᠬᠤ ᠬᠡᠷᠡᠭᠲᠡᠶ ᠭᠡᠵᠦ ᠴᠢᠬᠤᠯᠠᠴᠢᠯᠠᠵᠤ᠂ ᠨᠠᠮ ᠤᠨ ᠨᠢᠭᠤᠴᠠ ᠲᠡᠮᠳᠡᠭ ᠤᠨ ᠠᠵᠢᠯ ᠤᠨ ᠲᠤᠬᠠᠶ ᠬᠠᠮᠤᠭ ᠤᠨ ᠰᠢᠨ᠎ᠡ ᠱᠠᠭᠠᠷᠳᠠᠯᠭ᠎ᠠ ᠶᠢ ᠬᠠᠤᠯᠢ ᠳᠤ ᠲᠣᠭᠲᠠᠭᠠᠭᠰᠠᠨ ᠵᠢᠷᠤᠮ ᠢᠶᠠᠷ ᠳᠠᠮᠵᠢᠭᠤᠯᠤᠨ ᠤᠯᠤᠰ ᠤᠨ ᠵᠣᠷᠢᠭ ᠰᠠᠨᠠᠭ᠎ᠠ ᠪᠣᠯᠭᠠᠨ ᠬᠤᠪᠢᠷᠠᠭᠤᠯᠤᠨ᠎ᠠ᠃ ᠨᠢᠭᠤᠴᠠ ᠲᠡᠮᠳᠡᠭ ᠤᠨ ᠬᠠᠤᠯᠢ ᠶᠢ ᠲᠣᠭᠲᠠᠭᠠᠬᠤ ᠪᠠ ᠬᠡᠷᠡᠭᠵᠢᠭᠦᠯᠬᠦ ᠨᠢ᠂ ᠮᠠᠨ ᠤ ᠤᠯᠤᠰ ᠤᠨ ᠨᠢᠭᠤᠴᠠ ᠲᠡᠮᠳᠡᠭ ᠤᠨ ᠬᠦᠷᠢᠶᠡᠨ ᠳᠠᠬᠢ ᠤᠷᠲᠤ ᠬᠤᠭᠤᠴᠠᠭ᠎ᠠ ᠪᠠᠷ ᠣᠷᠣᠰᠢᠵᠤ ᠪᠠᠶᠢᠭ᠎ᠠ ᠬᠠᠤᠯᠢ ᠴᠠᠭᠠᠵᠠ ᠶᠢᠨ ᠬᠤᠭᠤᠰᠣᠨ ᠪᠠᠶᠢᠳᠠᠯ ᠢ ᠨᠥᠬᠦᠪᠥᠷᠢᠯᠡᠵᠦ᠂ ᠨᠢᠭᠤᠴᠠ ᠲᠡᠮᠳᠡᠭ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠷᠭᠡᠳᠬᠡᠨ᠂ ᠤᠯᠤᠰ ᠤᠨ ᠠᠮᠤᠷ ᠲᠦᠪᠰᠢᠨ ᠤ ᠬᠦᠷᠢᠶᠡᠨ ᠳᠠᠬᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠷᠢᠴᠠᠭ᠎ᠠ ᠶᠢ ᠰᠢᠯᠤᠭᠤᠳᠬᠠᠵᠤ᠂ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠶᠢᠨ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠬᠤᠶᠠᠳᠤᠭᠠᠷ ᠲᠤ᠂ ᠡᠨᠡ ᠪᠣᠯ ᠤᠯᠤᠰ ᠤᠨ ᠰᠦᠯᠵᠢᠶᠡᠨ ᠤ ᠣᠷᠣᠨ ᠵᠠᠶ ᠶᠢᠨ ᠡᠷᠬᠡ ᠮᠡᠳᠡᠯ ᠤᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠠᠷᠭ᠎ᠠ ᠬᠡᠮᠵᠢᠶ᠎ᠡ ᠮᠥᠨ᠃ ᠨᠢᠭᠤᠴᠠ ᠲᠡᠮᠳᠡᠭ ᠪᠣᠯ ᠣᠳᠣᠬᠠᠨ ᠳᠤ ᠳᠡᠯᠡᠬᠡᠶ ᠨᠡᠶᠢᠲᠡ ᠳᠤ ᠮᠡᠳᠡᠷᠡᠭᠳᠡᠵᠦ ᠪᠠᠶᠢᠭ᠎ᠠ᠂ ᠰᠦᠯᠵᠢᠶ᠎ᠡ ᠪᠣᠯᠤᠨ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ ᠬᠠᠮᠤᠭ ᠤᠨ ᠪᠦᠲᠦᠮᠵᠢᠲᠡᠶ᠂ ᠬᠠᠮᠤᠭ ᠤᠨ ᠨᠠᠶᠢᠳᠠᠪᠤᠷᠢᠲᠠᠶ᠂ ᠬᠠᠮᠤᠭ ᠤᠨ ᠬᠢᠮᠳᠠ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠪᠣᠯᠤᠨ᠎ᠠ᠃ ᠮᠡᠳᠡᠭᠡ ᠵᠠᠩᠭᠢᠴᠢᠯᠠᠯᠲᠠ ᠳᠡᠭᠡᠳᠦ ᠬᠡᠮᠵᠢᠶ᠎ᠡ ᠪᠠᠷ ᠬᠥᠭᠵᠢᠭᠰᠡᠨ ᠥᠨᠥᠳᠦᠷ᠂ ᠨᠢᠭᠤᠴᠠ ᠲᠡᠮᠳᠡᠭ ᠤᠨ ᠬᠡᠷᠡᠭᠯᠡᠯᠲᠡ ᠨᠢ ᠨᠢᠭᠡᠨᠲᠡ ᠨᠡᠶᠢᠭᠡᠮ ᠤᠨ ᠦᠢᠯᠡᠳᠪᠦᠷᠢᠯᠡᠯ ᠠᠮᠢᠳᠤᠷᠠᠯ ᠤᠨ ᠡᠯ᠎ᠡ ᠲᠠᠯ᠎ᠠ ᠳᠤ ᠨᠡᠪᠴᠢᠵᠦ᠂ ᠵᠠᠰᠠᠭ ᠤᠨ ᠡᠷᠬᠡ ᠶᠢᠨ ᠠᠮᠤᠷ ᠲᠦᠪᠰᠢᠨ ᠳᠤ ᠬᠤᠯᠪᠣᠭᠳᠠᠭᠰᠠᠨ ᠨᠢᠭᠤᠴᠠ ᠴᠢᠮᠡᠭᠡ ᠬᠤᠯᠪᠣᠭ᠎ᠠ᠂ ᠴᠡᠷᠢᠭ ᠤᠨ ᠶᠠᠪᠤᠳᠠᠯ ᠤᠨ ᠵᠢᠯᠣᠭᠤᠳᠣᠯᠭ᠎ᠠ ᠠᠴᠠ ᠤᠯᠤᠰ ᠠᠷᠠᠳ ᠤᠨ ᠠᠵᠤ ᠠᠬᠤᠶ ᠳᠤ ᠬᠤᠯᠪᠣᠭᠳᠠᠬᠤ ᠮᠥᠩᠭᠦᠨ ᠭᠦᠢᠯᠭᠡᠭᠡᠨ ᠤ ᠠᠷᠠᠯᠵᠢᠶ᠎ᠠ᠂ ᠬᠠᠭᠤᠷᠮᠠᠭ ᠢ ᠰᠡᠷᠭᠡᠶᠢᠯᠡᠬᠦ ᠭᠠᠶᠢᠯᠢ ᠶᠢᠨ ᠡᠵᠡᠮᠰᠢᠯ᠂ ᠴᠢᠨᠠᠭᠰᠢᠯᠠᠨ ᠠᠷᠠᠳ ᠢᠷᠭᠡᠳ ᠤᠨ ᠡᠷᠬᠡ ᠠᠰᠢᠭ ᠲᠤ ᠬᠤᠯᠪᠣᠭᠳᠠᠭᠰᠠᠨ ᠡᠯᠧᠺᠲᠷᠣᠨ ᠲᠣᠭᠠᠴᠠᠭ᠎ᠠ᠂ ᠰᠦᠯᠵᠢᠶᠡᠨ ᠳᠡᠭᠡᠷ᠎ᠡ ᠠᠵᠢᠯᠯᠠᠬᠤ ᠵᠡᠷᠭᠡ ᠳᠤ᠂ ᠨᠢᠭᠤᠴᠠ ᠲᠡᠮᠳᠡᠭ ᠴᠥᠮ ᠠᠷᠤ ᠳᠤ ᠨᠢ ᠰᠠᠭᠤᠷᠢ ᠲᠤᠯᠭᠠᠭᠤᠷᠢᠯᠠᠬᠤ ᠦᠢᠯᠡᠳᠦᠯ ᠦᠵᠡᠭᠦᠯᠵᠦ ᠪᠠᠶᠢᠳᠠᠭ᠃ ᠨᠢᠭᠤᠴᠠ ᠲᠡᠮᠳᠡᠭ ᠤᠨ ᠬᠠᠤᠯᠢ ᠶᠢ ᠲᠣᠭᠲᠠᠭᠠᠬᠤ ᠪᠠ ᠬᠡᠷᠡᠭᠵᠢᠭᠦᠯᠬᠦ ᠨᠢ᠂ ᠳᠠᠷᠤᠶ ᠨᠢᠭᠤᠴᠠ ᠲᠡᠮᠳᠡᠭ ᠤᠨ ᠬᠡᠷᠡᠭᠯᠡᠯᠲᠡ ᠪᠣᠯᠤᠨ ᠬᠠᠮᠢᠶᠠᠷᠤᠯᠲᠠ ᠶᠢᠨ ᠦᠨᠳᠦᠰᠦᠨ ᠳᠦᠷᠢᠮ ᠢ ᠴᠠᠭ ᠲᠤᠬᠠᠶ ᠳᠤ ᠨᠢ ᠬᠠᠤᠯᠢ ᠴᠠᠭᠠᠵᠠ ᠶᠢᠨ ᠳᠦᠷᠢᠮᠵᠢᠯ ᠪᠣᠯᠭᠠᠨ ᠳᠡᠭᠡᠭᠰᠢᠯᠡᠭᠦᠯᠵᠦ᠂ ᠨᠢᠭᠤᠴᠠ ᠲᠡᠮᠳᠡᠭ ᠤᠨ ᠮᠡᠷᠭᠡᠵᠢᠯ ᠢᠶᠠᠷ ᠭᠤᠤᠯ ᠪᠣᠯᠭᠠᠭᠰᠠᠨ᠂ ᠣᠯᠠᠨ ᠵᠦᠢᠯ ᠤᠨ ᠮᠡᠷᠭᠡᠵᠢᠯ ᠰᠣᠯᠪᠢᠴᠠᠨ ᠨᠡᠶᠢᠯᠡᠭᠰᠡᠨ ᠰᠦᠯᠵᠢᠶᠡᠨ ᠤ ᠣᠷᠣᠨ ᠵᠠᠶ ᠶᠢᠨ ᠰᠢᠨ᠎ᠡ ᠠᠮᠤᠷ ᠲᠦᠪᠰᠢᠨ ᠤ ᠪᠠᠶᠢᠭᠤᠯᠤᠯ ᠢ ᠪᠠᠶᠢᠭᠤᠯᠬᠤ ᠶᠢ ᠠᠬᠢᠭᠤᠯᠵᠤ᠂ ᠨᠠᠮ ᠪᠠ ᠤᠯᠤᠰ ᠤᠨ ᠪᠠᠶᠢᠯᠳᠤᠬᠤ ᠪᠤᠳᠤᠯᠭ᠎ᠠ ᠨᠢ ᠬᠠᠮᠢᠭ᠎ᠠ ᠬᠦᠷᠲᠡᠯ᠎ᠡ ᠤᠷᠤᠭᠰᠢᠯᠠᠪᠠᠯ᠂ ᠨᠢᠭᠤᠴᠠ ᠲᠡᠮᠳᠡᠭ ᠢ ᠲᠡᠨᠳᠡ ᠬᠦᠷᠲᠡᠯ᠎ᠡ ᠪᠠᠲᠤᠯᠠᠬᠤ ᠶᠢ ᠴᠢᠷᠮᠠᠶᠢᠨ ᠪᠡᠶᠡᠯᠡᠭᠦᠯᠦᠨ᠎ᠡ᠃      ᠭᠤᠷᠪᠠᠳᠤᠭᠠᠷ ᠲᠤ᠂ ᠡᠨᠡ ᠪᠣᠯ ᠨᠢᠭᠤᠴᠠ ᠲᠡᠮᠳᠡᠭ ᠤᠨ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠦᠨ᠃ ᠮᠠᠨ ᠤ ᠨᠠᠮ ᠤᠨ ᠨᠢᠭᠤᠴᠠ ᠲᠡᠮᠳᠡᠭ ᠤᠨ ᠠᠵᠢᠯ ᠨᠢ 1930 ᠣᠨ ᠤ 1 ᠳ᠋ᠦ᠋ᠭᠡᠷ ᠰᠠᠷ᠎ᠠ ᠳᠤ ᠮᠡᠨᠳᠦᠯᠡᠵᠦ᠂ ᠮᠣᠣ ᠽᠧ ᠳ᠋ᠦᠩ᠂ ᠵᠧᠤ ᠧᠨ ᠯᠠᠶ ᠵᠡᠷᠭᠡ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠭᠢ ᠶᠢᠨ ᠬᠤᠪᠢᠰᠬᠠᠯᠴᠢᠳ ᠠᠴᠠ ᠪᠡᠶ᠎ᠡ ᠪᠠᠷ ᠢᠶᠠᠨ ᠤᠳᠤᠷᠢᠳᠤᠨ ᠡᠭᠦᠳᠦᠨ ᠪᠠᠶᠢᠭᠤᠯᠤᠭᠰᠠᠨ ᠶᠤᠮ᠂ ᠨᠢᠭᠡᠨᠲᠡ 90 ᠰᠢᠬᠠᠮ ᠵᠢᠯ ᠤᠨ ᠭᠡᠷᠡᠯ ᠰᠠᠴᠤᠷᠠᠩᠭᠤᠶ ᠲᠡᠤᠬᠡᠨ ᠶᠠᠪᠤᠴᠠ ᠶᠢ ᠥᠩᠭᠡᠷᠡᠭᠦᠯᠪᠡ᠃ ᠬᠤᠪᠢᠰᠬᠠᠯᠲᠤ ᠳᠠᠶᠢᠨ ᠤ ᠣᠨ ᠵᠢᠯ ᠤᠳ ᠲᠤ᠂ ᠨᠠᠮ ᠤᠨ ᠲᠥᠪ ᠬᠤᠷᠢᠶ᠎ᠠ ᠨᠢ ᠨᠢᠭᠤᠴᠠ ᠳᠡᠮᠳᠡᠭ ᠢᠶᠠᠷ ᠴᠢᠮᠡᠭᠡ ᠬᠤᠯᠪᠣᠭ᠎ᠠ ᠠᠪᠬᠤ ᠡᠨᠡ ᠬᠦ ᠴᠢᠬᠤᠯᠠ ᠠᠷᠭ᠎ᠠ ᠵᠠᠮ ᠢᠶᠠᠷ ᠳᠠᠮᠵᠢᠨ ᠰᠢᠢᠳᠪᠦᠷᠢᠲᠦ ᠪᠤᠳᠤᠯᠭ᠎ᠠ ᠲᠣᠭᠲᠠᠭᠠᠵᠤ᠂ ᠮᠢᠩᠭᠠᠨ ᠭᠠᠵᠠᠷ ᠤᠨ ᠢᠯᠠᠯᠲᠠ ᠤᠯᠪᠠ᠃ ᠵᠥᠪᠬᠡᠨ ᠭᠤᠷᠪᠠᠨ ᠶᠡᠭᠡ ᠳᠠᠶᠢᠯᠠᠯᠳᠤᠭᠠᠨ ᠢ ᠵᠢᠯᠤᠭᠤᠳᠬᠤ ᠬᠤᠭᠤᠴᠠᠭᠠᠨ ᠳᠤ᠂ ᠮᠣᠣ ᠽᠧ ᠳ᠋ᠦᠩ ᠨᠥᠬᠦᠷ ᠠᠴᠠ ᠥᠪᠡᠷ ᠤᠨ ᠪᠡᠶ᠎ᠡ ᠪᠠᠷ ᠢᠶᠠᠨ ᠨᠢᠭᠤᠴᠠ ᠲᠡᠮᠳᠡᠭᠲᠦ ᠴᠠᠬᠢᠯᠭᠠᠨ ᠮᠡᠳᠡᠭᠡ ᠶᠢ 197 ᠬᠤᠪᠢ ᠪᠢᠴᠢᠵᠦ᠂ ᠨᠢᠭᠤᠴᠠ ᠲᠡᠮᠳᠡᠭᠲᠦ ᠴᠠᠬᠢᠯᠭᠠᠨ ᠮᠡᠳᠡᠭᠡ ᠶᠢ ᠮᠢᠩᠭ᠎ᠠ ᠭᠠᠷᠤᠶ ᠬᠤᠪᠢ ᠴᠣᠬᠤᠯᠪᠤᠷᠢ ᠬᠢᠵᠦ ᠭᠠᠷ ᠤᠨ ᠦᠰᠦᠭ ᠵᠢᠷᠤᠵᠠᠢ᠃ ︽ᠥᠨᠢᠳᠡ ᠪᠠᠯᠠᠷᠠᠰᠢ ᠦᠭᠡᠶ ᠴᠠᠬᠢᠯᠭᠠᠨ ᠳᠣᠯᠭᠢᠶᠠᠨ︾ ᠳᠠᠬᠢ ᠯᠢ ᠰᠢᠶᠠ ᠶᠢᠨ ᠤᠭ ᠳᠦᠷᠢ ᠪᠣᠯᠬᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠬᠠᠶ ᠶᠢᠨ ᠨᠢᠭᠤᠴᠠ ᠨᠠᠮ ᠤᠨ ᠭᠡᠰᠢᠭᠦᠨ ᠯᠢ ᠪᠠᠶ ᠵᠢᠴᠢ ︽ᠯᠦᠩ ᠲᠠᠨ ᠤ ᠭᠤᠷᠪᠠᠨ ᠪᠠᠭᠠᠲᠤᠷ︾ ᠬᠡᠮᠡᠭᠳᠡᠭᠰᠡᠨ ᠴᠢᠶᠠᠨ ᠵᠤᠸᠠᠩ ᠹᠸᠢ ᠵᠡᠷᠭᠡ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠪᠣᠯ ᠴᠥᠮ ᠨᠢᠭᠤᠴᠠ ᠲᠡᠮᠳᠡᠭ ᠤᠨ ᠹᠷᠣᠨᠲ ᠤᠨ ᠰᠢᠯᠢᠳᠡᠭ ᠲᠥᠯᠥᠭᠡᠯᠡᠭᠴᠢ ᠮᠦᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠥᠪ ᠤᠨ ᠨᠢᠭᠤᠴᠠ ᠲᠡᠮᠳᠡᠭ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ ᠳᠣᠤᠷ᠎ᠠ᠂ ᠨᠢᠭᠤᠴᠠ ᠲᠡᠮᠳᠡᠭ ᠤᠨ ᠦᠢᠯᠡᠰ ᠨᠢ ᠲᠡᠤᠬᠡᠲᠦ ᠴᠢᠨᠠᠷᠲᠠᠶ ᠠᠮᠵᠢᠯᠲᠠ ᠣᠯᠵᠤ᠂ ᠲᠡᠤᠬᠡᠲᠦ ᠴᠢᠨᠠᠷᠲᠠᠶ ᠬᠤᠪᠢᠰᠤᠯᠲᠠ ᠶᠢ ᠪᠡᠶᠡᠯᠡᠭᠦᠯᠪᠡ᠃ ᠨᠢᠭᠤᠴᠠ ᠲᠡᠮᠳᠡᠭ ᠤᠨ ᠬᠠᠤᠯᠢ ᠶᠢ ᠲᠣᠭᠲᠠᠭᠠᠬᠤ ᠪᠠ ᠬᠡᠷᠡᠭᠵᠢᠭᠦᠯᠬᠦ ᠨᠢ ᠳᠠᠷᠤᠶ ᠰᠢᠨ᠎ᠡ ᠪᠠᠶᠢᠳᠠᠯ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠵᠤ᠂ ᠨᠢᠭᠤᠴᠠ ᠲᠡᠮᠳᠡᠭ ᠤᠨ ᠬᠦᠷᠢᠶᠡᠨ ᠳᠠᠬᠢ ᠡᠭᠦᠷᠭᠡ ᠴᠢᠳᠠᠪᠬᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠨᠢᠭᠤᠴᠠ ᠲᠡᠮᠳᠡᠭ ᠤᠨ ᠬᠠᠤᠯᠢᠵᠢᠯ ᠢ ᠬᠡᠷᠡᠭᠵᠢᠭᠦᠯᠬᠦ᠂ ᠬᠢᠨᠠᠯᠲᠠ ᠲᠠᠯᠪᠢᠬᠤ᠂ ᠪᠠᠲᠤᠯᠠᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠨᠢᠭᠤᠴᠠ ᠲᠡᠮᠳᠡᠭ ᠤᠨ ᠠᠵᠤ ᠦᠢᠯᠡᠰ ᠤᠨ ᠡᠮᠬᠢ ᠳᠢᠭᠯᠢᠮ ᠢ ᠵᠢᠷᠤᠮᠵᠢᠭᠤᠯᠵᠤ᠂ ᠨᠢᠭᠤᠴᠠ ᠲᠡᠮᠳᠡᠭ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠬᠢᠷᠢ ᠬᠡᠮᠵᠢᠶ᠎ᠡ ᠪᠣᠯᠤᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠨᠢᠭᠤᠴᠠ ᠲᠡᠮᠳᠡᠭ ᠤᠨ ᠦᠢᠯᠡᠰ ᠤᠨ ᠴᠢᠨᠠᠷᠯᠢᠭ ᠪᠥᠭᠡᠳ ᠲᠦᠷᠭᠡᠨ ᠬᠥᠭᠵᠢᠬᠦ ᠳᠤ ᠳᠦᠷᠢᠮ ᠤᠨ ᠪᠠᠲᠤᠯᠠᠭ᠎ᠠ ᠬᠠᠩᠭᠠᠨ᠎ᠠ᠃          ᠨᠢᠭᠤᠴᠠ ᠲᠡᠮᠳᠡᠭ ᠤᠨ ᠬᠠᠤᠯᠢ ᠶᠢᠨ ᠵᠣᠷᠢᠭ ᠰᠠᠨᠠᠭᠠᠨ ᠤ ᠮᠥᠨ ᠴᠢᠨᠠᠷ ᠪᠠ ᠭᠤᠤᠯ ᠠᠭᠤᠯᠭ᠎ᠠ ᠶᠢ ᠣᠨᠣᠪᠴᠢᠲᠠᠶ ᠡᠵᠡᠮᠰᠢᠬᠦ ᠬᠡᠷᠡᠭᠲᠡᠶ      ᠨᠢᠭᠤᠴᠠ ᠲᠡᠮᠳᠡᠭ ᠤᠨ ᠬᠠᠤᠯᠢ ᠶᠢᠨ ᠬᠠᠤᠯᠢ ᠲᠣᠭᠲᠠᠭᠠᠬᠤ ᠳᠤ ᠮᠠᠨ ᠤ ᠤᠯᠤᠰ ᠤᠨ ᠨᠢᠭᠤᠴᠠ ᠲᠡᠮᠳᠡᠭ ᠤᠨ ᠬᠠᠮᠢᠶᠠᠷᠤᠯᠲᠠ ᠳᠤᠮᠳᠠ ᠪᠤᠶ ᠪᠣᠯᠤᠭᠰᠠᠨ ᠠᠯᠢ ᠣᠯᠠᠨ ᠰᠠᠶᠢᠨ ᠤᠯᠠᠮᠵᠢᠯᠠᠯ᠂ ᠰᠠᠶᠢᠨ ᠲᠤᠷᠰᠢᠯᠭ᠎ᠠ᠂ ᠰᠠᠶᠢᠨ ᠠᠷᠭ᠎ᠠ ᠪᠠᠷᠢᠯ ᠢ ᠳ᠋ᠦᠩᠨᠡᠬᠦ ᠶᠢ ᠠᠩᠬᠠᠷᠬᠤ ᠮᠦᠷᠲᠡᠭᠡᠨ ᠰᠢᠨ᠎ᠡ ᠪᠠᠶᠢᠳᠠᠯ᠂ ᠰᠢᠨ᠎ᠡ ᠠᠰᠠᠭᠤᠳᠠᠯ᠂ ᠰᠢᠨ᠎ᠡ ᠥᠷᠢᠰᠥᠯᠳᠦᠭᠡᠨ ᠳᠤ ᠵᠣᠬᠢᠴᠠᠵᠤ᠂ ᠤᠳᠤ ᠶᠢᠨ ᠬᠡᠷᠡᠭᠵᠢᠭᠦᠯᠵᠦ ᠪᠠᠶᠢᠭ᠎ᠠ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠲᠦᠷᠢᠮ ᠢ ᠥᠭᠡᠷᠡᠴᠢᠯᠡᠨ ᠲᠠᠬᠢᠨ ᠪᠤᠢ ᠪᠣᠯᠭᠠᠵᠤ᠂ ᠵᠠᠯᠭᠠᠮᠵᠢᠯᠠᠨ ᠬᠥᠭᠵᠢᠭᠦᠯᠬᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠢᠯᠡᠷᠡᠭᠦᠯᠪᠡ᠃ ᠨᠢᠭᠤᠴᠠ ᠲᠡᠮᠳᠡᠭ ᠤᠨ ᠬᠠᠤᠯᠢ ᠶᠢ ᠲᠤᠭᠤᠰᠢᠯᠠᠭᠤᠯᠤᠨ ᠬᠡᠷᠡᠭᠵᠢᠭᠦᠯᠬᠦ ᠳᠤ᠂ ᠳᠣᠤᠷᠠᠬᠢ ᠵᠠᠷᠴᠢᠮ ᠢ ᠭᠤᠤᠯᠳᠠᠯᠭ᠎ᠠ ᠲᠠᠢ ᠣᠶᠢᠯᠠᠭᠠᠵᠤ ᠰᠠᠶᠢᠲᠤᠷ ᠡᠵᠡᠮᠰᠢᠬᠦ ᠬᠡᠷᠡᠭᠲᠡᠶ᠃      ᠨᠢᠭᠡᠳᠦᠭᠡᠷ ᠲᠤ᠂ ᠨᠠᠮ ᠠᠴᠠ ᠨᠢᠭᠤᠴᠠ ᠲᠡᠮᠳᠡᠭ ᠢ ᠬᠠᠮᠢᠶᠠᠷᠬᠤ ᠪᠠ ᠬᠠᠤᠯᠢ ᠶᠣᠰᠣᠭᠠᠷ ᠬᠠᠮᠢᠶᠠᠷᠬᠤ ᠶᠢ ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠨ᠎ᠠ᠃ ᠨᠠᠮ ᠠᠴᠠ ᠨᠢᠭᠤᠴᠠ ᠲᠡᠮᠳᠡᠭ ᠢ ᠬᠠᠮᠢᠶᠠᠷᠬᠤ ᠵᠠᠷᠴᠢᠮ ᠪᠣᠯ ᠨᠢᠭᠤᠴᠠ ᠲᠡᠮᠳᠡᠭ ᠤᠨ ᠠᠵᠢᠯ ᠤᠨ ᠤᠷᠲᠤ ᠬᠤᠭᠤᠴᠠᠭᠠᠨ ᠤ ᠦᠢᠯᠡᠳᠦᠯᠭᠡ ᠪᠠ ᠲᠡᠦᠬᠡᠨ ᠲᠤᠷᠰᠢᠯᠭ᠎ᠠ ᠶᠢᠨ ᠭᠦᠨᠵᠡᠭᠡᠶ ᠳ᠋ᠦᠩᠨᠡᠯᠲᠡ ᠮᠦᠨ᠂ ᠨᠢᠭᠤᠴᠠ ᠲᠡᠮᠳᠡᠭ ᠤᠨ ᠠᠵᠢᠯ ᠤᠨ ᠶᠡᠭᠡ ᠡᠷᠬᠡ ᠨᠢ ᠨᠠᠮ ᠤᠨ ᠲᠥᠪ ᠬᠤᠷᠢᠶ᠎ᠠ ᠳᠤ ᠪᠣᠢ᠂ ᠨᠢᠭᠤᠴᠠ ᠲᠡᠮᠳᠡᠭ ᠤᠨ ᠠᠵᠢᠯ ᠤᠨ ᠦᠨᠳᠦᠰᠦᠨ ᠪᠤᠳᠤᠯᠭ᠎ᠠ ᠴᠢᠭᠯᠡᠯᠲᠡ ᠶᠢ ᠡᠷᠬᠡᠪᠰᠢ ᠨᠠᠮ ᠤᠨ ᠲᠥᠪ ᠬᠤᠷᠢᠶ᠎ᠠ ᠠᠴᠠ ᠲᠣᠭᠲᠠᠭᠠᠵᠤ᠂ ᠨᠢᠭᠤᠴᠠ ᠲᠡᠮᠳᠡᠭ ᠤᠨ ᠠᠵᠢᠯ ᠤᠨ ᠴᠢᠬᠤᠯᠠ ᠶᠡᠭᠡ ᠵᠦᠢᠯᠡᠰ ᠢ ᠡᠷᠬᠡᠪᠰᠢ ᠨᠠᠮ ᠤᠨ ᠲᠥᠪ ᠬᠤᠷᠢᠶ᠎ᠠ ᠳᠤ ᠮᠡᠳᠡᠭᠦᠯᠬᠦ ᠬᠡᠷᠡᠭᠲᠡᠶ᠃ ᠨᠢᠭᠤᠴᠠ ᠲᠡᠮᠳᠡᠭ ᠤᠨ ᠬᠠᠤᠯᠢ ᠶᠢᠨ ᠲᠣᠭᠲᠠᠭᠠᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠠᠴᠠ ᠨᠢᠭᠤᠴᠠ ᠲᠡᠮᠳᠡᠭ ᠤᠨ ᠠᠵᠢᠯ ᠢ ᠤᠳᠤᠷᠢᠳᠬᠤ ᠶᠢ ᠪᠠᠷᠢᠮᠲᠠᠯᠠᠵᠤ᠂ ᠲᠤᠭ ᠲᠡᠮᠳᠡᠭ ᠲᠣᠳᠣᠷᠬᠠᠢ ᠪᠠᠷ ᠨᠠᠮ ᠠᠴᠠ ᠨᠢᠭᠤᠴᠠ ᠲᠡᠮᠳᠡᠭ ᠢ ᠬᠠᠮᠢᠶᠠᠷᠬᠤ ᠡᠨᠡ ᠬᠦ ᠦᠨᠳᠦᠰᠦᠨ ᠵᠠᠷᠴᠢᠮ ᠢ ᠬᠠᠤᠯᠢ ᠴᠠᠭᠠᠵᠠ ᠳᠤ ᠪᠢᠴᠢᠨ ᠣᠷᠣᠭᠤᠯᠬᠤ ᠶᠢᠨ ᠬᠠᠮᠲᠤ᠂ ᠲᠥᠪ ᠤᠨ ᠨᠢᠭᠤᠴᠠ ᠲᠡᠮᠳᠡᠭ ᠤᠨ ᠠᠵᠢᠯ ᠤᠨ ᠤᠳᠤᠷᠢᠳᠬᠤ ᠪᠠᠶᠢᠭᠤᠯᠤᠮᠵᠢ ᠠᠴᠠ ᠪᠦᠬᠦ ᠤᠯᠤᠰ ᠤᠨ ᠨᠢᠭᠤᠴᠠ ᠲᠡᠮᠳᠡᠭ ᠤᠨ ᠠᠵᠢᠯ ᠢ ᠨᠢᠭᠡᠳᠦᠯᠲᠡᠢ ᠤᠳᠤᠷᠢᠳᠬᠤ ᠶᠢ ᠲᠣᠳᠤᠷᠬᠠᠶᠢᠯᠠᠨ᠂ ᠡᠨᠡ ᠪᠣᠯ ᠨᠢᠭᠤᠴᠠ ᠲᠡᠮᠳᠡᠭ ᠤᠨ ᠬᠠᠤᠯᠢ ᠶᠢᠨ ᠬᠠᠮᠤᠭ ᠤᠨ ᠦᠨᠳᠦᠰᠦᠨ ᠴᠢᠨᠠᠷᠲᠠᠶ ᠲᠣᠭᠲᠠᠭᠠᠯ ᠪᠣᠯᠤᠨ᠎ᠠ᠃ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠦᠨᠳᠦᠰᠦᠨ ᠠᠷᠭ᠎ᠠ ᠪᠤᠳᠤᠯᠭ᠎ᠠ ᠶᠢᠨ ᠭᠦᠨᠵᠡᠭᠡᠶ ᠬᠡᠷᠡᠭᠵᠢᠭᠦᠯᠬᠦ ᠶᠢ ᠳᠠᠭᠠᠯᠳᠤᠨ᠂ ᠬᠠᠤᠯᠢ ᠶᠣᠰᠣᠭᠠᠷ ᠬᠠᠮᠢᠶᠠᠷᠬᠤ ᠨᠢ ᠨᠢᠭᠡᠨᠲᠡ ᠨᠠᠮ ᠠᠴᠠ ᠨᠢᠭᠤᠴᠠ ᠲᠡᠮᠳᠡᠭ ᠢ ᠬᠠᠮᠢᠶᠠᠷᠬᠤ ᠦᠨᠳᠦᠰᠦᠨ ᠠᠷᠭ᠎ᠠ ᠮᠠᠶ᠋ᠢᠭ ᠪᠠ ᠳᠣᠲᠣᠭᠠᠳᠤ ᠱᠠᠭᠠᠷᠳᠠᠯᠭ᠎ᠠ ᠪᠣᠯᠪᠠ᠃ ᠭᠠᠭᠴᠠ ᠬᠦ ᠨᠠᠮ ᠠᠴᠠ ᠨᠢᠭᠤᠴᠠ ᠲᠡᠮᠳᠡᠭ ᠢ ᠬᠠᠮᠢᠶᠠᠷᠬᠤ ᠶᠢ ᠪᠠᠷᠢᠮᠲᠠᠯᠠᠪᠠᠯ᠂ ᠰᠠᠶ᠋ᠢ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠵᠥᠪ ᠴᠢᠭᠯᠡᠯ ᠢᠶᠠᠷ ᠬᠡᠯᠪᠠᠶᠢᠬᠦ ᠦᠭᠡᠢ᠂ ᠶᠠᠩᠵᠤ ᠪᠠᠨ ᠠᠯᠳᠠᠬᠤ ᠦᠭᠡᠢ ᠪᠠᠶᠢᠬᠤ ᠶᠢ ᠪᠠᠲᠤᠯᠠᠵᠤ ᠴᠢᠳᠠᠨ᠎ᠠ᠃ ᠭᠠᠭᠴᠠ ᠬᠦ ᠬᠠᠤᠯᠢ ᠶᠣᠰᠣᠭᠠᠷ ᠬᠠᠮᠢᠶᠠᠷᠬᠤ ᠳᠤ ᠲᠦᠰᠢᠭᠯᠡᠪᠡᠯ᠂ ᠰᠠᠶ᠋ᠢ ᠨᠠᠮ ᠠᠴᠠ ᠨᠢᠭᠤᠴᠠ ᠲᠡᠮᠳᠡᠭ ᠢ ᠬᠠᠮᠢᠶᠠᠷᠬᠤ ᠪᠣᠳᠠᠲᠠᠶ ᠲᠦᠷᠢᠮ ᠢ ᠬᠠᠤᠯᠢ ᠪᠠᠷ ᠵᠠᠰᠠᠬᠤ ᠵᠠᠮ ᠳᠤ ᠣᠷᠣᠭᠤᠯᠵᠤ ᠴᠢᠳᠠᠨ᠎ᠠ᠃      ᠬᠤᠶᠠᠳᠤᠭᠠᠷ ᠲᠤ᠂ ᠰᠢᠨ᠎ᠡ ᠶᠢ ᠡᠭᠦᠳᠬᠦ ᠬᠥᠭᠵᠢᠯᠲᠡ ᠪᠣᠯᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠨᠢᠭᠡᠳᠬᠡᠬᠦ ᠶᠢ ᠪᠠᠷᠢᠮᠲᠠᠯᠠᠨ᠎ᠠ᠃ ᠠᠮᠤᠷ ᠲᠦᠪᠰᠢᠨ ᠪᠣᠯ ᠬᠥᠭᠵᠢᠯᠲᠡ ᠶᠢᠨ ᠤᠷᠢᠲᠠᠯ ᠮᠥᠨ᠂ ᠬᠥᠭᠵᠢᠯᠲᠡ ᠪᠣᠯ ᠠᠮᠤᠷ ᠲᠦᠪᠰᠢᠨ ᠤ ᠪᠠᠲᠤᠯᠠᠭ᠎ᠠ ᠮᠥᠨ᠃ ᠨᠢᠭᠤᠴᠠ ᠲᠡᠮᠳᠡᠭ ᠤᠨ ᠬᠠᠤᠯᠢ ᠳᠤ ᠨᠢᠭᠤᠴᠠ ᠲᠡᠮᠳᠡᠭ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠠᠯᠢ ᠣᠯᠠᠨ ᠲᠦᠷᠢᠮ᠂ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠲᠣᠭᠲᠠᠭᠠᠵᠤ᠂ ᠨᠢᠭᠤᠴᠠ ᠲᠡᠮᠳᠡᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠬᠥᠭᠵᠢᠯᠲᠡ ᠪᠠ ᠬᠡᠷᠡᠭᠯᠡᠯᠲᠡ ᠶᠢᠨ ᠳᠡᠯᠭᠡᠷᠡᠭᠦᠯᠦᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠪᠠ᠃ ᠡᠭᠦᠨ ᠤ ᠬᠠᠮᠲᠤ᠂ ᠨᠢᠭᠤᠴᠠ ᠲᠡᠮᠳᠡᠭ ᠨᠢ ᠨᠢᠭᠡ ᠵᠦᠢᠯ ᠤᠨ ᠨᠡᠶᠢᠲᠡᠯᠢᠭ ︽ᠬᠤᠶᠠᠷ ᠬᠡᠷᠡᠭᠴᠡᠭᠡᠲᠦ ᠪᠣᠳᠠᠰ︾ ᠪᠣᠯᠤᠭᠰᠠᠨ ᠤ ᠬᠤᠪᠢ ᠳᠤ᠂ ᠰᠠᠶᠢᠲᠤᠷ ᠬᠡᠷᠡᠭᠯᠡᠪᠡᠯ ᠨᠡᠶᠢᠭᠡᠮ ᠳᠤ ᠪᠤᠶᠠᠨ ᠦᠢᠯᠡᠳᠴᠦ᠂ ᠰᠠᠶᠢᠨ ᠬᠡᠷᠡᠭᠯᠡᠵᠦ ᠴᠢᠳᠠᠬᠤ ᠦᠭᠡᠢ ᠪᠤᠶᠤ ᠮᠠᠭᠤ ᠬᠥᠮᠦᠨ ᠳᠤ ᠠᠰᠢᠭᠯᠠᠭᠳᠠᠪᠠᠯ᠂ ᠨᠠᠮ ᠪᠠ ᠤᠯᠤᠰ ᠤᠨ ᠠᠰᠢᠭ ᠲᠤᠰᠠ ᠳᠤ ᠬᠡᠮᠵᠢᠶᠡᠯᠡᠰᠢ ᠦᠭᠡᠢ ᠬᠤᠬᠢᠷᠠᠯ ᠤᠴᠠᠷᠠᠭᠤᠯᠵᠤ ᠮᠡᠳᠡᠬᠦ ᠶᠢ ᠣᠯᠵᠤ ᠦᠵᠡᠬᠦ ᠬᠡᠷᠡᠭᠲᠡᠢ᠃ ᠡᠶᠢᠮᠦ ᠠᠴᠠ᠂ ᠨᠢᠭᠤᠴᠠ ᠲᠡᠮᠳᠡᠭ ᠤᠨ ᠬᠠᠤᠯᠢ ᠳᠤ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠤ ᠪᠤᠰᠤᠳ ᠤᠨ ᠨᠢᠭᠤᠴᠠᠯᠠᠨ ᠬᠠᠮᠠᠭᠠᠯᠠᠬᠤ ᠮᠡᠳᠡᠭᠡ ᠵᠠᠩᠭᠢ ᠶᠢ ᠬᠤᠯᠠᠭᠠᠶᠢᠯᠠᠨ ᠠᠪᠬᠤ᠂ ᠪᠤᠰᠤᠳ ᠬᠥᠮᠦᠨ ᠤ ᠨᠢᠭᠤᠴᠠ ᠲᠡᠮᠳᠡᠭ ᠢ ᠪᠠᠲᠤᠯᠠᠬᠤ ᠰᠢᠰᠲ᠋ᠧᠮ ᠳᠤ ᠬᠠᠤᠯᠢ ᠪᠤᠰᠤ ᠪᠠᠷ ᠳᠦᠷᠢᠨ ᠣᠷᠤᠬᠤ᠂ ᠡᠰᠡᠬᠦᠯ᠎ᠡ ᠨᠢᠭᠤᠴᠠ ᠲᠡᠮᠳᠡᠭ ᠢ ᠠᠰᠢᠭᠯᠠᠨ ᠤᠯᠤᠰ ᠤᠨ ᠠᠮᠤᠷ ᠲᠦᠪᠰᠢᠨ᠂ ᠨᠡᠶᠢᠭᠡᠮ ᠨᠡᠶᠢᠲᠡ ᠶᠢᠨ ᠠᠰᠢᠭ ᠲᠤᠰᠠ᠂ ᠪᠤᠰᠤᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠬᠦ ᠶᠢ ᠲᠣᠳᠣᠷᠬᠠᠶ ᠵᠠᠷᠯᠢᠭᠳᠠᠨ ᠴᠠᠭᠠᠵᠠᠯᠠᠨ᠎ᠠ  ᠃      ᠭᠤᠷᠪᠠᠳᠤᠭᠠᠷ ᠲᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠵᠢᠭᠠᠵᠤ ᠭᠠᠷᠭᠠᠭᠰᠠᠨ ᠨᠢ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶᠢᠷᠡᠭᠦᠯᠵᠦ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠬᠡᠷᠡᠭᠲᠡᠶ᠃ ᠨᠢᠭᠤᠴᠠ ᠲᠡᠮᠳᠡᠭ ᠤᠨ ᠬᠠᠤᠯᠢ ᠨᠢ ᠨᠢᠭᠤᠴᠠ ᠲᠡᠮᠳᠡᠭ ᠢ ᠲᠥᠷᠥᠯ ᠬᠤᠪᠢᠶᠠᠨ ᠬᠠᠮᠢᠶᠠᠷᠬᠤ ᠵᠠᠷᠴᠢᠮ ᠢ ᠲᠣᠳᠣᠷᠬᠠᠶ ᠪᠣᠯᠭᠠᠵᠤ᠂ ᠭᠤᠤᠯ ᠨᠢᠭᠤᠴᠠ ᠲᠡᠮᠳᠡᠭ᠂ ᠡᠩ ᠤᠨ ᠨᠢᠭᠤᠴᠠ ᠲᠡᠮᠳᠡᠭ ᠢ ᠤᠯᠤᠰ ᠤᠨ ᠨᠢᠭᠤᠴᠠ ᠮᠡᠳᠡᠭᠡ ᠵᠠᠩᠭᠢ ᠶᠢ ᠬᠠᠮᠠᠭᠠᠯᠠᠬᠤ ᠳᠤ ᠬᠡᠷᠡᠭᠯᠡᠬᠦ ᠪᠠᠷ ᠲᠣᠭᠲᠠᠭᠠᠵᠤ᠂ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠴᠢᠩᠭ᠎ᠠ ᠨᠢᠭᠡᠳᠦᠯᠲᠡᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠲᠠᠯ᠎ᠠ ᠪᠠᠷ᠂ ᠡᠭᠦᠷᠭᠡ ᠴᠢᠳᠠᠪᠬᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠭᠦᠢᠴᠡᠳ ᠢᠯᠡᠷᠡᠭᠦᠯᠵᠦ᠂ ᠭᠠᠳᠠᠭᠤᠷᠴᠢᠯᠠᠯ ᠤᠨ ᠪᠤᠰᠤ ᠵᠠᠷᠴᠢᠮ ᠢ ᠭᠦᠢᠴᠡᠳ ᠢᠯᠡᠷᠡᠭᠦᠯᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠶᠡᠭᠡ ᠬᠡᠮᠵᠢᠶ᠎ᠡ ᠪᠠᠷ ᠪᠠᠭᠠᠰᠬᠠᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠤᠯᠠᠮ ᠴᠢᠯᠦᠭᠡᠲᠡᠢ ᠪᠣᠯᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠦᠢᠯᠡᠳᠬᠦᠨ᠂ ᠦᠢᠯᠡᠴᠢᠯᠡᠭᠡ ᠵᠢᠴᠢ ᠳᠣᠲᠣᠭᠠᠳᠤ ᠭᠠᠳᠠᠭᠠᠳᠤ ᠶᠢᠨ ᠠᠵᠤ ᠠᠬᠤᠶᠢᠯᠠᠯ ᠳᠤ ᠨᠢᠭᠡ ᠯᠡ ᠠᠳᠠᠯᠢ ᠬᠠᠨᠳᠤᠵᠤ᠂ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠳᠦᠷᠢᠮᠵᠢᠭᠦᠯᠦᠨ ᠴᠢᠩᠭᠠᠳᠬᠠᠵᠤ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠠᠵᠢᠯ ᠡᠷᠭᠢᠯᠡᠬᠦ ᠨᠢᠭᠡᠴᠢ ᠶᠢᠨ ᠬᠦᠯᠢᠶᠡᠰᠦ ᠶᠢ ᠦᠨᠡᠨ ᠬᠦ ᠰᠤᠯᠠᠷᠠᠭᠤᠯᠵᠤ ᠳᠠᠷᠤᠭᠠᠰᠤ ᠶᠢ ᠨᠢ ᠬᠥᠩᠭᠡᠷᠡᠭᠦᠯᠦᠨ᠎ᠡ᠃          ᠨᠢᠭᠤᠴᠠ ᠲᠡᠮᠳᠡᠭ ᠤᠨ ᠬᠠᠤᠯᠢ ᠶᠢ ᠤᠬᠠᠭᠤᠯᠵᠤ ᠲᠤᠭᠤᠰᠢᠯᠠᠭᠤᠯᠤᠨ ᠬᠡᠷᠡᠭᠵᠢᠭᠦᠯᠬᠦ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠶ᠃      ᠨᠢᠭᠤᠴᠠ ᠲᠡᠮᠳᠡᠭ ᠤᠨ ᠬᠠᠤᠯᠢ ᠨᠢ ᠰᠢᠨ᠎ᠡ ᠴᠠᠭ ᠦᠶ᠎ᠡ ᠶᠢᠨ ᠨᠢᠭᠤᠴᠠ ᠲᠡᠮᠳᠡᠭ ᠤᠨ ᠠᠵᠢᠯ ᠢ ᠰᠠᠶᠢᠲᠤᠷ ᠬᠢᠬᠦ ᠳᠤ ᠬᠦᠴᠦᠷᠬᠡᠭ ᠶᠡᠭᠡ ᠬᠠᠤᠯᠢ ᠴᠠᠭᠠᠵᠠ ᠶᠢᠨ ᠵᠡᠪᠰᠡᠭ ᠬᠠᠩᠭᠠᠪᠠ᠃ ᠨᠢᠭᠤᠴᠠ ᠲᠡᠮᠳᠡᠭ ᠤᠨ ᠬᠠᠤᠯᠢ ᠶᠢ ᠰᠠᠶᠢᠲᠤᠷ ᠲᠤᠭᠤᠰᠢᠯᠠᠭᠤᠯᠤᠨ ᠬᠡᠷᠡᠭᠵᠢᠭᠦᠯᠬᠦ ᠨᠢ ᠨᠢᠭᠤᠴᠠ ᠲᠡᠮᠳᠡᠭ ᠤᠨ ᠦᠢᠯᠡᠰ ᠤᠨ ᠬᠥᠭᠵᠢᠯᠲᠡ ᠶᠢ ᠯᠠᠪᠲᠠᠶ ᠬᠦᠴᠦᠲᠡᠶ ᠠᠬᠢᠭᠤᠯᠬᠤ ᠶᠤᠮ᠃ ᠪᠢᠳᠡ ᠵᠠᠪᠠᠯ ᠲᠤᠭᠤᠰᠢᠯᠠᠭᠤᠯᠤᠨ ᠬᠡᠷᠡᠭᠵᠢᠭᠦᠯᠬᠦ ᠳᠡᠭᠡᠷ᠎ᠡ ᠬᠦᠴᠦ ᠲᠠᠯᠪᠢᠵᠤ᠂ ᠬᠠᠤᠯᠢ ᠪᠠᠶᠢᠪᠠᠯ ᠵᠠᠪᠠᠯ ᠵᠢᠷᠤᠮᠯᠠᠬᠤ᠂ ᠬᠠᠤᠯᠢ ᠶᠢ ᠵᠠᠪᠠᠯ ᠴᠢᠩᠭ᠎ᠠ ᠬᠡᠷᠡᠭᠵᠢᠭᠦᠯᠬᠦ᠂ ᠬᠠᠤᠯᠢ ᠶᠢ ᠵᠥᠷᠢᠴᠡᠪᠡᠯ ᠵᠠᠪᠠᠯ ᠨᠡᠬᠡᠮᠵᠢᠯᠡᠬᠦ ᠬᠡᠷᠡᠭᠲᠡᠶ᠃      ᠨᠢᠭᠡᠳᠦᠭᠡᠷ ᠲᠤ᠂ ᠨᠢᠭᠤᠴᠠ ᠲᠡᠮᠳᠡᠭ ᠤᠨ ᠬᠠᠤᠯᠢ ᠶᠢ ᠤᠬᠠᠭᠤᠯᠤᠨ ᠲᠦᠭᠡᠮᠡᠯᠵᠢᠭᠦᠯᠬᠦ ᠠᠵᠢᠯ ᠢ ᠭᠦᠨᠵᠡᠭᠡᠶ ᠦᠷᠨᠢᠭᠦᠯᠦᠨ᠎ᠡ᠃ ᠨᠢᠭᠤᠴᠠ ᠲᠡᠮᠳᠡᠭ ᠤᠨ ᠬᠠᠤᠯᠢ ᠶᠢᠨ ᠱᠠᠭᠠᠷᠳᠠᠯᠭ᠎ᠠ ᠶᠢ ᠲᠤᠭᠤᠰᠢᠯᠠᠭᠤᠯᠵᠤ᠂ ᠨᠢᠭᠤᠴᠠ ᠲᠡᠮᠳᠡᠭ ᠤᠨ ᠠᠮᠤᠷ ᠲᠦᠪᠰᠢᠨ ᠤ ᠬᠥᠮᠦᠵᠢᠯ ᠢ ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮ ᠪᠠ ᠠᠯᠪᠠᠲᠠᠨ ᠤ ᠰᠤᠷᠭᠠᠨ ᠬᠥᠮᠦᠵᠢᠯ ᠪᠣᠯᠪᠠᠰᠤᠷᠠᠯ ᠤᠨ ᠰᠢᠰᠲ᠋ᠧᠮ ᠳᠤ ᠣᠷᠣᠭᠤᠯᠵᠤ᠂ ︽ᠪᠦᠬᠦ ᠠᠷᠠᠳ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾᠂ ︽ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ  ᠶᠢᠨ ᠭᠠᠷᠠᠭ︾ ᠵᠡᠷᠭᠡ ᠲᠠᠪᠴᠠᠩ ᠢ ᠭᠦᠢᠴᠡᠳ ᠠᠰᠢᠭᠯᠠᠵᠤ᠂ ᠨᠢᠭᠤᠴᠠ ᠲᠡᠮᠳᠡᠭ ᠤᠨ ᠬᠠᠤᠯᠢ ᠶᠢ ᠤᠬᠠᠭᠤᠯᠤᠨ ᠲᠦᠭᠡᠮᠡᠯᠵᠢᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠢᠭᠤᠴᠠ ᠲᠡᠮᠳᠡᠭ ᠢ ᠨᠡᠶᠢᠭᠡᠮ ᠳᠤ ᠣᠷᠤᠭᠤᠯᠬᠤ᠂ ᠬᠢᠴᠢᠶᠡᠯ ᠤᠨ ᠲᠠᠩᠬᠢᠮ ᠳᠤ ᠣᠷᠣᠭᠤᠯᠬᠤ᠂ ᠵᠢᠭᠠᠬᠤ ᠮᠠᠲ᠋ᠧᠷᠢᠶᠠᠯ ᠳᠤ ᠣᠷᠣᠭᠤᠯᠬᠤ᠂ ᠲᠣᠤᠷ ᠰᠦᠯᠵᠢᠶᠡᠨ ᠳᠤ ᠣᠷᠣᠭᠤᠯᠬᠤ ᠶᠢ ᠠᠬᠢᠭᠤᠯᠵᠤ᠂ ᠨᠡᠶᠢᠭᠡᠮ ᠳᠠᠶᠠᠭᠠᠷ ᠲᠤ ︽ᠨᠢᠭᠤᠴᠠ ᠲᠡᠮᠳᠡᠭ ᠢ ᠮᠡᠳᠡᠬᠦ᠂ ᠨᠢᠭᠤᠴᠠ ᠲᠡᠮᠳᠡᠭ ᠢ ᠣᠶᠢᠯᠠᠭᠠᠬᠤ᠂ ᠨᠢᠭᠤᠴᠠ ᠲᠡᠮᠳᠡᠭ ᠢ ᠬᠡᠷᠡᠭᠯᠡᠬᠦ︾ ᠪᠠ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠶᠢᠨ ᠥᠳᠬᠡᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠨ᠎ᠠ ᠃ ᠡᠯ᠎ᠡ ᠱᠠᠲᠤᠨ ᠤ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠨᠢᠭᠤᠴᠠ ᠲᠡᠮᠳᠡᠭ ᠤᠨ ᠠᠵᠢᠯ ᠳᠤ ᠬᠤᠯᠪᠣᠭᠳᠠᠬᠤ ᠪᠠᠶᠢᠭᠤᠯᠭ᠎ᠠ ᠨᠢᠭᠡᠴᠢ ᠨᠢ ᠣᠯᠠᠨ ᠵᠦᠢᠯ ᠤᠨ ᠬᠡᠯᠪᠡᠷᠢ ᠠᠪᠴᠤ᠂ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠢᠶᠠᠨ ᠰᠤᠷᠤᠯᠴᠠᠯᠭ᠎ᠠ᠂ ᠤᠬᠠᠭᠤᠯᠭ᠎ᠠ ᠪᠠ ᠪᠣᠯᠪᠠᠰᠤᠷᠠᠯ ᠤᠨ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠨᠢᠭᠤᠴᠠ ᠲᠡᠮᠳᠡᠭ ᠤᠨ ᠠᠵᠢᠯᠲᠠᠨ ᠳᠤ ᠨᠢᠭᠤᠴᠠ ᠲᠡᠮᠳᠡᠭ ᠤᠨ ᠬᠠᠤᠯᠢ ᠶᠢᠨ ᠡᠯ᠎ᠡ ᠵᠦᠢᠯ ᠤᠨ ᠲᠣᠭᠲᠠᠭᠠᠯ ᠢ ᠭᠦᠨᠵᠡᠭᠡᠶ ᠣᠶᠢᠯᠠᠭᠠᠭᠤᠯᠤᠨ᠂ ᠬᠠᠤᠯᠢ ᠶᠣᠰᠣᠭᠠᠷ ᠨᠢᠭᠤᠴᠠ ᠲᠡᠮᠳᠡᠭ ᠤᠨ ᠠᠵᠢᠯ ᠬᠢᠬᠦ ᠴᠢᠳᠠᠪᠤᠷᠢ ᠪᠠ ᠬᠢᠷᠢ ᠲᠥᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃      ᠬᠤᠶᠠᠳᠤᠭᠠᠷ ᠲᠤ᠂ ᠨᠢᠭᠤᠴᠠ ᠲᠡᠮᠳᠡᠭ ᠤᠨ ᠬᠠᠤᠯᠢ ᠶᠢᠨ ᠡᠯ᠎ᠡ ᠵᠦᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠦᠨ᠎ᠡ᠃ ᠡᠯ᠎ᠡ ᠱᠠᠲᠤᠨ ᠤ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠢᠭᠤᠴᠠ ᠲᠡᠮᠳᠡᠭ ᠤᠨ ᠬᠠᠤᠯᠢ ᠶᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠦᠨᠡᠨ ᠬᠦ ᠰᠠᠶᠢᠲᠤᠷ ᠠᠳᠬᠤᠵᠤ᠂ ᠡᠨᠡ ᠬᠦ ᠬᠠᠤᠯᠢ ᠴᠠᠭᠠᠵᠠ ᠶᠢ ᠰᠠᠶᠢᠲᠤᠷ ᠬᠡᠷᠡᠭᠵᠢᠭᠦᠯᠬᠦ ᠶᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠰᠢᠨ᠎ᠡ ᠴᠠᠭ ᠦᠶ᠎ᠡ ᠶᠢᠨ ᠨᠢᠭᠤᠴᠠ ᠲᠡᠮᠳᠡᠭ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢᠨ ᠴᠢᠬᠤᠯᠠ ᠭᠠᠷᠳᠠᠴᠠ ᠪᠣᠯᠭᠠᠬᠤ ᠬᠡᠷᠡᠭᠲᠡᠶ᠃ ᠤᠯᠤᠰ᠂ ᠮᠣᠵᠢ᠂ ᠬᠤᠲᠠ᠂ ᠰᠢᠶᠠᠨ ᠳᠥᠷᠪᠡᠨ ᠱᠠᠲᠤᠨ ᠤ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠵᠠᠰᠠᠭ ᠵᠠᠬᠢᠷᠭᠠᠨ ᠤ ᠭᠤᠣᠯ ᠴᠣᠭᠴᠠ ᠶᠢᠨ ᠪᠠᠶᠢᠷᠢ ᠰᠠᠭᠤᠷᠢ ᠶᠢ ᠬᠠᠤᠯᠢ ᠶᠣᠰᠣᠭᠠᠷ ᠲᠣᠭᠲᠠᠭᠠᠵᠤ᠂ ᠨᠢᠭᠤᠴᠠ ᠲᠡᠮᠳᠡᠭ ᠤᠨ ᠬᠠᠤᠯᠢ ᠠᠴᠠ ᠣᠯᠭᠤᠭᠰᠠᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠬᠢ ᠶᠢ ᠪᠦᠬᠦ ᠲᠠᠯ᠎ᠠ ᠪᠠᠷ ᠭᠦᠢᠴᠡᠳᠬᠡᠵᠦ᠂ ᠬᠠᠮᠢᠶᠠᠷᠤᠯᠲᠠ ᠶᠢᠨ ᠡᠭᠦᠷᠭᠡ ᠴᠢᠳᠠᠪᠬᠢ ᠶᠢ ᠬᠤᠪᠢᠷᠠᠭᠤᠯᠬᠤ ᠪᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠲᠦᠷᠭᠡᠳᠬᠡᠨ ᠠᠬᠢᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠦᠯᠵᠢᠶᠡᠨ ᠤ ᠮᠡᠳᠡᠭᠡ ᠵᠠᠩᠭᠢ᠂ ᠬᠤᠳᠠᠯᠳᠤᠭᠠᠨ ᠤ ᠶᠠᠪᠤᠳᠠᠯ᠂ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠵᠤ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠨᠢᠭᠤᠴᠠ ᠲᠡᠮᠳᠡᠭ ᠤᠨ ᠬᠠᠮᠢᠶᠠᠷᠤᠯᠲᠠ ᠪᠠ ᠪᠠᠲᠤᠯᠠᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠨᠢᠭᠤᠴᠠ ᠲᠡᠮᠳᠡᠭ ᠤᠨ ᠬᠠᠤᠯᠢ ᠶᠢᠨ ᠡᠯ᠎ᠡ ᠵᠦᠢᠯ ᠤᠨ ᠲᠦᠷᠢᠮ᠂ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠭᠤᠷᠪᠠᠳᠤᠭᠠᠷ ᠲᠤ᠂ ᠨᠢᠭᠤᠴᠠ ᠲᠡᠮᠳᠡᠭ ᠤᠨ ᠬᠠᠤᠯᠢ ᠶᠢᠨ ᠢᠵᠢ ᠪᠦᠷᠢᠳᠦᠭᠦᠯᠬᠦ ᠲᠦᠷᠢᠮ ᠢ ᠱᠠᠯᠠᠪᠳᠠᠨ ᠲᠡᠭᠦᠯᠳᠡᠷᠵᠢᠭᠦᠯᠦᠨ᠎ᠡ᠃ ᠤᠯᠤᠰ ᠤᠨ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠲᠣᠪᠴᠢᠶ᠎ᠠ ᠨᠢ ᠨᠢᠭᠤᠴᠠ ᠲᠡᠮᠳᠡᠭ ᠤᠨ ᠬᠠᠤᠯᠢ ᠶᠢᠨ ᠨᠡᠶᠢᠲᠡᠯᠡᠭᠰᠡᠨ ᠲᠣᠬᠢᠶᠠᠯ ᠢ ᠴᠢᠩᠭ᠎ᠠ ᠠᠳᠬᠤᠵᠤ᠂ ᠨᠢᠭᠤᠴᠠ ᠲᠡᠮᠳᠡᠭ ᠤᠨ ᠬᠠᠤᠯᠢ ᠴᠠᠭᠠᠵᠠ ᠶᠢᠨ ᠳᠦᠷᠢᠮ ᠤᠨ ᠦᠵᠦ ᠵᠢᠷᠤᠭ ᠲᠥᠯᠥᠪᠯᠡᠭᠡ ᠪᠣᠯᠤᠨ ᠪᠦᠬᠦᠯᠢ ᠴᠣᠭᠴᠠ ᠶᠢᠨ ᠲᠦᠯᠦᠪᠵᠢᠭᠦᠯᠭᠡ ᠶᠢ ᠴᠢᠩᠭᠠᠳᠬᠠᠵᠤ᠂ ︽ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠳᠦᠷᠢᠮ︾ ᠵᠡᠷᠭᠡ ᠢᠵᠢ ᠪᠦᠷᠢᠳᠦᠭᠰᠡᠨ ᠬᠠᠤᠯᠢ ᠲᠣᠭᠲᠠᠭᠠᠯ ᠳᠦᠷᠢᠮ ᠢ ᠲᠣᠭᠲᠠᠭᠠᠬᠤ᠂ ᠵᠠᠰᠠᠪᠤᠷᠢ ᠣᠷᠣᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠨᠢᠭᠤᠴᠠ ᠲᠡᠮᠳᠡᠭ ᠤᠨ ᠬᠠᠤᠯᠢ ᠲᠣᠭᠲᠠᠭᠠᠯ᠂ ᠳᠦᠷᠢᠮ ᠨᠢ ᠨᠢᠭᠤᠴᠠ ᠲᠡᠮᠳᠡᠭ ᠤᠨ ᠬᠠᠤᠯᠢ ᠳᠤ ᠲᠣᠭᠲᠠᠭᠠᠭᠰᠠᠨ ᠬᠠᠤᠯᠢ ᠲᠣᠭᠲᠠᠭᠠᠬᠤ ᠵᠠᠷᠴᠢᠮ ᠪᠠ ᠦᠨᠳᠦᠰᠦᠨ ᠳᠦᠷᠢᠮ ᠳᠤ ᠨᠡᠶᠢᠴᠡᠬᠦ ᠶᠢ ᠦᠨᠡᠨ ᠬᠦ ᠪᠠᠲᠤᠯᠠᠵᠤ᠂ ᠨᠢᠭᠤᠴᠠ ᠲᠡᠮᠳᠡᠭ ᠤᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠲᠠᠢ ᠬᠠᠷᠢᠯᠴᠠᠨ ᠵᠣᠬᠢᠴᠠᠯᠳᠤᠬᠤ ᠪᠠ ᠵᠣᠯᠭᠠᠭᠤᠯᠬᠤ ᠬᠡᠷᠡᠭᠲᠡᠶ᠃ ᠣᠷᠣᠨ ᠨᠤᠲᠤᠭ ᠤᠨ ᠡᠯ᠎ᠡ ᠱᠠᠲᠤᠨ ᠤ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠮᠦᠨ ᠨᠢᠭᠤᠴᠠ ᠲᠡᠮᠳᠡᠭ ᠤᠨ ᠬᠠᠤᠯᠢ ᠶᠢ ᠦᠨᠳᠦᠰᠦᠯᠡᠨ᠂ ᠲᠤᠰ ᠭᠠᠵᠠᠷ ᠣᠷᠣᠨ ᠤ ᠪᠠᠨ ᠨᠡᠶᠢᠲᠡᠯᠡᠭᠰᠡᠨ ᠨᠢᠭᠤᠴᠠ ᠲᠡᠮᠳᠡᠭ ᠤᠨ ᠬᠠᠤᠯᠢ ᠲᠣᠭᠲᠠᠭᠠᠯ᠂ ᠳᠦᠷᠢᠮ ᠢ ᠴᠠᠭ ᠲᠤᠬᠠᠶ ᠳᠤ ᠨᠢ ᠲᠢᠭᠯᠡᠬᠦ ᠪᠠ ᠲᠣᠭᠲᠠᠭᠠᠵᠤ᠂ ᠲᠤᠰ ᠭᠠᠵᠠᠷ ᠣᠷᠣᠨ ᠤ ᠪᠠᠨ ᠨᠢᠭᠤᠴᠠ ᠲᠡᠮᠳᠡᠭ ᠤᠨ ᠠᠵᠢᠯ ᠤᠨ ᠳᠦᠷᠢᠮᠵᠢᠯᠲᠡ᠂ ᠵᠢᠷᠤᠮᠵᠢᠯᠲᠠ ᠢ ᠲᠠᠰᠤᠷᠠᠯᠲᠠ ᠤᠢᠭᠡᠢ ᠲᠦᠯᠬᠢᠨ ᠠᠬᠢᠭᠤᠯᠬᠤ ᠬᠡᠷᠡᠭᠲᠡᠶ᠃      ᠰᠢᠨ᠎ᠡ ᠴᠠᠭ ᠦᠶ᠎ᠡ ᠶᠢᠨ ᠨᠢᠭᠤᠴᠠ ᠲᠡᠮᠳᠡᠭ ᠤᠨ ᠠᠵᠢᠯ ᠢ ᠰᠠᠶᠢᠲᠤᠷ ᠬᠢᠬᠦ ᠳᠤ᠂ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠦᠩᠭᠡ ᠭᠡᠷᠡᠯᠲᠡᠢ ᠶᠤᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠭ ᠰᠠᠨᠠᠭ᠎ᠠ  ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠠᠴᠠ ᠨᠢᠭᠤᠴᠠ ᠲᠡᠮᠳᠡᠭ ᠢ ᠬᠠᠮᠢᠶᠠᠷᠬᠤ ᠶᠢ ᠭᠤᠶᠢᠪᠢᠰᠢ ᠦᠭᠡᠢ ᠪᠠᠷᠢᠮᠲᠠᠯᠠᠬᠤ᠂ ᠰᠢᠨ᠎ᠡ ᠶᠢ ᠡᠭᠦᠳᠬᠦ ᠬᠥᠭᠵᠢᠯᠲᠡ ᠶᠢ ᠭᠤᠶᠢᠪᠢᠰᠢ ᠦᠭᠡᠢ ᠪᠠᠷᠢᠮᠲᠠᠯᠠᠬᠤ᠂ ᠶᠡᠭᠡ ᠲᠠᠯ᠎ᠠ ᠳᠤ ᠦᠢᠯᠡᠴᠢᠯᠡᠬᠦ ᠶᠢ ᠭᠤᠶᠢᠪᠢᠰᠢ ᠦᠭᠡᠢ ᠪᠠᠷᠢᠮᠲᠠᠯᠠᠵᠤ᠂ ᠨᠢᠭᠤᠴᠠ ᠲᠡᠮᠳᠡᠭ ᠤᠨ ᠬᠠᠤᠯᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠨᠢᠭᠤᠴᠠ ᠲᠡᠮᠳᠡᠭ ᠤᠨ ᠠᠵᠢᠯ ᠢ ᠡᠭᠦᠳᠦᠨ ᠪᠠᠶᠢᠭᠤᠯᠤᠭᠰᠠᠨ 90 ᠵᠢᠯ ᠤᠨ ᠤᠢ ᠶᠢ ᠤᠭᠲᠤᠵᠤ᠂ ᠰᠢᠨ᠎ᠡ ᠴᠠᠭ ᠦᠶ᠎ᠡ ᠶᠢᠨ ᠨᠢᠭᠤᠴᠠ ᠲᠡᠮᠳᠡᠭ ᠤᠨ ᠠᠵᠢᠯ ᠤᠨ ᠰᠢᠨ᠎ᠡ ᠪᠠᠶᠢᠳᠠᠯ ᠢ ᠨᠡᠭᠡᠭᠡᠬᠦ᠂ ᠳᠤᠮᠳᠠᠳᠤ  ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ︕      【ᠬᠤᠯᠪᠣᠭᠳᠠᠯ ᠪᠦᠬᠦᠢ ᠬᠠᠤᠯᠢ ᠴᠠᠭᠠᠵᠠ】 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠤᠴᠠ ᠲᠡᠮᠳᠡᠭ ᠤᠨ ᠬᠠᠤᠯᠢ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号