︽ᠰᠢᠤᠳᠠᠨ ᠤ ᠦᠢᠯᠡᠰ ᠤᠨ ᠢᠯᠡᠭᠡᠨ ᠬᠦᠷᠭᠡᠬᠦ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/11/6
     ᠲᠦᠷᠦᠭᠦᠬᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ 2020 ᠣᠨ ᠤ 1 ᠳ᠋ᠦ᠋ᠭᠡᠷ ᠲᠣᠭᠠᠲᠤ ᠵᠠᠷᠯᠢᠭ ᠢᠶᠠᠷ ︽ᠰᠢᠤᠳᠠᠨ ᠤ ᠦᠢᠯᠡᠰ ᠤᠨ ᠢᠯᠡᠭᠡᠨ ᠬᠦᠷᠭᠡᠬᠦ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠨᠡᠶᠢᠲᠡᠯᠡᠵᠦ᠂ 2020 ᠣᠨ ᠤ 2 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠨᠢᠭᠡᠴᠢ ᠶᠢᠨ ︽ᠠᠷᠭ᠎ᠠ︾  ᠶᠢᠨ ᠠᠭᠤᠯᠭ᠎ᠠ ᠶᠢ ᠨᠠᠩ ᠰᠠᠶᠢᠨ ᠣᠶᠢᠯᠠᠭᠠᠵᠤ᠂ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠤᠰᠠᠳᠠ᠂ ᠳᠣᠤᠷᠠᠬᠢ ᠮᠡᠲᠦ ᠲᠠᠶᠢᠯᠤᠮᠵᠢ ᠬᠢᠪᠡ᠄      ᠨᠢᠭᠡ᠂ ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ      ᠰᠢᠤᠳᠠᠨ ᠤ ᠦᠢᠯᠡᠰ ᠤᠨ ᠢᠯᠡᠭᠡᠨ ᠬᠦᠷᠭᠡᠬᠦ ᠠᠮᠤᠷ ᠲᠦᠪᠰᠢᠨ ᠨᠢ ᠤᠯᠤᠰ ᠤᠨ ᠠᠮᠤᠷ ᠲᠦᠪᠰᠢᠨ᠂ ᠣᠯᠠᠨ ᠨᠡᠶᠢᠲᠡ ᠶᠢᠨ ᠠᠮᠤᠷ ᠲᠦᠪᠰᠢᠨ ᠵᠢᠴᠢ ᠣᠯᠠᠨ ᠲᠦᠮᠡᠨ ᠤ ᠮᠡᠳᠡᠭᠡ ᠵᠠᠩᠭᠢ ᠬᠢᠭᠡᠳ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠤᠭᠳᠠᠳᠠᠭ᠃ ᠣᠶᠢᠷ᠎ᠠ ᠶᠢᠨ ᠵᠢᠯ ᠳᠤ᠂ ᠰᠢᠤᠳᠠᠨ ᠤ ᠦᠢᠯᠡᠰ ᠲᠤ ᠲᠤᠯᠭᠠᠷᠠᠵᠤ ᠪᠠᠶᠢᠭ᠎ᠠ ᠠᠮᠤᠷ ᠲᠦᠪᠰᠢᠨ ᠤ ᠠᠶᠤᠯ ᠲᠦᠭᠰᠢᠭᠦᠷᠢ ᠢᠯᠡᠳᠲᠡ ᠨᠡᠮᠡᠭᠳᠡᠵᠦ᠂ ᠬᠠᠤᠯᠢ ᠶᠢ ᠵᠦᠷᠢᠴᠡᠭᠰᠡᠳ ᠨᠢ ᠢᠯᠡᠬᠡᠨ ᠬᠦᠷᠭᠡᠬᠦ ᠠᠷᠭ᠎ᠠ ᠵᠠᠮ ᠢ ᠠᠰᠢᠭᠯᠠᠵᠤ ᠴᠠᠭᠠᠵᠠ ᠠᠴᠠ ᠵᠦᠷᠢᠴᠡᠭᠰᠡᠨ ᠶᠠᠭᠤᠮ᠎ᠠ ᠳᠠᠮᠵᠢᠭᠤᠯᠤᠨ᠂ ᠠᠵᠤ ᠠᠬᠤᠶᠢᠯᠠᠯ ᠤᠨ ᠬᠡᠷᠡᠭᠯᠡᠭᠴᠢ ᠶᠢᠨ ᠮᠡᠳᠡᠭᠡ ᠵᠠᠩᠭᠢ ᠶᠢ ᠵᠠᠳᠠᠷᠠᠭᠤᠯᠤᠭᠰᠠᠨ ᠬᠡᠷᠡᠭ ᠭᠠᠷᠴᠤ ᠥᠩᠭᠡᠷᠡᠪᠡ᠃ ᠬᠢᠷᠢ ᠲᠡᠩᠴᠡᠭᠦ ᠥᠬᠡᠶ ᠪᠣᠭᠤᠳᠠᠯ ᠤᠨ ᠮᠠᠲ᠋ᠧᠷᠢᠶᠠᠯ ᠤᠨ ᠬᠡᠷᠡᠭᠯᠡᠯᠲᠡ ᠨᠢ ᠬᠥᠮᠦᠨ ᠤ ᠪᠡᠶ᠎ᠡ ᠶᠢᠨ ᠡᠷᠡᠭᠦᠯ ᠮᠡᠨᠳᠦ ᠶᠢ ᠬᠤᠬᠢᠷᠠᠭᠤᠯᠵᠤ ᠮᠡᠳᠡᠬᠦ  ᠨᠢ ᠰᠢᠨ᠎ᠡ ᠠᠮᠤᠷ ᠲᠦᠪᠰᠢᠨ ᠤ ᠳᠠᠯᠳᠠ ᠬᠡᠮ ᠢ ᠪᠣᠶ ᠪᠣᠯᠭᠠᠪᠠ᠃ 2016 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ᠶᠢ ᠬᠡᠷᠡᠭᠵᠢᠭᠦᠯᠵᠦ᠂ ᠠᠳᠠᠯᠢ ᠪᠤᠰᠤ ᠲᠠᠯ᠎ᠠ ᠠᠴᠠ ᠰᠢᠤᠳᠠᠨ ᠤ ᠦᠢᠯᠡᠰ ᠤᠨ ᠢᠯᠡᠭᠡᠨ ᠬᠦᠷᠭᠡᠬᠦ ᠠᠮᠤᠷ ᠲᠦᠪᠰᠢᠨ  ᠳᠤ ᠰᠢᠨ᠎ᠡ ᠲᠦᠷᠢᠮ ᠤᠨ ᠲᠣᠬᠢᠷᠠᠭᠤᠯᠤᠯᠲᠠ ᠬᠢᠪᠠ᠃ 2018 ᠣᠨ ᠤ 5 ᠳ᠋ᠤᠭᠠᠷ ᠰᠠᠷ᠎ᠠ ᠳᠤ᠂ ︽ᠲᠦᠷᠭᠡᠨ ᠬᠦᠷᠭᠡᠯᠲᠡ ᠶᠢᠨ ᠲᠦᠷ ᠬᠡᠷᠡᠭᠵᠢᠭᠦᠯᠬᠦ ᠲᠦᠷᠢᠮ︾ ᠢ ᠬᠦᠴᠦᠨ ᠲᠠᠢ ᠪᠣᠯᠭᠠᠨ ᠬᠡᠷᠡᠭᠵᠢᠭᠦᠯᠵᠦ᠂ ᠰᠢᠨ᠎ᠡ ᠠᠮᠤᠷ ᠲᠦᠪᠰᠢᠨ ᠤ ᠣᠶᠢᠯᠠᠭᠠᠭᠳᠠᠬᠤᠨ ᠢ ᠲᠠᠲᠠᠨ ᠣᠷᠤᠭᠤᠯᠵᠤ᠂ ᠲᠦᠷᠭᠡᠨ ᠬᠦᠷᠭᠡᠬᠦ ᠦᠢᠯᠡᠰ ᠤᠨ ᠠᠮᠤᠷ ᠲᠥᠪᠰᠢᠨ ᠢ ᠰᠢᠰᠲ᠋ᠧᠮ ᠲᠠᠢ ᠵᠢᠷᠤᠮᠵᠢᠭᠤᠯᠪᠠ᠃ 2019 ᠣᠨ ᠤ 1 ᠳ᠋ᠦ᠋ᠭᠡᠷ ᠰᠠᠷ᠎ᠠ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠤᠯᠢ︾ ᠶᠢ ᠬᠡᠷᠡᠭᠵᠢᠭᠦᠯᠵᠦ᠂ ᠠᠮᠢ ᠠᠬᠤᠶ ᠶᠢᠨ ᠠᠮᠤᠷ ᠲᠦᠪᠰᠢᠨ ᠤ ᠲᠠᠯ᠎ᠠ ᠠᠴᠠ ᠲᠦᠷᠭᠡᠨ ᠬᠦᠷᠭᠡᠯᠲᠡ ᠪᠠᠷᠠᠭᠠᠨ ᠤ ᠭᠦᠢᠯᠭᠡᠭᠡ ᠶᠢᠨ ᠡᠵᠡᠩᠨᠡᠭᠴᠢ ᠳᠤ ᠣᠷᠴᠢᠨ ᠠᠬᠤᠢ ᠶᠢᠨ ᠬᠠᠮᠠᠭᠠᠯᠠᠯ ᠶᠢᠨ ᠱᠠᠭᠠᠷᠳᠠᠯᠭ᠎ᠠ ᠳᠤᠷᠠᠳᠪᠠ᠃ 2011 ᠣᠨ ᠤ 1 ᠳ᠋ᠦ᠋ᠭᠡᠷ ᠰᠠᠷ᠎ᠠ ᠶᠢᠨ 4 ᠤ ᠡᠳᠦᠷ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠨᠡᠶᠢᠲᠡᠯᠡᠭᠰᠡᠨ ︽ᠰᠢᠤᠳᠠᠨ ᠤ ᠠᠵᠢᠯ ᠲᠥᠷᠥᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ᠨᠢ ᠣᠳᠣᠬᠠᠨ ᠤ ᠰᠢᠤᠳᠠᠨ ᠤ ᠦᠢᠯᠡᠰ ᠤᠨ ᠢᠯᠡᠭᠡᠨ ᠬᠦᠷᠭᠡᠬᠦ ᠠᠮᠤᠷ ᠲᠦᠪᠰᠢᠨ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠳᠤ ᠨᠢᠭᠡᠨᠲᠡ ᠵᠣᠬᠢᠴᠠᠬᠤ ᠦᠭᠡᠶ ᠪᠣᠯᠵᠤ᠂ ᠳᠡᠭᠡᠳᠦ ᠪᠠᠶᠢᠷᠢ ᠶᠢᠨ ᠬᠠᠤᠯᠢ ᠪᠣᠯᠤᠨ ᠲᠥᠪ ᠤᠨ ᠪᠠᠶᠢᠷᠢᠯᠠᠭᠤᠯᠤᠯᠲᠠ ᠶᠢ ᠦᠨᠳᠦᠰᠦᠯᠡᠵᠦ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢᠨ ᠲᠣᠭᠤᠷᠢᠨ ᠳᠤ ᠪᠥᠬᠦ ᠲᠠᠯ᠎ᠠ ᠪᠠᠷ ᠵᠠᠰᠠᠪᠤᠷᠢ ᠣᠷᠤᠭᠤᠯᠵᠤ᠂ ᠰᠢᠤᠳᠠᠨ ᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠨᠠᠩ ᠬᠦᠴᠦᠲᠡᠶ ᠲᠦᠷᠢᠮ ᠲᠣᠭᠲᠠᠭᠠᠯ ᠤᠨ ᠪᠠᠲᠤᠯᠠᠭ᠎ᠠ ᠬᠠᠩᠭᠠᠬᠤ ᠬᠡᠷᠡᠭᠲᠡᠢ᠃      ᠬᠤᠶᠠᠷ᠂ ᠵᠠᠰᠠᠪᠤᠷᠢ ᠣᠷᠣᠭᠤᠯᠬᠤ ᠰᠡᠳᠬᠢᠮᠵᠢ      ᠤᠯᠤᠰ ᠠᠴᠠ ᠶᠡᠷᠦᠩᠬᠡᠶ ᠴᠣᠭᠴᠠ ᠶᠢᠨ ᠠᠮᠤᠷ ᠲᠦᠪᠰᠢᠨ ᠤ ᠦᠵᠡᠯᠲᠡ ᠶᠢᠨ ᠳᠣᠣᠷ᠎ᠠ ᠰᠢᠤᠳᠠᠨ ᠤ ᠦᠢᠯᠡᠰ ᠤᠨ ᠢᠯᠡᠭᠡᠨ ᠬᠦᠷᠭᠡᠬᠦ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠲᠣᠭᠲᠠᠭᠠᠵᠤ᠂ ︽ᠠᠷᠭ᠎ᠠ︾ ᠪᠣᠯᠤᠨ ᠰᠢᠦᠳᠠᠨ ᠦᠢᠯᠡᠰ ᠤᠨ ᠪᠤᠰᠤᠳ ᠬᠠᠤᠯᠢ ᠲᠣᠭᠲᠠᠭᠠᠯᠲᠠ ᠶᠢᠨ ᠬᠠᠷᠢᠴᠠᠭ᠎ᠠ ᠶᠢ ᠰᠢᠯᠤᠭᠤᠳᠬᠠᠵᠤ᠂ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠷᠭ᠎ᠠ︾ ᠳᠠᠬᠢ ᠢᠯᠡᠭᠡᠨ ᠬᠦᠷᠭᠡᠬᠦ ᠠᠮᠤᠷ ᠲᠥᠪᠰᠢᠨ ᠲᠠᠢ ᠬᠤᠯᠪᠤᠭᠳᠠᠬᠤ ᠴᠢᠨᠠᠷ ᠢᠶᠠᠷ ᠴᠢᠩᠭ᠎ᠠ ᠪᠤᠰᠤ ᠵᠦᠢᠯ ᠵᠤᠷᠪᠤᠰ ᠢ ᠰᠠᠯᠭᠠᠵᠤ᠂ ᠰᠢᠨᠵᠢᠯᠡᠬᠦ ᠤᠬᠠᠭᠠᠨᠴᠢ ᠪᠠᠷ ᠵᠠᠰᠠᠬᠤ ᠠᠷᠭ᠎ᠠ ᠪᠠᠷᠢᠯ ᠢ ᠣᠷᠣᠭᠤᠯᠤᠨ ᠠᠪᠴᠢᠷᠠᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃      ᠭᠤᠷᠪᠠ᠂ ᠵᠠᠰᠠᠪᠤᠷᠢ ᠣᠷᠣᠭᠤᠯᠤᠭᠰᠠᠨ ᠠᠭᠤᠯᠭ᠎ᠠ      ︽ᠠᠷᠭ᠎ᠠ︾ ᠳᠤ ᠤᠤᠯ ᠤᠨ ︽ᠬᠤᠪᠢᠶᠠᠷᠢ ᠪᠦᠯᠦᠭ︾ ᠤᠨ ᠪᠦᠲᠦᠴᠡ ᠶᠢ ᠬᠦᠴᠦᠨ ᠦᠭᠡᠢ ᠪᠣᠯᠭᠠᠵᠤ᠂ ᠬᠡᠯᠪᠡᠷᠢ ᠪᠠᠶᠢᠳᠠᠯ ᠨᠢ ᠨᠡᠩ ᠲᠣᠪᠴᠢ ᠠᠪᠰᠠᠷᠬᠠᠨ ᠪᠣᠯᠵᠤ᠂ ᠵᠦᠢᠯ ᠵᠤᠷᠪᠤᠰ ᠤᠨ ᠲᠤᠭ᠎ᠠ ᠬᠡᠮᠵᠢᠶ᠎ᠡ ᠶᠢ ᠨᠢ 57 ᠵᠣᠷᠪᠤᠰ ᠠᠴᠠ 43 ᠵᠤᠷᠪᠤᠰ ᠪᠤᠯᠵᠤ ᠴᠣᠮᠬᠠᠳᠬᠠᠪᠠ᠃ ᠭᠤᠤᠯᠳᠠᠭᠤ ᠵᠠᠰᠠᠪᠤᠷᠢ ᠣᠷᠣᠭᠤᠯᠤᠭᠰᠠᠨ ᠠᠭᠤᠯᠭ᠎ᠠ ᠨᠢ᠂ ︽ᠰᠢᠤᠳᠠᠨ ᠤ ᠠᠵᠢᠯ ᠲᠥᠷᠥᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ᠭᠡᠬᠦ ᠨᠡᠷᠡᠶᠢᠳᠦᠯ ᠢ ︽ᠰᠢᠤᠳᠠᠨ ᠤ ᠦᠢᠯᠡᠰ ᠤᠨ ᠢᠯᠡᠭᠡᠨ ᠬᠦᠷᠭᠡᠬᠦ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ᠭᠡᠵᠦ ᠵᠠᠰᠠᠨ᠂ ᠬᠤᠷᠢᠶᠠᠨ ᠢᠯᠡᠭᠡᠬᠦ ᠶᠢ ᠰᠢᠯᠭᠠᠨ ᠦᠵᠡᠬᠦ ᠲᠦᠷᠢᠮ᠂ ᠠᠮᠤᠷ ᠲᠦᠪᠰᠢᠨ ᠤ ᠪᠠᠶᠢᠴᠠᠭᠠᠯᠲᠠ ᠶᠢᠨ ᠲᠦᠷᠢᠮ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠲᠦᠷᠢᠮ᠂ ᠬᠡᠯᠡᠯᠴᠡᠭᠡᠷ ᠲᠣᠭᠲᠠᠭᠰᠠᠨ ᠬᠡᠷᠡᠭᠯᠡᠭᠴᠢ ᠶᠢᠨ ᠬᠠᠮᠢᠶᠠᠷᠤᠯᠲᠠ ᠶᠢᠨ ᠲᠦᠷᠢᠮ᠂ ᠢᠯᠡᠭᠡᠨ ᠬᠦᠷᠭᠡᠬᠦ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠰᠢᠦᠳᠠᠨ ᠤ ᠵᠦᠢᠯ ᠲᠦᠷᠭᠡᠨ ᠬᠦᠷᠭᠡᠬᠦ ᠵᠦᠢᠯ ᠢ ᠢᠯᠡᠭᠡᠨ ᠬᠦᠷᠭᠡᠬᠦ ᠶᠠᠪᠤᠴᠠ ᠳᠠᠬᠢ ᠠᠮᠢ ᠠᠬᠤᠢ ᠶᠢᠨ ᠠᠮᠤᠷ ᠲᠦᠪᠰᠢᠨ ᠤ ᠲᠤᠬᠠᠢ ᠵᠦᠢᠯᠡᠰ ᠢ ᠨᠡᠮᠡᠭᠳᠡᠭᠦᠯᠵᠦ᠂ ᠢᠯᠡᠭᠡᠨ ᠬᠦᠷᠭᠡᠬᠦ ᠠᠮᠤᠷ ᠲᠦᠪᠰᠢᠨ ᠤ ᠨᠢᠭᠡᠳᠦᠯᠲᠡᠶ ᠬᠠᠮᠢᠶᠠᠷᠤᠯᠲᠠ ᠶᠢᠨ ᠳᠦᠷᠢᠮ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠤᠨ ᠳᠦᠷᠢᠮ᠂ ᠢᠯᠡᠬᠡᠨ ᠬᠦᠷᠭᠡᠬᠦ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢᠨ ᠳᠦᠷᠢᠮ ᠪᠠ ᠰᠢᠤᠳᠠᠨ ᠤ ᠦᠢᠯᠡᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠳᠦᠷᠢᠮ ᠢ ᠨᠠᠷᠢᠯᠢᠭᠵᠢᠭᠤᠯᠵᠤ ᠂ ᠰᠢᠤᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢ ᠬᠡᠷᠡᠭᠵᠢᠭᠦᠯᠬᠦ ᠬᠠᠮᠢᠶ᠎ᠠ ᠪᠦᠬᠦᠢ ᠵᠦᠢᠯᠡᠰ ᠢ ᠲᠣᠳᠤᠷᠬᠠᠶᠢᠯᠠᠨ᠂ ᠵᠠᠰᠠᠭ ᠵᠠᠬᠢᠷᠭᠠᠨ ᠤ ᠰᠢᠢᠳᠬᠡᠯ ᠤᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠪᠡ᠃      ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠄ ᠰᠢᠤᠳᠠᠨ ᠤ ᠦᠢᠯᠡᠰ ᠤᠨ ᠢᠯᠡᠭᠡᠨ ᠬᠦᠷᠭᠡᠬᠦ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2020 ᠣᠨ ᠤ 1 ᠳ᠋ᠦ᠋ᠭᠡᠷ ᠲᠣᠭᠠᠲᠤ︶
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠮᠡᠳᠡᠭᠡ ᠵᠠᠩᠭᠢ ᠶᠢᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号