ᠳᠡᠭᠡᠳᠦ ᠬᠤᠷᠳᠤ ᠶᠢᠨ ᠵᠠᠰᠠᠮᠠᠯ ᠵᠠᠮ ᠤᠨ ᠮᠤᠵᠢ ᠶᠢᠨ ᠵᠠᠭᠠᠭ ᠤᠨ ᠰᠦᠢᠳᠬᠡᠯ ᠬᠤᠷᠢᠶᠠᠬᠤ ᠥᠷᠲᠡᠭᠡ ᠶᠢᠨ ᠰᠦᠢᠳᠬᠡᠯ ᠪᠣᠳᠤᠬᠤ ᠠᠷᠭ᠎ᠠ ᠮᠠᠶ᠋ᠢᠭ ᠤᠨ ᠲᠣᠬᠢᠷᠠᠭᠤᠯᠤᠯᠲᠠ ᠶᠢ ᠬᠦᠴᠦᠨ ᠥᠬᠡᠶ ᠪᠣᠯᠭᠠᠬᠤ ᠲᠤᠬᠠᠶ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/11/9
     ᠨᠢᠭᠡ᠂ ᠮᠤᠵᠢ ᠶᠢᠨ ᠵᠠᠭᠠᠭ ᠤᠨ ᠰᠦᠢᠳᠬᠡᠯ ᠬᠤᠷᠢᠶᠠᠬᠤ ᠥᠷᠲᠡᠭᠡ ᠶᠢᠨ ᠰᠦᠢᠳᠬᠡᠯ ᠪᠤᠳᠤᠬᠤ ᠠᠷᠭ᠎ᠠ ᠮᠠᠶ᠋ᠢᠭ ᠤᠨ ᠲᠣᠬᠢᠷᠠᠭᠤᠯᠤᠯᠲᠠ ᠶᠢ ᠬᠦᠴᠦᠨ ᠦᠭᠡᠢ ᠪᠣᠯᠭᠠᠬᠤ ᠶᠢᠨ ᠴᠢᠬᠤᠯᠠ ᠴᠢᠨᠠᠷ᠃       ᠠᠴᠢᠶᠠᠨ ᠤ ᠲᠡᠷᠭᠡ ᠶᠢ ᠲᠡᠷᠭᠡᠨ ᠤ ︵ᠲᠡᠩᠭᠡᠯᠢᠭ︶ ᠬᠡᠯᠪᠡᠷᠢ ᠪᠠᠷ ᠨᠢ ᠰᠦᠢᠳᠬᠡᠯ ᠬᠤᠷᠢᠶᠠᠬᠤ ᠪᠣᠯ ᠣᠯᠠᠨ ᠤᠯᠤᠰ ᠤᠨ ᠲᠥᠭᠡᠮᠡᠯ ᠠᠷᠭ᠎ᠠ ᠪᠣᠯᠤᠨ᠎ᠠ᠃ 2005 ᠣᠨ ᠠᠴᠠ ᠡᠮᠦᠨ᠎ᠡ ᠮᠠᠨ ᠤ ᠤᠯᠤᠰ ᠨᠢ ᠵᠠᠰᠠᠮᠠᠯ ᠵᠠᠮ ᠤᠨ ᠠᠴᠢᠶᠠᠨ ᠤ ᠲᠡᠷᠭᠡ ᠶᠢ ᠲᠡᠷᠭᠡᠨ ᠤ ᠬᠡᠯᠪᠡᠷᠢ ᠪᠠᠷ ᠨᠢ ᠰᠦᠢᠳᠬᠡᠯ ᠬᠤᠷᠢᠶᠠᠬᠤ ᠶᠢ ᠨᠡᠶᠢᠳᠡᠮ ᠬᠡᠷᠡᠭᠵᠢᠭᠦᠯᠵᠦ ᠪᠠᠶᠢᠪᠠ᠃ ᠮᠠᠨ ᠤ ᠤᠯᠤᠰ ᠤᠨ ᠠᠵᠤ ᠠᠬᠤᠶ ᠶᠢᠨ ᠲᠦᠷᠭᠡᠨ ᠬᠥᠭᠵᠢᠯᠲᠡ ᠪᠣᠯᠤᠨ ᠵᠠᠰᠠᠮᠠᠯ ᠵᠠᠮ ᠤᠨ ᠠᠴᠢᠶ᠎ᠠ ᠲᠡᠭᠡᠭᠡᠪᠦᠷᠢ ᠶᠢᠨ ᠬᠡᠮᠵᠢᠶᠡᠨ ᠤ ᠲᠦᠷᠭᠡᠨ ᠨᠡᠮᠡᠭᠳᠡᠬᠦ ᠶᠢ ᠳᠠᠭᠠᠯᠳᠤᠨ᠂ ᠵᠠᠰᠠᠮᠠᠯ ᠵᠠᠮ ᠤᠨ ᠠᠴᠢᠶ᠎ᠠ ᠲᠡᠭᠡᠭᠡᠪᠦᠷᠢ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠠᠰᠠᠭᠤᠳᠠᠯ ᠨᠢ ᠲᠣᠪᠤᠶᠢᠮ᠎ᠠ ᠪᠣᠯᠪᠠ᠃ 2006 ᠣᠨ ᠠᠴᠠ ᠡᠬᠢᠯᠡᠨ᠂ ᠮᠠᠨ ᠤ ᠤᠯᠤᠰ ᠤᠨ ᠣᠯᠠᠩᠬᠢ ᠲᠣᠭᠠᠨ ᠤ ᠮᠤᠵᠢ ᠨᠢ ᠵᠠᠰᠠᠮᠠᠯ ᠵᠠᠮ ᠤᠨ ᠠᠴᠢᠶᠠᠨ ᠤ ᠲᠡᠷᠭᠡ ᠶᠢ ᠲᠡᠷᠭᠡᠨ ᠤ ᠬᠡᠯᠪᠡᠷᠢ ᠪᠠᠷ ᠨᠢ ᠰᠦᠢᠳᠬᠡᠯ ᠬᠤᠷᠢᠶᠠᠬᠤ ᠠᠴᠠ ᠬᠦᠨᠳᠦ ᠶᠢ ᠨᠢ ᠪᠣᠳᠤᠵᠤ ᠰᠦᠢᠳᠬᠡᠯ ᠬᠤᠷᠢᠶᠠᠬᠤ ᠪᠣᠯᠭᠠᠨ ᠲᠣᠬᠢᠷᠠᠭᠤᠯᠵᠤ᠂ ᠠᠵᠤ ᠠᠬᠤᠶ ᠶᠢᠨ ᠠᠷᠭ᠎ᠠ ᠪᠠᠷᠢᠯ ᠢᠶᠠᠷ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠬᠦ ᠶᠢ ᠬᠤᠷᠢᠭᠯᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠵᠠᠰᠠᠮᠠᠯ ᠵᠠᠮ ᠤᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠬᠠᠮᠠᠭᠠᠯᠠᠪᠠ᠃ ᠬᠦᠨᠳᠦ ᠶᠢ ᠨᠢ ᠪᠤᠳᠤᠵᠤ ᠰᠦᠢᠳᠬᠡᠯ ᠬᠤᠷᠢᠶᠠᠬᠤ ᠨᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠳᠤ ᠴᠢᠬᠤᠯᠠ ᠦᠢᠯᠡᠳᠦᠯ ᠦᠵᠡᠭᠦᠯᠪᠡ᠃      ᠮᠠᠨ ᠤ ᠤᠯᠤᠰ ᠤᠨ ᠵᠢᠵᠢᠭ ᠮᠠᠰᠢᠨ ᠲᠡᠷᠭᠡᠨ ᠤ ᠡᠵᠡᠮᠳᠡᠬᠦ ᠬᠡᠮᠵᠢᠶᠡᠨ ᠤ ᠲᠦᠷᠭᠡᠨ ᠨᠡᠮᠡᠭᠳᠡᠬᠦ ᠶᠢ ᠳᠠᠭᠠᠯᠳᠤᠨ ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠮᠤᠵᠢ ᠶᠢᠨ ᠵᠠᠭᠠᠭ ᠤᠨ ᠰᠦᠢᠳᠬᠡᠯ ᠬᠤᠷᠢᠶᠠᠬᠤ ᠥᠷᠲᠡᠭᠡ ᠶᠢᠨ ᠲᠦᠭᠵᠢᠷᠡᠯ ᠨᠢ ᠣᠯᠠᠨ ᠨᠡᠶᠢᠲᠡ ᠶᠢᠨ ᠳᠥᠭᠦᠮ ᠳᠥᠲᠡ ᠭᠠᠳᠠᠭᠰᠢ ᠠᠶᠠᠯᠠᠬᠤ ᠶᠢ ᠨᠥᠯᠥᠭᠡᠯᠡᠬᠦ ᠬᠢᠭᠡᠳ ᠳᠡᠭᠡᠳᠦ ᠬᠤᠷᠳᠤ ᠶᠢᠨ ᠵᠠᠰᠠᠮᠠᠯ ᠵᠠᠮ ᠤᠨ ᠨᠥᠬᠡᠴᠡᠲᠡᠢ ᠬᠥᠭᠵᠢᠯᠲᠡ ᠶᠢ ᠬᠢᠵᠠᠭᠠᠷᠯᠠᠬᠤ ᠲᠣᠪᠤᠶᠢᠮ᠎ᠠ ᠵᠥᠷᠢᠴᠡᠯ ᠪᠣᠯᠪᠠ᠃ ᠡᠨᠡ ᠬᠦ ᠠᠬᠤᠶ ᠪᠠᠶᠢᠳᠠᠯ ᠳᠣᠣᠷ᠎ᠠ᠂ ︽ᠳᠡᠭᠡᠳᠦ ᠬᠤᠷᠳᠤ ᠶᠢᠨ ᠵᠠᠰᠠᠮᠠᠯ ᠵᠠᠮ ᠤᠨ ᠮᠤᠵᠢ ᠶᠢᠨ ᠵᠠᠭᠠᠭ ᠤᠨ ᠰᠦᠢᠳᠬᠡᠯ ᠬᠤᠷᠢᠶᠠᠬᠤ ᠥᠷᠲᠡᠭᠡ ᠶᠢ ᠬᠦᠴᠦᠨ ᠥᠬᠡᠶ ᠪᠣᠯᠭᠠᠵᠤ᠂ ᠲᠡᠷᠭᠡ ᠵᠣᠭᠰᠤᠭᠠᠬᠤ ᠥᠬᠡᠶ ᠪᠠᠷ ᠲᠦᠷᠭᠡᠨ ᠰᠦᠢᠳᠬᠡᠯ ᠬᠤᠷᠢᠶᠠᠬᠤ ᠶᠢ ᠪᠡᠶᠡᠯᠡᠭᠦᠯᠦᠨ᠎ᠡ︾ ᠭᠡᠵᠦ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠳᠤᠷᠠᠳᠪᠠ᠃ ᠠᠴᠢᠶᠠᠨ ᠤ ᠲᠡᠷᠭᠡ ᠳᠤ ᠬᠦᠨᠳᠦ ᠶᠢ ᠨᠢ ᠪᠣᠳᠣᠵᠤ ᠰᠦᠢᠳᠬᠡᠯ ᠬᠤᠷᠢᠶᠠᠬᠤ ᠶᠢ ᠬᠡᠷᠡᠭᠵᠢᠭᠦᠯᠬᠦ ᠨᠢ ᠰᠦᠢᠳᠬᠡᠯ ᠬᠤᠷᠢᠶᠠᠬᠤ ᠥᠷᠲᠡᠭᠡᠨ ᠤ ᠭᠠᠷᠴᠠ ᠳᠤ ᠲᠡᠷᠭᠡ ᠪᠠᠨ ᠵᠣᠭᠰᠤᠭᠠᠵᠤ ᠲᠡᠷᠭᠡᠨ ᠬᠦᠨᠳᠦ ᠪᠠᠨ ᠬᠡᠮᠵᠢᠭᠦᠯᠦᠨ ᠰᠦᠢᠳᠬᠡᠯ ᠲᠤᠰᠢᠶᠠᠭᠰᠠᠨ ᠤ ᠳᠠᠷᠠᠭ᠎ᠠ ᠨᠡᠪᠲᠡᠷᠡᠬᠦ ᠴᠢᠬᠤᠯᠠᠲᠠᠢ᠂ ᠡᠨᠡ ᠨᠢ ᠠᠴᠢᠶᠠᠨ ᠤ ᠲᠡᠷᠭᠡ ᠶᠢᠨ ᠲᠡᠷᠭᠡ ᠨᠡᠪᠲᠡᠷᠡᠬᠦ ᠦᠷ᠎ᠡ ᠪᠦᠲᠦᠮᠵᠢ ᠶᠢ ᠨᠢ ᠪᠠᠭᠤᠷᠠᠭᠤᠯᠵᠤ᠂ ︽ᠲᠡᠷᠭᠡ ᠵᠣᠭᠰᠣᠭᠠᠬᠤ ᠦᠭᠡᠢ ᠪᠠᠷ ᠲᠦᠷᠭᠡᠨ ᠰᠦᠢᠳᠬᠡᠯ ᠬᠤᠷᠢᠶᠠᠬᠤ︾ ᠬᠠᠷᠠᠯᠲᠠ ᠶᠢ ᠪᠡᠶᠡᠯᠡᠭᠦᠯᠬᠦ ᠶᠢ ᠨᠥᠯᠥᠭᠡᠯᠡᠪᠡ᠃ ᠡᠭᠦᠨ ᠤ ᠲᠤᠯᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠭᠠᠵᠠᠷ ᠢ ᠵᠢᠯᠣᠭᠤᠳᠴᠤ᠂ ᠠᠴᠢᠶᠠᠨ ᠤ ᠲᠡᠷᠭᠡ ᠶᠢᠨ ᠰᠦᠢᠳᠬᠡᠯ ᠪᠤᠳᠤᠬᠤ ᠠᠷᠭ᠎ᠠ ᠮᠠᠶ᠋ᠢᠭ ᠢ ᠰᠢᠯᠢᠳᠡᠭᠵᠢᠭᠦᠯᠦᠨ ᠲᠣᠬᠢᠷᠠᠭᠤᠯᠵᠤ᠂ ᠬᠦᠨᠳᠦ ᠶᠢ ᠨᠢ ᠪᠣᠳᠤᠵᠤ ᠰᠦᠢᠳᠬᠡᠯ ᠬᠤᠷᠢᠶᠠᠬᠤ ᠠᠴᠠ ᠲᠡᠷᠭᠡᠨ ᠤ ︵ᠲᠡᠩᠭᠡᠯᠢᠭ︶ ᠬᠡᠯᠪᠡᠷᠢ ᠪᠠᠷ ᠨᠢ ᠰᠦᠢᠳᠬᠡᠯ ᠬᠤᠷᠢᠶᠠᠬᠤ ᠪᠣᠯᠭᠠᠨ ᠨᠢᠭᠡᠳᠦᠯᠲᠡᠢ ᠲᠣᠬᠢᠷᠠᠭᠤᠯᠪᠠ᠃      ᠬᠠᠤᠯᠢ ᠶᠣᠰᠣᠭᠠᠷ ᠠᠴᠢᠶᠠᠯᠠᠭᠰᠠᠨ ᠤ ᠤᠷᠢᠲᠠᠯ ᠳᠣᠣᠷ᠎ᠠ᠂ ᠠᠳᠠᠯᠢ ᠲᠡᠩᠭᠡᠯᠢᠭᠲᠦ ᠪᠠᠷᠠᠭᠠᠨ ᠤ ᠲᠡᠷᠭᠡ ᠨᠢ ᠬᠡᠳᠦᠶ ᠪᠠᠷᠠᠭ᠎ᠠ ᠲᠡᠭᠡᠭᠡᠭᠰᠡᠨ ᠴᠦ᠂ ᠵᠠᠰᠠᠮᠠᠯ ᠵᠠᠮ ᠤᠨ ᠡᠬᠢ ᠪᠠᠶᠠᠯᠢᠭ ᠢ ᠡᠵᠡᠯᠡᠨ ᠬᠡᠷᠡᠭᠯᠡᠬᠦ ᠨᠢ ᠴᠥᠮ ᠠᠳᠠᠯᠢᠬᠠᠨ᠂ ᠨᠢᠭᠡᠳᠦᠯᠲᠡᠶ ᠪᠠᠷᠢᠮᠵᠢᠶ᠎ᠠ ᠪᠠᠷ ᠵᠠᠮ ᠤᠨ ᠰᠦᠢᠳᠬᠡᠯ ᠬᠤᠷᠢᠶᠠᠬᠤ ᠨᠢ ᠰᠢᠨᠵᠢᠯᠡᠬᠦ ᠤᠬᠠᠭᠠᠨᠴᠢ ᠴᠢᠨᠠᠷᠲᠠᠢ᠂ ᠡᠷᠬᠡ ᠲᠡᠭᠰᠢ ᠴᠢᠨᠠᠷᠲᠠᠢ᠂ ᠵᠦᠶ ᠵᠣᠬᠢᠰᠲᠤ ᠴᠢᠨᠠᠷᠲᠠᠢ ᠪᠠᠶᠢᠳᠠᠭ᠃ ᠲᠡᠷᠭᠡᠨ ᠤ ︵ᠲᠡᠩᠭᠡᠯᠢᠭ︶ ᠬᠡᠯᠪᠡᠷᠢ ᠪᠠᠷ ᠨᠢ ᠰᠦᠢᠳᠬᠡᠯ ᠬᠤᠷᠢᠶᠠᠵᠤ᠂ ᠬᠦᠨᠳᠦ ᠠᠴᠢᠶᠠᠨ ᠤ ᠲᠡᠷᠭᠡ ᠶᠢ ᠳᠡᠭᠡᠳᠦ ᠬᠤᠷᠳᠤ ᠶᠢᠨ ᠵᠠᠰᠠᠮᠠᠯ ᠵᠠᠮ ᠢᠶᠠᠷ ᠨᠡᠪᠲᠡᠷᠡᠬᠦ ᠶᠢ ᠵᠣᠷᠢᠭᠵᠢᠭᠤᠯᠬᠤ ᠨᠢ᠂ ᠵᠠᠰᠠᠮᠠᠯ ᠵᠠᠮ ᠤᠨ ᠲᠡᠭᠡᠭᠡᠪᠦᠷᠢ ᠶᠢᠨ ᠪᠣᠳᠠᠲᠤ ᠠᠴᠢᠶᠠᠯᠠᠮᠵᠢ ᠪᠣᠯᠤᠨ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠰᠢᠭᠲᠠᠢ ᠪᠠᠶᠢᠵᠤ᠂ ᠡᠳ᠋ ᠪᠠᠷᠠᠭᠠᠨ ᠤ ᠭᠦᠢᠯᠭᠡᠭᠡᠨ ᠤ ᠦᠢᠯᠡᠰ ᠤᠨ ᠬᠤᠷᠳᠤᠴᠠ ᠪᠠᠨ ᠳᠡᠭᠡᠭᠰᠢᠯᠡᠭᠦᠯᠵᠦ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠤᠨ᠎ᠠ᠃      ᠬᠤᠶᠠᠷ᠂ ᠰᠦᠢᠳᠬᠡᠯ ᠪᠤᠳᠤᠬᠤ ᠠᠷᠭ᠎ᠠ ᠮᠠᠶ᠋ᠢᠭ ᠤᠨ ᠲᠣᠬᠢᠷᠠᠭᠤᠯᠤᠯᠲᠠ ᠨᠢ ᠠᠶᠠᠨᠴᠢᠳ ᠤᠨ ᠲᠡᠷᠭᠡ ᠶᠢᠨ ᠲᠡᠷᠭᠡ ᠨᠡᠪᠲᠡᠷᠡᠬᠦ ᠰᠦᠢᠳᠬᠡᠯ ᠳᠤ ᠦᠵᠡᠭᠦᠯᠬᠦ ᠨᠥᠯᠥᠭᠡ᠃      ᠮᠠᠨ ᠤ ᠣᠷᠣᠨ ᠤ ᠠᠶᠠᠨᠴᠢᠳ ᠤᠨ ᠲᠡᠷᠭᠡᠨ ᠳᠤ ᠠᠪᠴᠤ ᠬᠡᠯᠡᠪᠡᠯ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ ᠮᠥᠨ ᠤᠤᠯ ᠤᠨ ᠪᠠᠷᠢᠮᠵᠢᠶ᠎ᠠ ᠪᠠᠷ ᠬᠡᠷᠡᠭᠵᠢᠭᠦᠯᠵᠦ᠂ ᠭᠡᠬᠦ ᠳᠤ ᠬᠡᠰᠡᠭ ᠠᠶᠠᠨᠴᠢᠳ ᠤᠨ ᠲᠡᠷᠭᠡᠨ ᠤ ᠲᠡᠷᠭᠡᠨ ᠬᠡᠯᠪᠡᠷᠢ ᠶᠢᠨ ᠠᠩᠭᠢᠯᠠᠯ ᠢ ᠨᠢ ᠳᠦᠷᠢᠮᠵᠢᠭᠦᠯᠵᠦ᠂ ᠲᠡᠷᠭᠡᠨ ᠤ ᠤᠷᠲᠤ ᠨᠢ 6 ᠮᠧᠲᠷ ᠠᠴᠠ ᠪᠠᠭ᠎ᠠ 8 ᠰᠠᠭᠤᠳᠠᠯ ᠪᠣᠯᠤᠨ 9 ᠰᠠᠭᠤᠳᠠᠯ ᠤᠨ ᠵᠢᠵᠢᠭ ᠬᠡᠯᠪᠡᠷᠢ ᠶᠢᠨ ᠠᠶᠠᠨᠴᠢᠳ ᠤᠨ ᠲᠡᠷᠭᠡ ᠶᠢ ᠨᠢᠭᠡᠳᠦᠯᠲᠡᠢ ᠪᠠᠷ ᠬᠤᠶᠠᠳᠤᠭᠠᠷ ᠲᠥᠷᠥᠯ ᠠᠴᠠ ᠨᠢᠭᠡᠳᠦᠭᠡᠷ ᠲᠥᠷᠥᠯ ᠪᠣᠯᠭᠠᠨ ᠲᠣᠬᠢᠷᠠᠭᠤᠯᠵᠤ᠂ ᠲᠣᠰ ᠬᠡᠰᠡᠭ ᠤᠨ ᠲᠡᠷᠭᠡ ᠬᠥᠰᠬᠡ ᠶᠢᠨ ᠲᠡᠷᠭᠡ ᠨᠡᠪᠲᠡᠷᠡᠬᠦ ᠰᠦᠢᠳᠬᠡᠯ ᠤᠨ ᠪᠠᠷᠢᠮᠵᠢᠶ᠎ᠠ ᠨᠢ ᠡᠳᠦᠶ ᠲᠡᠳᠦᠶ ᠪᠠᠭᠤᠷᠠᠪᠠ᠃ ᠠᠶᠠᠨᠴᠢᠳ ᠤᠨ ᠲᠡᠷᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ ᠳᠤ ᠬᠤᠪᠢᠷᠠᠯᠲᠠ ᠭᠠᠷᠤᠭᠰᠠᠨ ᠦᠭᠡᠢ᠂ ᠭᠡᠲᠡᠯ᠎ᠡ ᠪᠣᠳᠠᠲᠠᠶ ᠠᠶᠠᠯᠠᠭᠰᠠᠨ ᠵᠠᠮ ᠤᠨ ᠵᠠᠢ ᠪᠠᠷ ᠣᠨᠣᠪᠴᠢᠲᠠᠶ ᠰᠦᠢᠳᠬᠡᠯ ᠬᠤᠷᠢᠶᠠᠬᠤ ᠪᠠᠷ ᠲᠣᠬᠢᠷᠠᠭᠤᠯᠪᠠᠯ᠂ ᠬᠡᠰᠡᠭ ᠠᠶᠠᠨᠴᠢᠳ ᠤᠨ ᠮᠠᠰᠢᠨ ᠲᠡᠷᠭᠡᠨ ᠤ ᠨᠡᠪᠲᠡᠷᠡᠬᠦ ᠰᠦᠢᠳᠬᠡᠯ ᠤᠨ ᠰᠦᠢᠳᠬᠡᠯ ᠲᠤᠰᠢᠶᠠᠬᠤ ᠲᠤᠭ᠎ᠠ ᠳᠤ ᠬᠤᠪᠢᠷᠠᠯᠲᠠ ᠭᠠᠷᠬᠤ ᠪᠣᠯᠤᠨ᠎ᠠ᠃ ᠤᠤᠯ ᠤᠨ ᠰᠦᠢᠳᠬᠡᠯ ᠪᠣᠳᠣᠬᠤ ᠳᠦᠷᠢᠮ ᠨᠢ 5 ᠲᠥᠭᠦᠷᠢᠭ ᠤᠨ ᠡᠬᠢᠯᠡᠭᠦᠯᠬᠦ ᠦᠨ᠎ᠡ᠂ ᠨᠡᠪᠲᠡᠷᠡᠬᠦ ᠰᠦᠢᠳᠬᠡᠯ ᠢ 5 ᠲᠥᠭᠦᠷᠢᠭ ᠢᠶᠠᠷ ᠪᠦᠬᠦᠯᠢ ᠪᠠᠷ ᠬᠤᠷᠢᠶᠠᠵᠤ᠂ ︽ᠭᠤᠷᠪᠠ ᠳᠣᠯᠤᠭ᠎ᠠ ᠪᠠᠷ ᠲᠠᠪᠤ ᠶᠢ ᠬᠢᠵᠦ᠂ ᠬᠤᠶᠠᠷ ᠢ ᠬᠠᠶᠠᠵᠤ ᠨᠠᠢᠮᠠ ᠶᠢ ᠳᠡᠪᠰᠢᠭᠦᠯᠬᠦ︾ ᠶᠢᠨ ᠪᠦᠬᠦᠯᠢ ᠪᠠᠷ ᠠᠪᠬᠤ ᠳᠦᠷᠢᠮ ᠢ ᠬᠡᠷᠡᠭᠵᠢᠭᠦᠯᠦᠨ᠂ ᠨᠡᠪᠲᠡᠷᠡᠬᠦ ᠰᠦᠢᠳᠬᠡᠯ ᠨᠢ ᠪᠦᠷ 5 ᠲᠥᠭᠦᠷᠢᠭ ᠤᠨ ᠳᠠᠬᠢᠨ ᠲᠤᠭ᠎ᠠ ᠪᠣᠯᠣᠨ᠎ᠠ᠃      ᠰᠦᠢᠳᠬᠡᠯ ᠬᠤᠷᠢᠶᠠᠬᠤ ᠰᠢᠨ᠎ᠡ ᠳᠦᠷᠢᠮ ᠨᠢ ᠲᠡᠷᠭᠡ ᠬᠥᠰᠬᠡ ᠨᠡᠪᠲᠡᠷᠡᠬᠦ ᠪᠣᠳᠠᠲᠠᠶ ᠵᠠᠮ ᠢᠶᠠᠷ ᠨᠢ ᠬᠡᠰᠡᠭ ᠬᠤᠪᠢᠶᠠᠨ ᠰᠦᠢᠳᠬᠡᠯ ᠪᠣᠳᠤᠵᠤ᠂ ETC ᠮᠠᠰᠢᠨ ᠲᠡᠷᠭᠡᠨ ᠤ ᠠᠷᠠᠯᠵᠢᠶᠠᠨ ᠤ ᠵᠣᠭᠤᠰ ᠤᠨ ᠲᠤᠭ᠎ᠠ ᠶᠢ ︽ᠳᠥᠷᠪᠡ ᠶᠢ ᠬᠠᠶᠠᠵᠤ ᠲᠠᠪᠤ ᠶᠢ ᠳᠡᠪᠰᠢᠭᠦᠯᠬᠦ︾ ᠳᠦᠷᠢᠮ ᠶᠣᠰᠣᠭᠠᠷ ︽ᠹᠥᠨ︾ ᠬᠦᠷᠲᠡᠯ᠎ᠡ ᠪᠦᠬᠦᠯᠢ ᠪᠠᠷ ᠬᠤᠷᠢᠶᠠᠵᠤ᠂ ᠬᠥᠮᠦᠨ ᠤ ᠬᠦᠴᠦᠨ ᠤ ᠲᠡᠷᠭᠡᠨ ᠵᠠᠮ ᠤᠨ ᠠᠷᠠᠯᠵᠢᠶᠠᠨ ᠤ ᠵᠣᠭᠤᠰ ᠤᠨ ᠲᠤᠭ᠎ᠠ ᠶᠢ ︽ᠳᠥᠷᠪᠡ ᠶᠢ ᠬᠠᠶᠠᠵᠤ ᠲᠠᠪᠤ ᠶᠢ ᠳᠡᠪᠰᠢᠭᠦᠯᠬᠦ︾ ᠳᠦᠷᠢᠮ ᠶᠣᠰᠣᠭᠠᠷ ︽ᠲᠥᠭᠦᠷᠢᠭ︾ ᠬᠦᠷᠲᠡᠯ᠎ᠡ ᠪᠦᠬᠦᠯᠢ ᠪᠠᠷ ᠬᠤᠷᠢᠶᠠᠵᠤ᠂ 5 ᠲᠥᠭᠦᠷᠢᠭ ᠤᠨ ᠡᠬᠢᠯᠡᠭᠦᠯᠬᠦ ᠦᠨ᠎ᠡ ᠶᠢ ᠬᠦᠴᠦᠨ ᠦᠭᠡᠢ ᠪᠣᠯᠭᠠᠪᠠ᠃      ᠪᠡᠭᠡᠵᠢᠩ ᠠᠴᠠ ᠲᠥᠪᠡᠳ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠦᠸᠧᠽᠢ ᠰᠢᠶᠠᠨ ᠠᠴᠠ ᠬᠥᠬᠡᠬᠤᠲᠠ ᠵᠦᠭ ᠬᠦᠷᠬᠦ ᠵᠢᠵᠢᠭ ᠰᠠᠭᠤᠳᠠᠯ ᠤᠨ ᠮᠠᠰᠢᠨ ᠢᠶᠠᠷ ᠵᠢᠱᠢᠶᠡᠯᠡᠪᠡᠯ᠂ ᠵᠦᠸᠧᠽᠢ ᠱᠠᠨ ᠤ ᠣᠷᠤᠴᠠ ᠪᠠᠷ ᠣᠷᠣᠵᠤ᠂ ᠬᠦᠬᠡᠬᠤᠲᠠ ᠶᠢᠨ ᠭᠠᠷᠴᠠ ᠪᠠᠷ ᠭᠠᠷᠪᠠᠯ᠂ ᠨᠡᠶᠢᠲᠡ ᠪᠠᠷᠤᠭ 89 ᠺᠢᠯᠣᠮᠧᠲᠷ ᠪᠠᠶᠢᠵᠤ᠂ ᠥᠩᠭᠡᠷᠡᠭᠡᠭᠰᠡᠨ ᠤ ᠪᠠᠷᠢᠮᠵᠢᠶ᠎ᠠ ᠶᠣᠰᠣᠭᠠᠷ ᠨᠡᠪᠲᠡᠷᠡᠬᠦ ᠰᠦᠢᠳᠬᠡᠯ ᠨᠢ 35 ᠲᠥᠭᠦᠷᠢᠭ᠂ ᠬᠡᠷᠪᠡ ᠨᠠᠷᠢᠯᠢᠭ ᠣᠨᠣᠴᠠᠲᠠᠶ ᠰᠦᠢᠳᠬᠡᠯ ᠬᠤᠷᠢᠶᠠᠬᠤ ᠳᠦᠷᠢᠮ ᠶᠣᠰᠣᠭᠠᠷ᠂ ᠬᠥᠮᠦᠨ ᠤ ᠬᠦᠴᠦ ᠪᠠᠷ ᠨᠡᠪᠲᠡᠷᠡᠬᠦ ᠰᠦᠢᠳᠬᠡᠯ ᠨᠢ 36 ᠲᠥᠭᠦᠷᠢᠭ᠂ ETC ᠪᠠᠷ ᠨᠡᠪᠲᠡᠷᠡᠬᠦ ᠰᠦᠢᠳᠬᠡᠯ ᠨᠢ 35.6 ᠲᠥᠭᠦᠷᠢᠭ ︵ETC ᠨᠤᠭᠤᠯᠵᠤ ᠪᠣᠳᠤᠬᠤ ᠶᠢ ᠪᠠᠭᠲᠠᠭᠠᠭᠰᠠᠨ ᠥᠬᠡᠶ︶᠂ ᠰᠦᠢᠳᠬᠡᠯ ᠲᠤᠰᠢᠶᠠᠬᠤ ᠲᠤᠭ᠎ᠠ ᠨᠢ ᠡᠳᠦᠶ ᠲᠡᠳᠦᠶ ᠨᠡᠮᠡᠭᠳᠡᠪᠡ︔ ᠬᠡᠷᠪᠡ ᠵᠦᠸᠧᠽᠢ ᠱᠠᠨ ᠤ ᠣᠷᠤᠴᠠ ᠪᠠᠷ ᠣᠷᠣᠵᠤ ᠬᠦᠬᠡᠬᠤᠲᠠ ᠶᠢᠨ ᠪᠠᠷᠠᠭᠤᠨ ᠭᠠᠷᠴᠠ ᠪᠠᠷ ᠭᠠᠷᠪᠠᠯ᠂ ᠨᠡᠶᠢᠲᠡ ᠪᠠᠷᠤᠭ 98 ᠺᠢᠯᠣᠮᠧᠲᠷ᠂ ᠥᠩᠭᠡᠷᠡᠭᠡᠭᠰᠡᠨ ᠤ ᠪᠠᠷᠢᠮᠵᠢᠶ᠎ᠠ ᠶᠣᠰᠣᠭᠠᠷ ᠨᠡᠪᠲᠡᠷᠡᠬᠦ ᠰᠦᠢᠳᠬᠡᠯ ᠨᠢ 40 ᠲᠥᠭᠦᠷᠢᠭ᠂ ᠬᠡᠷᠪᠡ ᠨᠠᠷᠢᠯᠢᠭ ᠣᠨᠣᠴᠠᠲᠠᠶ ᠰᠦᠢᠳᠬᠡᠯ ᠬᠤᠷᠢᠶᠠᠬᠤ ᠳᠦᠷᠢᠮ ᠶᠣᠰᠣᠭᠠᠷ᠂ ᠬᠥᠮᠦᠨ ᠤ ᠬᠦᠴᠦ ᠪᠠᠷ ᠨᠡᠪᠲᠡᠷᠡᠬᠦ ᠰᠦᠢᠳᠬᠡᠯ ᠨᠢ 39 ᠲᠥᠭᠦᠷᠢᠭ᠂ ETC ᠪᠠᠷ ᠨᠡᠪᠲᠡᠷᠡᠬᠦ ᠰᠦᠢᠳᠬᠡᠯ ᠨᠢ 39.2 ᠲᠥᠭᠦᠷᠢᠭ ︵ETC ᠨᠤᠭᠤᠯᠵᠤ ᠪᠣᠳᠤᠬᠤ ᠶᠢ ᠪᠠᠭᠲᠠᠭᠠᠭᠰᠠᠨ ᠥᠬᠡᠶ︶᠂ ᠰᠦᠢᠳᠬᠡᠯ ᠲᠤᠰᠢᠶᠠᠬᠤ ᠲᠤᠭ᠎ᠠ ᠨᠢ ᠡᠳᠦᠶ ᠲᠡᠳᠦᠶ ᠪᠠᠭᠤᠷᠠᠪᠠ᠃ ᠤᠤᠯ ᠤᠨ ᠲᠤᠰᠢᠶᠠᠬᠤ ᠶᠣᠰᠣᠲᠠᠶ ᠰᠦᠢᠳᠬᠡᠯ ᠤᠨ ᠲᠤᠭ᠎ᠠ ᠠᠴᠠ ᠴᠦᠮ ᠡᠳᠦᠶ ᠲᠡᠳᠦᠶ ᠬᠤᠪᠢᠷᠠᠯᠲᠠ ᠭᠠᠷᠴᠤ᠂ ᠶᠡᠷᠦᠩᠬᠡᠢ ᠳᠤ ᠨᠢ ᠠᠪᠴᠤ ᠦᠵᠡᠪᠡᠯ᠂ ᠰᠦᠢᠳᠬᠡᠯ ᠲᠤᠰᠢᠶᠠᠬᠤ ᠲᠤᠭ᠎ᠠ ᠨᠢ ᠪᠠᠭᠤᠷᠠᠭᠰᠠᠨ ᠪᠦᠯᠦᠭᠯᠡᠯ ᠨᠢ ᠰᠦᠢᠳᠬᠡᠯ ᠲᠤᠰᠢᠶᠠᠬᠤ ᠲᠤᠭ᠎ᠠ ᠨᠡᠮᠡᠭᠳᠡᠭᠰᠡᠨ ᠪᠦᠯᠦᠭᠯᠡᠯ ᠠᠴᠠ ᠥᠨᠳᠥᠷ ᠪᠠᠶᠢᠪᠠ᠃ ᠪᠣᠳᠠᠲᠠᠶ ᠠᠶᠠᠯᠠᠭᠰᠠᠨ ᠵᠠᠮ ᠤᠨ ᠵᠠᠶ ᠪᠠᠷ ᠣᠨᠣᠪᠴᠢᠲᠠᠶ ᠰᠦᠢᠳᠬᠡᠯ ᠬᠤᠷᠢᠶᠠᠬᠤ ᠨᠢ᠂ ᠢᠯᠡᠭᠦᠦ ᠵᠠᠮ ᠶᠠᠪᠤᠪᠠᠯ ᠢᠯᠡᠭᠦᠦ ᠰᠦᠢᠳᠬᠡᠯ ᠬᠤᠷᠢᠶᠠᠵᠤ᠂ ᠳᠤᠲᠠᠭᠤ ᠵᠠᠮ ᠶᠠᠪᠤᠪᠠᠯ ᠳᠤᠲᠠᠭᠤ ᠰᠦᠢᠳᠬᠡᠯ ᠬᠤᠷᠢᠶᠠᠬᠤ ᠵᠠᠷᠴᠢᠮ ᠢ ᠬᠠᠷᠠᠭᠤᠯᠵᠤ᠂ ᠰᠦᠢᠳᠬᠡᠯ ᠬᠤᠷᠢᠶᠠᠬᠤ ᠨᠢ ᠨᠡᠩ ᠡᠷᠬᠡ ᠲᠡᠭᠰᠢ ᠵᠦᠶ ᠵᠣᠬᠢᠰᠲᠠᠶ ᠪᠣᠯᠪᠠ᠃      ᠭᠤᠷᠪᠠ᠂ ᠰᠦᠢᠳᠬᠡᠯ ᠪᠤᠳᠤᠬᠤ ᠠᠷᠭ᠎ᠠ ᠮᠠᠶ᠋ᠢᠭ ᠤᠨ ᠲᠣᠬᠢᠷᠠᠭᠤᠯᠤᠯᠲᠠ ᠨᠢ ᠠᠴᠢᠶᠠᠨ ᠤ ᠲᠡᠷᠭᠡ ᠶᠢᠨ ᠨᠡᠪᠲᠡᠷᠡᠬᠦ ᠰᠦᠢᠳᠬᠡᠯ ᠳᠤ ᠦᠵᠡᠭᠦᠯᠬᠦ ᠨᠥᠯᠥᠭᠡ᠃       ᠠᠴᠢᠶᠠᠨ ᠤ ᠲᠡᠷᠭᠡ ᠶᠢᠨ ᠰᠦᠢᠳᠬᠡᠯ ᠪᠣᠳᠣᠬᠤ ᠠᠷᠭ᠎ᠠ ᠮᠠᠶ᠋ᠢᠭ ᠲᠤ ᠨᠡᠯᠢᠶᠡᠳ ᠶᠡᠭᠡ ᠬᠤᠪᠢᠷᠠᠯᠲᠠ ᠭᠠᠷᠴᠤ᠂ ᠬᠦᠨᠳᠦ ᠶᠢ ᠨᠢ ᠪᠣᠳᠣᠵᠤ ᠰᠦᠢᠳᠬᠡᠯ ᠬᠤᠷᠢᠶᠠᠬᠤ ᠠᠴᠠ ᠲᠡᠷᠭᠡ ︵ᠲᠡᠩᠭᠡᠯᠢᠭ︶ ᠶᠢᠨ ᠬᠡᠯᠪᠡᠷᠢ ᠪᠠᠷ ᠨᠢ ᠰᠦᠢᠳᠬᠡᠯ ᠬᠤᠷᠢᠶᠠᠬᠤ ᠪᠣᠯᠭᠠᠨ ᠳᠣᠭᠢᠷᠠᠭᠤᠯᠵᠤ᠂ ᠬᠤᠭᠤᠰᠤᠨ ᠲᠡᠷᠭᠡ᠂ ᠬᠦᠨᠳᠦ ᠲᠡᠷᠭᠡᠨ ᠳᠤ ᠰᠦᠢᠳᠬᠡᠯ ᠬᠤᠷᠢᠶᠠᠬᠤ ᠨᠢᠭᠡᠳᠦᠯᠲᠡᠶ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠬᠡᠷᠪᠡ ᠳᠦᠭᠦᠷᠡᠩ ᠠᠴᠢᠶ᠎ᠠ ᠲᠠᠢ ᠲᠡᠷᠭᠡ ᠬᠥᠰᠬᠡ ᠪᠠᠷ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠪᠠᠯ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠥᠪᠡᠷ ᠤᠨ ᠥᠷᠲᠡᠭ ᠢ ᠨᠡᠮᠡᠭᠳᠡᠭᠦᠯᠦᠨ᠎ᠡ︔ ᠬᠡᠷᠪᠡ ᠬᠤᠭᠤᠰᠣᠨ ᠲᠡᠷᠭᠡ ᠪᠠᠷ ᠰᠦᠢᠳᠬᠡᠯ ᠬᠤᠷᠢᠶᠠᠬᠤ ᠪᠠᠷᠢᠮᠵᠢᠶ᠎ᠠ ᠲᠣᠭᠲᠠᠭᠠᠪᠠᠯ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠥᠭᠴᠡᠭᠡ ᠶᠢ ᠬᠤᠷᠴᠠᠳᠬᠠᠵᠤ᠂ ᠵᠠᠰᠠᠮᠠᠯ ᠵᠠᠮ ᠤᠨ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠ ᠪᠣᠳᠠᠲᠤ ᠠᠴᠢᠶᠠᠯᠠᠮᠵᠢ ᠶᠢ ᠨᠢ ᠳᠡᠭᠡᠭᠰᠢᠯᠡᠭᠦᠯᠬᠦ ᠳᠤ ᠠᠰᠢᠭ ᠥᠬᠡᠶ ᠪᠣᠯᠤᠨ᠎ᠠ︔ ᠬᠡᠷᠪᠡ ᠵᠠᠮ ᠤᠨ ᠤᠷᠲᠤ ᠶᠢᠨ ᠲᠤᠤᠬᠠᠶᠢᠯᠠᠬᠤ ᠲᠤᠮᠳᠠᠴᠢ ᠲᠡᠷᠭᠡ ᠠᠴᠢᠶᠠᠨ ᠤ ᠶᠡᠷᠦᠩᠬᠡᠶ ᠶᠠᠰᠤ ᠴᠢᠨᠠᠷ ᠢ ᠦᠨᠳᠦᠰᠦᠯᠡᠨ ᠲᠡᠷᠭᠡᠨ ᠤ ᠬᠡᠯᠪᠡᠷᠢ ᠪᠠᠷ ᠨᠢ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠪᠠᠯ᠂ ᠪᠦᠬᠦ ᠤᠯᠤᠰ  ᠤᠨ ᠳᠤᠮᠳᠠᠴᠢ ᠪᠣᠳᠠᠲᠤ ᠠᠴᠢᠶᠠᠯᠠᠮᠵᠢ ᠶᠢᠨ ᠬᠢᠷᠢ ᠲᠦᠪᠰᠢᠨ ᠲᠠᠢ ᠠᠴᠢᠶᠠᠨ ᠤ ᠲᠡᠷᠭᠡ ᠶᠢ ᠦᠨᠳᠦᠰᠦᠨ ᠳᠤ ᠪᠠᠨ ᠪᠠᠲᠤᠯᠠᠵᠤ᠂ ᠣᠴᠢᠵᠤ ᠢᠷᠡᠬᠦ‍ ᠨᠢᠭᠡ ᠤᠳᠠᠭᠠᠨ ᠤ ᠨᠡᠪᠲᠡᠷᠡᠬᠦ ᠰᠦᠢᠳᠬᠡᠯ ᠲᠤᠰᠢᠶᠠᠬᠤ ᠲᠤᠭ᠎ᠠ ᠨᠢ ᠤᠤᠯ ᠤᠨ ᠬᠦᠨᠳᠦ ᠶᠢ ᠨᠢ ᠪᠣᠳᠤᠵᠤ ᠰᠦᠢᠳᠬᠡᠯ ᠬᠤᠷᠢᠶᠠᠬᠤ ᠲᠠᠢ ᠦᠨᠳᠦᠰᠦᠨ ᠳᠤ ᠪᠠᠨ ᠲᠡᠩᠴᠡᠵᠦ᠂ ᠪᠣᠳᠠᠲᠤ ᠠᠴᠢᠶᠠᠯᠠᠮᠵᠢ  ᠨᠢ ᠳᠣᠤᠷ᠎ᠠ ᠪᠠᠶᠢᠭ᠎ᠠ ᠠᠴᠢᠶᠠᠨ ᠤ ᠲᠡᠷᠭᠡ ᠶᠢᠨ ᠨᠡᠪᠲᠡᠷᠡᠬᠦ ᠰᠦᠢᠳᠬᠡᠯ ᠤᠨ ᠰᠦᠢᠳᠬᠡᠯ ᠲᠤᠰᠢᠶᠠᠬᠤ ᠲᠤᠭ᠎ᠠ ᠨᠢ ᠤᠤᠯ ᠤᠨ ᠬᠦᠨᠳᠦ ᠶᠢ ᠨᠢ ᠪᠣᠳᠤᠵᠤ ᠰᠦᠢᠳᠬᠡᠯ ᠬᠤᠷᠢᠶᠠᠬᠤ ᠠᠴᠠ ᠢᠯᠡᠳᠲᠡ ᠳᠡᠭᠡᠭᠰᠢᠯᠡᠨ᠂ ᠪᠣᠳᠠᠲᠤ ᠠᠴᠢᠶᠠᠯᠠᠮᠵᠢ ᠨᠢ ᠨᠡᠯᠢᠶᠡᠳ ᠥᠨᠳᠥᠷ ᠠᠴᠢᠶᠠᠨ ᠤ ᠲᠡᠷᠭᠡ ᠶᠢᠨ ᠨᠡᠪᠲᠡᠷᠡᠬᠦ ᠰᠦᠢᠳᠬᠡᠯ ᠤᠨ ᠰᠦᠢᠳᠬᠡᠯ ᠲᠤᠰᠢᠶᠠᠬᠤ ᠲᠤᠭ᠎ᠠ ᠶᠢ ᠤᠤᠯ ᠤᠨ ᠬᠦᠨᠳᠦ ᠶᠢ ᠨᠢ ᠪᠣᠳᠤᠵᠤ ᠰᠦᠢᠳᠬᠡᠯ ᠬᠤᠷᠢᠶᠠᠬᠤ ᠠᠴᠠ ᠶᠡᠭᠡ ᠪᠠᠷ ᠪᠠᠭᠤᠷᠠᠭᠤᠯᠪᠠ᠃       ᠠᠴᠢᠶᠠᠨ ᠤ ᠲᠡᠷᠭᠡ ᠶᠢᠨ ᠰᠦᠢᠳᠬᠡᠯ ᠪᠣᠳᠣᠬᠤ ᠠᠷᠭ᠎ᠠ ᠮᠠᠶ᠋ᠢᠭ ᠵᠢᠴᠢ ᠰᠦᠢᠳᠬᠡᠯ ᠬᠤᠷᠢᠶᠠᠬᠤ ᠪᠠᠷᠢᠮᠵᠢᠶ᠎ᠠ ᠶᠢᠨ ᠲᠣᠬᠢᠷᠠᠭᠤᠯᠤᠯᠲᠠ ᠶᠢᠨ ᠲᠣᠭᠲᠠᠭᠤᠨ ᠢᠶᠠᠷ ᠰᠢᠯᠵᠢᠬᠦ ᠶᠢ ᠠᠬᠢᠭᠤᠯᠬᠤ ᠶᠢᠨ ᠲᠤᠰᠠᠳᠠ᠂ ︽ᠰᠦᠢᠳᠬᠡᠯ ᠬᠤᠷᠢᠶᠠᠬᠤ ᠵᠠᠰᠠᠮᠠᠯ ᠵᠠᠮ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠮᠤᠵᠢ ᠶᠢᠨ ᠵᠠᠭᠠᠭ ᠤᠨ ᠰᠦᠢᠳᠬᠡᠯ ᠬᠤᠷᠢᠶᠠᠬᠤ ᠥᠷᠲᠡᠭᠡ ᠶᠢ ᠬᠦᠴᠦᠨ ᠥᠬᠡᠶ ᠪᠣᠯᠭᠠᠬᠤ ᠶᠢ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹ 2019 ︺ 23 ᠳ᠋ᠤᠭᠠᠷ ᠲᠣᠭᠠᠲᠤ︶ ᠢ ᠦᠨᠳᠦᠰᠦᠯᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠶ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠢᠨ ᠢ ᠰᠢᠪᠠᠳᠠᠨ ᠵᠢᠯᠣᠭᠤᠳᠴᠤ ᠪᠠᠶᠢᠭᠠᠳ ᠲᠣᠰ ᠮᠤᠵᠢ ︵ᠣᠷᠣᠨ᠂ ᠬᠤᠲᠠ︶ ᠶᠢᠨ 2018 ᠣᠨ ᠳᠤ ᠵᠠᠮ ᠤᠨ ᠣᠷᠳᠣ ᠶᠢᠨ ᠲᠤᠤᠬᠠᠶᠢᠯᠠᠬᠤ ᠳᠤᠮᠳᠠᠴᠢ ᠲᠡᠷᠭᠡ ᠠᠴᠢᠶᠠᠨ ᠤ ᠶᠡᠷᠦᠩᠬᠡᠶ ᠶᠠᠰᠤ ᠴᠢᠨᠠᠷ ᠢᠶᠠᠷ ᠴᠢᠬᠤᠯᠠ ᠦᠨᠳᠦᠰᠦᠯᠡᠯ ᠪᠣᠯᠭᠠᠵᠤ᠂ ᠨᠡᠪᠲᠡᠷᠡᠬᠦ ᠰᠦᠢᠳᠬᠡᠯ ᠤᠨ ᠰᠦᠢᠳᠬᠡᠯ ᠤᠨ ᠨᠣᠷᠮ᠎ᠠ ᠶᠢ ᠪᠣᠳᠤᠵᠤ᠂ ᠠᠴᠢᠶᠠᠨ ᠤ ᠲᠡᠷᠭᠡ ᠶᠢᠨ ᠲᠡᠷᠭᠡ ᠨᠡᠪᠲᠡᠷᠡᠬᠦ ᠰᠦᠢᠳᠬᠡᠯ  ᠤᠨ ᠶᠡᠷᠦᠩᠬᠡᠶ ᠳᠠᠷᠤᠭᠠᠰᠤ ᠶᠢ ᠨᠡᠮᠡᠭᠳᠡᠭᠦᠯᠬᠦ ᠦᠭᠡᠶ ᠶᠢ ᠦᠨᠡᠨ ᠬᠦ ᠪᠠᠲᠤᠯᠠᠵᠤ᠂ ᠠᠳᠠᠯᠢ ᠨᠢᠭᠡᠨ ᠰᠦᠢᠳᠬᠡᠯ ᠬᠤᠷᠢᠶᠠᠬᠤ ᠲᠡᠷᠭᠡᠨ ᠤ ᠬᠡᠯᠪᠡᠷᠢ ᠶᠢᠨ ᠪᠠᠷᠢᠮᠵᠢᠶᠠᠲᠤ ᠠᠴᠢᠶᠠᠯᠠᠬᠤ ᠪᠠᠶᠢᠳᠠᠯ ᠳᠣᠤᠷᠠᠬᠢ ᠲᠤᠰᠢᠶᠠᠪᠠᠰᠤ ᠵᠣᠬᠢᠬᠤ ᠨᠡᠪᠲᠡᠷᠡᠬᠦ ᠰᠦᠢᠳᠬᠡᠯ ᠤᠨ ᠲᠤᠭ᠎ᠠ ᠶᠢ ᠬᠦᠨᠳᠦ ᠶᠢ ᠨᠢ ᠪᠣᠳᠣᠵᠤ ᠰᠦᠢᠳᠬᠡᠯ ᠬᠤᠷᠢᠶᠠᠬᠤ ᠦᠶ᠎ᠡ ᠶᠢᠨ ᠰᠦᠢᠳᠬᠡᠯ ᠤᠨ ᠲᠤᠭ᠎ᠠ ᠠᠴᠠ ᠶᠡᠭᠡ ᠪᠠᠶᠢᠯᠭᠠᠬᠤ ᠦᠭᠡᠶ ᠶᠢ ᠦᠨᠡᠨ ᠬᠦ ᠪᠠᠲᠤᠯᠠᠬᠤ ᠬᠡᠷᠡᠭᠲᠡᠶ᠃      ᠮᠠᠨ ᠤ ᠣᠷᠣᠨ ᠨᠢ ᠳᠡᠭᠡᠷᠡᠬᠢ ︽ᠬᠤᠶᠠᠷ ᠢ ᠦᠨᠡᠨ ᠬᠦ ᠪᠠᠲᠤᠯᠠᠬᠤ︾ ᠱᠠᠭᠠᠷᠳᠠᠯᠭ᠎ᠠ ᠶᠢ ᠦᠨᠳᠦᠰᠦᠯᠡᠨ᠂ ᠲᠤᠭ᠎ᠠ ᠪᠦᠷᠢᠳᠬᠡᠯ ᠤᠨ ᠳ᠋ᠠᠶᠢᠲ᠋ᠠ ᠳᠤ ᠰᠠᠭᠤᠷᠢᠯᠠᠨ᠂ ᠠᠴᠢᠶᠠᠨ ᠤ ᠲᠡᠷᠭᠡ ᠶᠢᠨ ᠡᠯ᠎ᠡ ᠬᠡᠯᠪᠡᠷᠢ ᠶᠢ ᠪᠣᠳᠣᠬᠤ ᠳᠤ ᠵᠠᠮ ᠤᠨ ᠤᠷᠲᠤ ᠶᠢᠨ ᠬᠡᠮᠵᠢᠶ᠎ᠡ ᠪᠠᠷ ᠲᠡᠭᠰᠢᠳᠬᠡᠭᠰᠡᠨ ᠲᠡᠷᠭᠡ ᠠᠴᠢᠶᠠᠨ ᠤ ᠶᠡᠷᠦᠩᠬᠡᠶ ᠶᠠᠰᠤ ᠴᠢᠨᠠᠷ ᠲᠠᠢ ᠵᠣᠬᠢᠴᠠᠯᠳᠤᠭᠰᠠᠨ ᠬᠦᠨᠳᠦ ᠶᠢ ᠨᠢ ᠪᠣᠳᠣᠵᠤ ᠰᠦᠢᠳᠬᠡᠯ ᠬᠤᠷᠢᠶᠠᠬᠤ ᠪᠠᠷᠢᠮᠵᠢᠶ᠎ᠠ ᠪᠠᠷ ᠲᠠᠮᠵᠢᠨ᠂ ᠲᠡᠷᠡᠴᠢᠯᠡᠨ ᠵᠠᠮ ᠤᠨ ᠰᠦᠯᠵᠢᠶ᠎ᠡ ᠶᠢᠨ ᠵᠠᠭᠪᠤᠷ ᠲᠠᠢ ᠤᠶᠠᠯᠳᠤᠭᠤᠯᠤᠨ᠂ ᠠᠴᠢᠶᠠᠨ ᠤ ᠲᠡᠷᠭᠡ ᠶᠢ ᠲᠤᠰ ᠲᠤᠰ ᠲᠡᠷᠭᠡᠨ ᠤ ᠬᠡᠯᠪᠡᠷᠢ ᠪᠠᠷ ᠨᠢ ᠰᠦᠢᠳᠬᠡᠯ ᠬᠤᠷᠢᠶᠠᠬᠤ ᠪᠠᠷᠢᠮᠵᠢᠶ᠎ᠠ ᠶᠢ ᠪᠣᠶ ᠪᠣᠯᠭᠠᠬᠤ ᠬᠡᠷᠡᠭᠲᠡᠶ᠃      ᠪᠡᠭᠡᠵᠢᠩ ᠠᠴᠠ ᠲᠥᠪᠡᠳ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠦᠸᠧᠽᠢ ᠰᠢᠶᠠᠨ ᠠᠴᠠ ᠬᠥᠬᠡᠬᠤᠲᠠ ᠵᠦᠭ ᠬᠦᠷᠬᠦ 49 ᠲᠣᠨ ᠤ ᠵᠢᠷᠭᠤᠭᠠᠨ ᠲᠡᠩᠭᠡᠯᠢᠭᠲᠦ ᠠᠴᠢᠶᠠᠨ ᠤ ᠲᠡᠷᠭᠡ ᠪᠠᠷ ᠵᠢᠱᠢᠶᠡᠯᠡᠪᠡᠯ᠂ ᠵᠦᠸᠧᠽᠢ ᠱᠠᠨ ᠤ ᠣᠷᠤᠴᠠ ᠪᠠᠷ ᠣᠷᠣᠵᠤ ᠬᠦᠬᠡᠬᠤᠲᠠ ᠶᠢᠨ ᠭᠠᠷᠴᠠ ᠪᠠᠷ ᠭᠠᠷᠪᠠᠯ᠂ ᠨᠡᠶᠢᠲᠡ ᠪᠠᠷᠤᠭ 89 ᠺᠢᠯᠣᠮᠧᠲᠷ ᠪᠠᠶᠢᠵᠤ᠂ ᠥᠩᠭᠡᠷᠡᠭᠡᠭᠰᠡᠨ ᠤ ᠪᠠᠷᠢᠮᠵᠢᠶ᠎ᠠ ᠶᠣᠰᠣᠭᠠᠷ ᠨᠡᠪᠲᠡᠷᠡᠬᠦ ᠰᠦᠢᠳᠬᠡᠯ ᠨᠢ 215 ᠲᠥᠭᠦᠷᠢᠭ᠂ ᠬᠡᠷᠪᠡ ᠨᠠᠷᠢᠯᠢᠭ ᠣᠨᠣᠴᠠᠲᠠᠶ ᠪᠠᠷ ᠰᠦᠢᠳᠬᠡᠯ ᠬᠤᠷᠢᠶᠠᠬᠤ ᠳᠦᠷᠢᠮ ᠶᠣᠰᠣᠭᠠᠷ᠂ ᠬᠥᠮᠦᠨ ᠤ ᠬᠦᠴᠦ ᠪᠠᠷ ᠨᠡᠪᠲᠡᠷᠡᠬᠦ ᠰᠦᠢᠳᠬᠡᠯ ᠨᠢ 214 ᠲᠥᠭᠦᠷᠢᠭ᠂ ETC ᠪᠠᠷ ᠨᠡᠪᠲᠡᠷᠡᠬᠦ ᠰᠦᠢᠳᠬᠡᠯ ᠨᠢ 213.6 ᠲᠥᠭᠦᠷᠢᠭ ︵ETC ᠨᠤᠭᠤᠯᠵᠤ ᠪᠣᠳᠤᠬᠤ ᠢ ᠪᠠᠭᠲᠠᠭᠠᠭᠰᠠᠨ ᠥᠬᠡᠶ︶᠂ ᠰᠦᠢᠳᠬᠡᠯ ᠲᠤᠰᠢᠶᠠᠭᠰᠠᠨ ᠲᠤᠭ᠎ᠠ ᠨᠢ ᠡᠳᠦᠶ ᠲᠡᠳᠦᠶ ᠪᠠᠭᠤᠷᠠᠪᠠ ︔ ᠬᠡᠷᠪᠡ ᠵᠦᠸᠧᠽᠢ ᠱᠠᠨ ᠤ ᠣᠷᠤᠴᠠ ᠪᠠᠷ ᠣᠷᠣᠵᠤ ᠬᠦᠬᠡᠬᠤᠲᠠ ᠶᠢᠨ ᠪᠠᠷᠠᠭᠤᠨ ᠭᠠᠷᠴᠠ ᠪᠠᠷ ᠭᠠᠷᠪᠠᠯ᠂ ᠨᠡᠶᠢᠲᠡ ᠪᠠᠷᠤᠭ 98 ᠺᠢᠯᠣᠮᠧᠲᠷ᠂ ᠥᠩᠭᠡᠷᠡᠭᠡᠭᠰᠡᠨ ᠤ ᠪᠠᠷᠢᠮᠵᠢᠶ᠎ᠠ ᠶᠣᠰᠣᠭᠠᠷ ᠨᠡᠪᠲᠡᠷᠡᠬᠦ ᠰᠦᠢᠳᠬᠡᠯ ᠨᠢ 235 ᠲᠥᠭᠦᠷᠢᠭ᠂ ᠬᠡᠷᠪᠡ ᠨᠠᠷᠢᠯᠢᠭ ᠣᠨᠣᠴᠠᠲᠠᠶ ᠪᠠᠷ ᠰᠦᠢᠳᠬᠡᠯ ᠬᠤᠷᠢᠶᠠᠬᠤ ᠳᠦᠷᠢᠮ ᠶᠣᠰᠣᠭᠠᠷ᠂ ᠬᠥᠮᠦᠨ ᠤ ᠬᠦᠴᠦ ᠪᠠᠷ ᠬᠤᠷᠢᠶᠠᠬᠤ ᠰᠦᠢᠳᠬᠡᠯ ᠨᠢ 235 ᠲᠥᠭᠦᠷᠢᠭ᠂ ETC ᠪᠠᠷ ᠨᠡᠪᠲᠡᠷᠡᠬᠦ ᠰᠦᠢᠳᠬᠡᠯ ᠨᠢ 235.2 ᠲᠥᠭᠦᠷᠢᠭ ︵ETC ᠨᠤᠭᠤᠯᠵᠤ ᠪᠣᠳᠣᠬᠤ ᠢ ᠪᠠᠭᠲᠠᠭᠠᠭᠰᠠᠨ ᠦᠭᠡᠶ︶᠂ ᠲᠤᠰᠢᠶᠠᠬᠤ ᠰᠦᠢᠳᠬᠡᠯ ᠨᠢ ᠦᠨᠳᠦᠰᠦᠨ ᠳᠤ ᠪᠠᠨ ᠠᠳᠠᠯᠢ᠃ ᠠᠴᠢᠶᠠᠨ ᠤ ᠲᠡᠷᠭᠡ ᠶᠢᠨ ᠬᠡᠷᠡᠭᠯᠡᠭᠴᠢ ᠨᠢᠭᠡᠪᠦᠷᠢ ᠠᠴᠠ ᠠᠪᠴᠤ ᠦᠵᠡᠪᠡᠯ᠂ ᠭᠠᠭᠴᠠ ᠤᠳᠠᠭ᠎ᠠ ᠰᠦᠢᠳᠬᠡᠯ ᠲᠤᠰᠢᠶᠠᠬᠤ ᠲᠤᠭ᠎ᠠ ᠨᠢ ᠤᠤᠯ ᠤᠨ ᠬᠦᠨᠳᠦ ᠶᠢ ᠨᠢ ᠪᠣᠳᠣᠵᠤ ᠰᠦᠢᠳᠬᠡᠯ ᠬᠤᠷᠢᠶᠠᠬᠤ ᠠᠴᠠ ᠢᠯᠡᠳᠲᠡ ᠬᠤᠪᠢᠷᠠᠯᠲᠠ ᠲᠠᠢ ᠪᠠᠶᠢᠵᠤ᠂ ᠠᠴᠢᠶ᠎ᠠ ᠦᠭᠡᠢ ᠲᠡᠷᠭᠡ ᠨᠢ ᠤᠤᠯ ᠤᠨ ᠬᠦᠨᠳᠦ ᠶᠢ ᠨᠢ ᠪᠣᠳᠣᠵᠤ ᠰᠦᠢᠳᠬᠡᠯ ᠬᠤᠷᠢᠶᠠᠬᠤ ᠠᠴᠠ ᠢᠯᠡᠳᠲᠡ ᠳᠡᠭᠡᠭᠰᠢᠯᠡᠵᠦ᠂ ᠬᠦᠨᠳᠦ ᠠᠴᠢᠶᠠᠨ ᠤ ᠲᠡᠷᠭᠡ ᠨᠢ ᠤᠤᠯ ᠤᠨ ᠬᠦᠨᠳᠦ ᠶᠢ ᠨᠢ ᠪᠣᠳᠣᠵᠤ ᠰᠦᠢᠳᠬᠡᠯ ᠬᠤᠷᠢᠶᠠᠬᠤ ᠠᠴᠠ ᠡᠳᠦᠶ ᠲᠡᠳᠦᠶ ᠳᠣᠷᠤᠭᠰᠢᠯᠠᠪᠠ᠃ ᠬᠠᠮᠢᠶ᠎ᠠ ᠪᠦᠬᠦᠢ ᠠᠵᠤ ᠠᠬᠤᠶᠢᠯᠠᠯ ᠨᠢ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠪᠠᠨ ᠴᠢᠩᠭᠠᠳᠬᠠᠵᠤ᠂ ᠪᠣᠳᠠᠲᠠᠢ ᠠᠴᠢᠶᠠᠯᠠᠮᠵᠢ ᠪᠠᠨ ᠳᠡᠭᠡᠭᠰᠢᠯᠡᠭᠦᠯᠬᠦ ᠪᠠᠷ ᠳᠠᠮᠵᠢᠨ᠂ ᠰᠦᠢᠳᠬᠡᠯ ᠪᠣᠳᠣᠬᠤ ᠠᠷᠭ᠎ᠠ ᠮᠠᠶ᠋ᠢᠭ ᠲᠤ ᠲᠣᠬᠢᠷᠠᠭᠤᠯᠤᠯᠲᠠ ᠬᠢᠭᠰᠡᠨ ᠲᠥᠷᠥ ᠶᠢᠨ ᠪᠣᠳᠣᠯᠭ᠎ᠠ ᠶᠢᠨ ᠠᠰᠢᠭ ᠣᠯᠵᠠᠪᠤᠷᠢ ᠢ ᠬᠦᠷᠲᠡᠵᠦ ᠪᠣᠯᠤᠨ᠎ᠠ᠃      ᠳᠥᠷᠪᠡ᠂ ᠠᠴᠢᠶᠠᠨ ᠤ ᠲᠡᠷᠭᠡ ᠶᠢᠨ ᠵᠦᠷᠢᠶᠡᠴᠢᠯᠡᠭᠰᠡᠨ ᠰᠦᠢᠳᠬᠡᠯ ᠬᠤᠷᠢᠶᠠᠬᠤ᠃      ᠮᠠᠨ ᠤ ᠣᠷᠣᠨ ᠠᠴᠠ ᠳᠡᠭᠡᠳᠦ ᠬᠤᠷᠳᠤ ᠶᠢᠨ ᠵᠠᠰᠠᠮᠠᠯ ᠵᠠᠮ ᠤᠨ ᠠᠵᠢᠯᠯᠠᠭᠠᠨ ᠤ ᠪᠠᠶᠢᠳᠠᠯ ᠢ ᠦᠨᠳᠦᠰᠦᠯᠡᠨ᠂ ︽ᠵᠦᠷᠢᠶᠡᠴᠢᠯᠡᠭᠰᠡᠨ ᠤ ᠳᠠᠷᠠᠭ᠎ᠠ ᠲᠡᠷᠭᠡ ︵ᠲᠡᠩᠭᠡᠯᠢᠭ︶ ᠶᠢᠨ ᠬᠡᠯᠪᠡᠷᠢ ᠪᠠᠷ ᠨᠢ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠬᠤ ᠶᠢᠨ ᠳᠠᠬᠢᠨ ᠪᠣᠳᠣᠬᠤ ᠲᠣᠨ ᠳᠠᠭᠠᠭᠠᠴᠠ ᠶᠢᠨ ᠳᠤᠮᠳᠠᠴᠢ ᠶᠡᠷᠦᠩᠬᠡᠶ ᠶᠠᠰᠤ ᠴᠢᠨᠠᠷ ᠠᠴᠠ ᠪᠠᠭ᠎ᠠ ᠪᠠᠶᠢᠬᠤ︾ ᠪᠠ ︽ᠡᠯ᠎ᠡ ᠲᠡᠷᠭᠡᠨ ᠤ ᠬᠡᠯᠪᠡᠷᠢ ᠶᠢᠨ ᠵᠠᠮ ᠨᠡᠪᠲᠡᠷᠡᠯᠭᠡ ᠶᠢᠨ ᠰᠦᠢᠳᠬᠡᠯ ᠳᠣᠷᠣᠭᠰᠢᠯᠠᠵᠤ᠂ ᠲᠡᠩᠴᠡᠭᠦᠷᠢ ᠲᠠᠢ ᠲᠡᠷᠭᠡ ᠶᠢᠨ ᠡᠵᠡᠯᠡᠬᠦ ᠬᠠᠷᠢᠴᠠᠯ 60% ᠠᠴᠠ ᠳᠣᠤᠷ᠎ᠠ ᠪᠠᠶᠢᠵᠤ ᠪᠣᠯᠬᠤ ᠦᠭᠡᠶ︾ ᠭᠡᠬᠦ ᠬᠤᠶᠠᠷ ᠶᠡᠭᠡ ᠱᠠᠭᠠᠷᠳᠠᠯᠭ᠎ᠠ ᠶᠢ ᠬᠠᠩᠭᠠᠬᠤ ᠪᠠᠷ ᠵᠠᠷᠴᠢᠮ ᠪᠣᠯᠭᠠᠵᠤ᠂ ᠠᠳᠠᠯᠢ ᠪᠤᠰᠤ ᠰᠦᠢᠳᠬᠡᠯ ᠬᠤᠷᠢᠶᠠᠬᠤ ᠵᠠᠮ ᠤᠨ ᠬᠡᠰᠡᠭ ᠤᠨ ᠡᠯ᠎ᠡ ᠬᠡᠯᠪᠡᠷᠢ ᠶᠢᠨ ᠠᠴᠢᠶᠠᠨ ᠤ ᠲᠡᠷᠭᠡ᠂ ᠲᠣᠮᠣ ᠵᠦᠢᠯ ᠤᠨ ᠲᠡᠭᠡᠭᠡᠪᠦᠷᠢ ᠶᠢᠨ ᠲᠡᠷᠭᠡ ᠬᠥᠰᠬᠡ ᠳᠤ ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠠᠯᠢ ᠣᠯᠠᠨ ᠲᠥᠷᠥ ᠶᠢᠨ ᠪᠣᠳᠣᠯᠭ᠎ᠠ ᠶᠢ ᠲᠣᠭᠲᠠᠭᠠᠪᠠ᠃ ᠰᠦᠢᠳᠬᠡᠯ ᠬᠤᠷᠢᠶᠠᠬᠤ ᠪᠠᠷᠢᠮᠵᠢᠶ᠎ᠠ ᠶᠢᠨ ︽ᠬᠤᠶᠠᠷ ᠢ ᠬᠢᠵᠠᠭᠠᠷᠯᠠᠬᠤ︾ ᠶᠢ ᠪᠡᠶᠡᠯᠡᠭᠦᠯᠦᠨ᠎ᠡ᠃ ETC ᠢ ᠶᠢᠰᠦ ᠲᠠᠪᠤ ᠪᠠᠷ ᠨᠤᠭᠤᠯᠵᠤ ᠪᠤᠳᠤᠬᠤ ᠬᠠᠷᠠᠭᠠᠯᠵᠠᠯ ᠲᠠᠢ ᠤᠶᠠᠯᠳᠤᠭᠤᠯᠤᠭᠰᠠᠨ ᠤ ᠳᠠᠷᠠᠭ᠎ᠠ᠂ ᠬᠠᠷᠠᠭᠠᠯᠵᠠᠯ ᠤᠨ ᠬᠡᠮᠵᠢᠶ᠎ᠡ ᠨᠢ ᠤᠯᠠᠮ ᠨᠢᠭᠡ ᠠᠯᠬᠤᠮ ᠨᠡᠮᠡᠭᠳᠡᠬᠦ ᠪᠣᠯᠤᠨ᠎ᠠ᠃      ᠪᠡᠭᠡᠵᠢᠩ ᠠᠴᠠ ᠲᠥᠪᠡᠳ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠶᠢᠨ ᠵᠦᠸᠧᠽᠢ ᠰᠢᠶᠠᠨ ᠠᠴᠠ ᠬᠥᠬᠡᠬᠤᠲᠠ ᠵᠦᠭ ᠬᠦᠷᠬᠦ 49 ᠲᠣᠨ ᠤ ᠵᠢᠷᠭᠤᠭᠠᠨ ᠲᠡᠩᠭᠡᠯᠢᠭᠲᠦ ᠠᠴᠢᠶᠠᠨ ᠤ ᠲᠡᠷᠭᠡ ᠪᠠᠷ ᠵᠢᠱᠢᠶᠡᠯᠡᠪᠡᠯ᠂ ᠵᠦᠸᠧᠽᠢ ᠱᠠᠨ ᠠᠭᠤᠯᠠᠨ ᠤ ᠣᠷᠤᠴᠠ ᠪᠠᠷ ᠣᠷᠣᠵᠤ᠂ ᠬᠦᠬᠡᠬᠤᠲᠠ ᠶᠢᠨ ᠭᠠᠷᠴᠠ ᠪᠠᠷ ᠭᠠᠷᠪᠠᠯ᠂ ᠨᠡᠶᠢᠲᠡ ᠪᠠᠷᠤᠭ 89 ᠺᠢᠯᠣᠮᠧᠲᠷ ᠪᠠᠶᠢᠵᠤ᠂ ᠥᠩᠭᠡᠷᠡᠭᠰᠡᠨ ᠤ ᠪᠠᠷᠢᠮᠵᠢᠶ᠎ᠠ ᠶᠣᠰᠣᠭᠠᠷ ᠨᠡᠪᠲᠡᠷᠡᠬᠦ ᠰᠦᠢᠳᠬᠡᠯ ᠨᠢ 215 ᠲᠥᠭᠦᠷᠢᠭ ᠪᠣᠯᠤᠨ᠎ᠠ︔ ᠨᠠᠷᠢᠯᠢᠭ ᠣᠨᠣᠴᠠᠲᠠᠶ ᠰᠦᠢᠳᠬᠡᠯ ᠬᠤᠷᠢᠶᠠᠬᠤ ᠳᠦᠷᠢᠮ ᠶᠣᠰᠣᠭᠠᠷ᠂ ᠬᠥᠮᠦᠨ ᠤ ᠬᠦᠴᠦ ᠪᠠᠷ ᠨᠡᠪᠲᠡᠷᠡᠬᠦ ᠰᠦᠢᠳᠬᠡᠯ ᠨᠢ 214 ᠲᠥᠭᠦᠷᠢᠭ᠂ ETC ᠪᠠᠷ ᠨᠡᠪᠲᠡᠷᠡᠬᠦ ᠰᠦᠢᠳᠬᠡᠯ ᠨᠢ 213.6 ᠲᠥᠭᠦᠷᠢᠭ ︵ETC ᠨᠤᠭᠤᠯᠵᠤ ᠪᠣᠳᠤᠬᠤ ᠶᠢ ᠪᠠᠭᠲᠠᠭᠠᠭᠰᠠᠨ ᠥᠬᠡᠶ︶᠂ ᠰᠦᠢᠳᠬᠡᠯ ᠲᠤᠰᠢᠶᠠᠭᠰᠠᠨ ᠲᠤᠭ᠎ᠠ ᠨᠢ ᠡᠳᠦᠶ ᠲᠡᠳᠦᠶ ᠪᠠᠭᠤᠷᠠᠪᠠ︔ ᠵᠦᠷᠢᠶᠡᠵᠢᠭᠦᠯᠬᠦ ᠬᠠᠷᠠᠭᠠᠯᠵᠠᠯ ᠦᠵᠡᠭᠦᠯᠦᠭᠰᠡᠨ ᠤ ᠳᠠᠷᠠᠭ᠎ᠠ᠂ ᠬᠥᠮᠦᠨ ᠤ ᠬᠦᠴᠦ ᠪᠠᠷ ᠨᠡᠪᠲᠡᠷᠡᠬᠦ ᠰᠦᠢᠳᠬᠡᠯ ᠨᠢ 198 ᠲᠥᠭᠦᠷᠢᠭ᠂ ETC ︵ᠶᠢᠰᠦ ᠲᠠᠪᠤ ᠪᠠᠷ ᠨᠤᠭᠤᠯᠵᠤ ᠪᠣᠳᠤᠬᠤ ᠬᠠᠷᠠᠭᠠᠯᠵᠠᠯ ᠦᠵᠡᠭᠦᠯᠪᠡ︶ ᠨᠡᠪᠲᠡᠷᠡᠬᠦ ᠰᠦᠢᠳᠬᠡᠯ ᠨᠢ 188.55 ᠲᠥᠭᠦᠷᠢᠭ᠂ ᠵᠦᠷᠢᠶᠡᠴᠢᠯᠡᠭᠰᠡᠨ ᠤ ᠳᠠᠷᠠᠭ᠎ᠠ᠂ ᠬᠠᠷᠠᠭᠠᠯᠵᠠᠯ ᠤᠨ ᠬᠡᠮᠵᠢᠶ᠎ᠡ  ᠨᠢ ᠨᠡᠯᠢᠶᠡᠳ ᠶᠡᠭᠡ ᠪᠠᠶᠢᠪᠠ᠃ ᠨᠢᠭᠡ ᠲᠠᠯ᠎ᠠ ᠪᠠᠷ ᠠᠴᠢᠶ᠎ᠠ ᠦᠭᠡᠢ᠂ ᠬᠠᠭᠠᠰ ᠠᠴᠢᠶᠠᠨ ᠤ ᠠᠴᠢᠶᠠᠨ ᠲᠡᠷᠭᠡ ᠶᠢᠨ ᠨᠡᠪᠲᠡᠷᠡᠬᠦ ᠳᠠᠷᠤᠭᠠᠰᠤ ᠶᠢ ᠪᠦᠲᠦᠮᠵᠢᠲᠠᠢ ᠪᠠᠭᠤᠷᠠᠭᠤᠯᠵᠤ᠂ ᠡᠳ᠋ ᠪᠠᠷᠠᠭ᠎ᠠ᠂ ᠡᠳ᠋ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠨᠡᠪᠲᠡᠷᠡᠬᠦ ᠥᠪᠡᠷ ᠤᠨ ᠥᠷᠲᠡᠭ ᠢ ᠨᠢ ᠪᠠᠭᠤᠷᠠᠭᠤᠯᠵᠤ᠂ ᠨᠥᠭᠦᠭᠡ ᠲᠠᠯ᠎ᠠ ᠪᠠᠷ ᠤᠤᠯ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠠᠴᠢᠶ᠎ᠠ ᠦᠭᠡᠢ ᠲᠡᠷᠭᠡ ᠶᠢ ᠦᠯᠡᠳᠡᠭᠡᠨ ᠵᠣᠭᠰᠤᠭᠠᠵᠤ᠂ ᠰᠦᠢᠳᠬᠡᠯ ᠢ ᠪᠠᠭᠤᠷᠠᠭᠤᠯᠵᠤ ᠲᠡᠷᠭᠡᠨ ᠴᠣᠪᠤᠷᠠᠯ ᠢ ᠲᠣᠭᠲᠠᠭᠤᠨ ᠪᠠᠶᠢᠯᠭᠠᠬᠤ ᠪᠠ ᠣᠷᠣᠯᠭ᠎ᠠ ᠶᠢ ᠪᠠᠲᠤᠯᠠᠬᠤ ᠵᠡᠷᠭᠡ ᠣᠯᠠᠨ ᠲᠠᠯ᠎ᠠ ᠶᠢᠨ ᠠᠰᠢᠭ ᠣᠯᠬᠤ ᠬᠠᠷᠠᠯᠲᠠ ᠳᠤ ᠬᠦᠷᠴᠦ᠂ ︽ᠬᠤᠶᠠᠷ ᠢ ᠦᠨᠡᠨ ᠬᠦ ᠪᠠᠲᠤᠯᠠᠬᠤ︾ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠬᠡᠷᠡᠭᠲᠡᠶ᠃      【ᠬᠠᠮᠢᠶ᠎ᠠ ᠪᠦᠬᠦᠢ ᠲᠥᠷᠥ ᠶᠢᠨ ᠪᠣᠳᠣᠯᠭ᠎ᠠ】ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠦᠷᠢᠶᠡᠴᠢᠯᠡᠭᠰᠡᠨ ᠰᠦᠢᠳᠬᠡᠯ ᠢ ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ
 
ᠢᠷᠡᠯᠲᠡ᠄ lyl
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号