ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ
ᠨᠡᠶᠢᠲᠡᠯᠡᠭᠰᠡᠨ ᠴᠠᠭ᠄
2020/12/28
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ      ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠲᠤᠰ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠦᠢᠯᠡᠴᠢᠯᠡᠭᠡ ᠣᠯᠬᠤ ᠳᠤ ᠳᠥᠭᠦᠮ ᠦᠵᠡᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠤᠨ ᠲᠣᠭᠲᠠᠭᠠᠯ ᠢ ᠦᠨᠳᠦᠰᠦᠯᠡᠨ᠂ ᠲᠣᠰ ︽ᠵᠦᠭᠯᠡᠭᠦᠷ︾ ᠢ ᠨᠠᠶᠢᠷᠠᠭᠤᠯᠤᠨ ᠵᠣᠭᠢᠶᠠᠪᠠ᠃ ᠲᠣᠰ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠦᠢᠯᠡᠴᠢᠯᠡᠭᠡ ᠤᠯᠬᠤ ᠴᠢᠬᠤᠯᠠᠲᠠᠶ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠨᠢ ᠲᠣᠰ ︽ᠵᠦᠭᠯᠡᠭᠦᠷ︾ ᠢ ᠤᠩᠰᠢᠬᠤ ᠶᠢ ᠰᠠᠨᠠᠭᠤᠯᠤᠶ᠎ᠠ᠃      ︽ᠵᠦᠭᠯᠡᠭᠦᠷ︾ ᠢ ᠵᠢᠯ ᠪᠦᠷᠢ ᠳᠤ ᠨᠢᠭᠡ ᠤᠳᠠᠭ᠎ᠠ ᠰᠢᠨᠡᠳᠬᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ︵ᠰᠦᠯᠵᠢᠶᠡᠨ ᠤ ᠬᠠᠶ᠋ᠢᠭ᠄ http://www.nmg.gov.cn︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠰᠦᠯᠵᠢᠶᠡᠨ ᠥᠷᠲᠡᠭᠡ ︵ᠰᠦᠯᠵᠢᠶᠡᠨ ᠤ ᠬᠠᠶ᠋ᠢᠭ :http://jtyst.nmg.gov.cn︶ ᠶᠢ ᠪᠠᠶᠢᠴᠠᠭᠠᠨ ᠦᠵᠡᠵᠦ ᠪᠣᠯᠤᠨ᠎ᠠ᠃      ᠨᠢᠭᠡ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ      ︵ᠨᠢᠭᠡ︶ ᠢᠯᠡ ᠪᠣᠯᠭᠠᠬᠤ ᠬᠡᠪᠴᠢᠶ᠎ᠡ      ᠲᠣᠰ ᠪᠠᠶᠢᠭᠤᠯᠭ᠎ᠠ ᠨᠢ ᠰᠠᠨᠠᠭᠠᠴᠢᠯᠠᠭ᠎ᠠ ᠠᠴᠠ ᠪᠠᠨ ᠨᠡᠶᠢᠭᠡᠮ ᠨᠡᠶᠢᠲᠡ ᠳᠤ ᠰᠦᠢᠳᠬᠡᠯ ᠬᠤᠷᠢᠶᠠᠬᠤ ᠥᠬᠡᠶ ᠪᠠᠷ ᠢᠯᠡ ᠪᠣᠯᠭᠠᠬᠤ ᠮᠡᠳᠡᠭᠡ ᠵᠠᠩᠭᠢ ᠶᠢᠨ ᠬᠡᠪᠴᠢᠶ᠎ᠡ ᠶᠢ ᠲᠣᠰ ᠪᠠᠶᠢᠭᠤᠯᠭ᠎ᠠ ᠶᠢᠨ ᠨᠠᠶᠢᠷᠠᠭᠤᠯᠤᠨ ᠵᠣᠬᠢᠶᠠᠭᠰᠠᠨ ︽ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠡ ᠵᠠᠩᠭᠢ ᠶᠢ ᠢᠯᠡ ᠪᠣᠯᠭᠠᠬᠤ ᠭᠠᠷᠴᠠᠭ︾ ᠲᠤ ᠯᠠᠪᠯᠠᠵᠤ ᠦᠵᠡ᠃      ︵ᠬᠤᠶᠠᠷ︶ ᠢᠯᠡ ᠪᠣᠯᠭᠠᠬᠤ ᠬᠡᠯᠪᠡᠷᠢ      ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠲᠤᠬᠠᠶ᠂ ᠲᠣᠰ ᠪᠠᠶᠢᠭᠤᠯᠭ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ︵ᠰᠦᠯᠵᠢᠶᠡᠨ ᠤ ᠬᠠᠶ᠋ᠢᠭ᠄ http://www.nmg.gov.cn︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠰᠦᠯᠵᠢᠶᠡᠨ ᠥᠷᠲᠡᠭᠡ ︵ᠰᠦᠯᠵᠢᠶᠡᠨ ᠤ ᠬᠠᠶ᠋ᠢᠭ᠄ http://jtyst.nmg.gov.cn︶ ᠪᠤᠶᠤ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠵᠡᠷᠭᠡ ᠠᠴᠢᠶᠠᠯᠠᠪᠤᠷᠢ ᠪᠣᠯᠤᠨ ᠬᠡᠯᠪᠡᠷᠢ ᠪᠠᠷ ᠰᠠᠨᠠᠭᠠᠴᠢᠯᠠᠭ᠎ᠠ ᠠᠴᠠ ᠪᠠᠨ ᠢᠯᠡ ᠪᠣᠯᠭᠠᠨ᠎ᠠ᠃     ︵ᠭᠤᠷᠪᠠ︶ ᠢᠯᠡ ᠪᠣᠯᠭᠠᠬᠤ ᠴᠠᠭ ᠬᠤᠭᠤᠴᠠᠭ᠎ᠠ      ᠲᠤᠰ ᠪᠠᠶᠢᠭᠤᠯᠭ᠎ᠠ ᠶᠢᠨ ᠨᠡᠷ᠎ᠡ ᠪᠠᠷ ᠨᠡᠶᠢᠲᠡᠯᠡᠭᠰᠡᠨ ᠵᠢᠴᠢ ᠲᠤᠰ ᠪᠠᠶᠢᠭᠤᠯᠭ᠎ᠠ ᠠᠴᠠ ᠭᠤᠣᠯᠯᠠᠨ ᠡᠷᠬᠢᠯᠡᠭᠰᠡᠨ ᠰᠠᠯᠠᠭ᠎ᠠ ᠮᠥᠴᠢᠷ ᠪᠣᠯᠤᠨ ᠪᠤᠰᠤᠳ ᠰᠠᠯᠠᠭ᠎ᠠ ᠮᠥᠴᠢᠷ ᠤᠨ ᠬᠠᠮᠲᠤᠷᠠᠨ ᠨᠡᠶᠢᠲᠡᠯᠡᠭᠰᠡᠨ ᠵᠠᠰᠠᠭ ᠤᠨ ᠣᠷᠳᠣᠨ ᠤ ᠢᠯᠡ ᠪᠣᠯᠭᠠᠬᠤ ᠮᠡᠳᠡᠭᠡ ᠵᠠᠩᠭᠢ ᠶᠢ ᠨᠡᠶᠢᠲᠡᠯᠡᠭᠰᠡᠨ ᠪᠤᠶᠤ ᠬᠤᠪᠢᠷᠠᠭᠤᠯᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠳᠡᠭᠡᠷ᠎ᠡ ᠳᠤᠷᠠᠳᠤᠭᠰᠠᠨ ᠠᠷᠭ᠎ᠠ ᠮᠠᠶ᠋ᠢᠭ ᠢᠶᠠᠷ ᠳᠠᠮᠵᠢᠭᠤᠯᠤᠨ ᠢᠯᠡ ᠪᠣᠯᠭᠠᠨ᠎ᠠ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠤᠭᠤᠴᠠᠭ᠎ᠠ ᠶᠢᠨ ᠲᠤᠬᠠᠶ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃      ᠬᠤᠶᠠᠷ᠂ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ      ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠨᠢ ᠦᠢᠯᠡᠳᠪᠦᠷᠢᠯᠡᠯ᠂ ᠠᠮᠢᠳᠤᠷᠠᠯ᠂ ᠡᠷᠳᠡᠮ ᠰᠢᠨᠵᠢᠯᠡᠭᠡᠨ ᠵᠡᠷᠭᠡ ᠣᠨᠴᠠᠭᠠᠢ ᠬᠡᠷᠡᠭᠴᠡᠭᠡ ᠠᠴᠠ ᠪᠣᠯᠵᠤ᠂ ᠲᠤᠰ ᠪᠠᠶᠢᠭᠤᠯᠭ᠎ᠠ ᠶᠢᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠴᠠ ᠭᠠᠳᠠᠨᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠴᠢᠬᠤᠯᠠᠲᠠᠶ ᠪᠠᠶᠢᠪᠠᠯ᠂ ᠲᠤᠰ ᠪᠠᠶᠢᠭᠤᠯᠭ᠎ᠠ ᠳᠤ ᠭᠤᠶᠤᠴᠢᠯᠠᠯ ᠭᠠᠷᠭᠠᠵᠤ ᠪᠣᠯᠤᠨ᠎ᠠ᠃ ᠲᠤᠰ ᠪᠠᠶᠢᠭᠤᠯᠭ᠎ᠠ ᠨᠢ ᠲᠤᠰ ᠮᠡᠳᠡᠭᠡ ᠵᠠᠩᠭᠢ ᠶᠢ ᠡᠵᠡᠮᠰᠢᠭᠰᠡᠨ ᠪᠣᠳᠠᠲᠤ ᠪᠠᠶᠢᠳᠠᠯ ᠢ ᠦᠨᠳᠦᠰᠦᠯᠡᠨ ᠬᠠᠩᠭᠠᠵᠤ᠂ ᠮᠡᠳᠡᠭᠡ ᠵᠠᠩᠭᠢ ᠶᠢ ᠪᠣᠯᠪᠠᠰᠤᠷᠠᠭᠤᠯᠬᠤ᠂ ᠪᠦᠷᠢᠳᠬᠡᠬᠦ᠂ ᠰᠤᠳᠤᠯᠬᠤ᠂ ᠵᠠᠳᠠᠯᠬᠤ ᠪᠤᠶᠤ ᠪᠤᠰᠤᠳ ᠠᠷᠭ᠎ᠠ ᠪᠠᠷ ᠰᠢᠢᠳᠪᠦᠷᠢᠯᠡᠬᠦ ᠦᠭᠡᠢ᠃     ︵ᠨᠢᠭᠡ︶ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ      ᠲᠣᠰ ᠪᠠᠶᠢᠭᠤᠯᠭ᠎ᠠ ᠨᠢ 2008 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠵᠢᠩᠬᠢᠨᠢ ᠪᠠᠷ ᠭᠥᠯᠢᠶᠡᠨ ᠠᠪᠴᠤ ᠰᠢᠢᠳᠪᠦᠷᠢᠯᠡᠵᠦ᠂ ᠭᠥᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠨᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠯᠪᠠᠨ ᠬᠡᠷ︔     ︵ᠬᠤᠶᠠᠷ︶ ᠭᠤᠶᠤᠴᠢᠯᠠᠬᠤ ᠬᠡᠯᠪᠡᠷᠢ      ᠲᠤᠰ ᠪᠠᠶᠢᠭᠤᠯᠭ᠎ᠠ ᠳᠤ ᠮᠡᠳᠡᠭᠡ ᠵᠠᠩᠭᠢ ᠣᠯᠬᠤ ᠭᠤᠶᠤᠴᠢᠯᠠᠯ ᠭᠠᠷᠭᠠᠬᠤ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠬᠦᠰᠦᠨᠦᠭᠲᠦ︾ ︵ᠳᠣᠷᠣᠭᠰᠢ ︽ᠭᠤᠶᠤᠴᠢᠯᠠᠯ ᠤᠨ ᠬᠦᠰᠦᠨᠦᠭᠲᠦ︾ ᠭᠡᠵᠦ ᠲᠣᠪᠴᠢᠯᠠᠨ᠎ᠠ᠂ ᠳᠠᠭᠠᠯᠳᠤᠭᠤᠯᠤᠯ ᠳᠤ ᠦᠵᠡ︶ ᠶᠢ ᠲᠠᠭᠯᠠᠭᠠᠷᠠᠶ᠃ ︽ᠭᠤᠶᠤᠴᠢᠯᠠᠯ ᠤᠨ ᠬᠦᠰᠦᠨᠦᠭᠲᠦ︾ ᠶᠢ ᠪᠠᠭᠤᠯᠭᠠᠬᠤ ᠨᠢ ᠬᠦᠴᠦᠨ ᠲᠠᠢ᠂ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠶᠢᠨ ᠭᠠᠵᠠᠷ ᠠᠴᠠ ᠠᠪᠴᠤ ᠪᠣᠯᠤᠨ᠎ᠠ᠂ ᠮᠦᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠰᠦᠯᠵᠢᠶᠡᠨ ᠥᠷᠲᠡᠭᠡ ᠠᠴᠠ ᠪᠠᠭᠤᠯᠭᠠᠵᠤ ᠪᠣᠯᠤᠨ᠎ᠠ᠃ ᠭᠤᠶᠤᠴᠢᠯᠠᠯ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ᠭᠤᠶᠤᠴᠢᠯᠠᠭᠴᠢ ᠠᠴᠠ ᠬᠡᠷᠡᠭᠰᠡᠬᠦ ᠮᠡᠳᠡᠭᠡ ᠵᠠᠩᠭᠢ ᠶᠢᠨ ᠲᠤᠬᠠᠶ ᠲᠣᠭᠠᠴᠢᠯᠲᠠ ᠪᠠᠨ ᠠᠯᠢ ᠴᠢᠳᠠᠬᠤ ᠪᠠᠷ ᠨᠠᠷᠢᠨ ᠭᠦᠢᠴᠡᠳ᠂ ᠲᠣᠳᠣᠷᠬᠠᠶ ᠪᠣᠯᠭᠠᠭᠠᠷᠠᠢ︔ ᠪᠣᠯᠤᠮᠵᠢ ᠲᠠᠢ ᠪᠣᠯ᠂ ᠲᠣᠰ ᠮᠡᠳᠡᠭᠡ ᠵᠠᠩᠭᠢ ᠶᠢᠨ ᠭᠠᠷᠴᠠᠭ᠂ ᠨᠡᠶᠢᠲᠡᠯᠡᠭᠰᠡᠨ ᠴᠠᠭ᠂ ᠪᠢᠴᠢᠭ ᠤᠨ ᠳ᠋ᠤᠭᠠᠷ ᠪᠤᠶᠤ ᠪᠤᠰᠤᠳ ᠮᠡᠳᠡᠭᠡ ᠵᠠᠩᠭᠢ ᠶᠢᠨ ᠠᠴᠢᠶᠠᠯᠠᠪᠤᠷᠢ ᠶᠢ ᠲᠣᠭᠲᠠᠭᠠᠬᠤ ᠳᠤ ᠠᠰᠢᠭᠲᠠᠶ ᠰᠠᠨᠠᠭᠤᠯᠤᠮᠵᠢ ᠶᠢ ᠬᠠᠩᠭᠠᠭᠠᠷᠠᠢ᠃ ᠳᠣᠣᠷᠠᠬᠢ ᠮᠡᠲᠦ ᠠᠷᠭ᠎ᠠ ᠮᠠᠶ᠋ᠢᠭ ᠢᠶᠠᠷ ᠭᠤᠶᠤᠴᠢᠯᠠᠯ ᠭᠠᠷᠭᠠᠵᠤ ᠪᠣᠯᠤᠨ᠎ᠠ᠄      1. ᠢᠨᠲ᠋ᠧᠷ ᠰᠦᠯᠵᠢᠶ᠎ᠡ ᠪᠠᠷ ᠳᠠᠮᠵᠢᠨ ᠭᠤᠶᠤᠴᠢᠯᠠᠬᠤ᠃ ᠭᠤᠶᠤᠴᠢᠯᠠᠭᠴᠢ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠰᠦᠯᠵᠢᠶᠡᠨ ᠥᠷᠲᠡᠭᠡ ᠳᠤ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠰᠢᠰᠲ᠋ᠧᠮ ᠳᠤ ︽ᠭᠤᠶᠤᠴᠢᠯᠠᠯ ᠤᠨ ᠬᠦᠰᠦᠨᠦᠭᠲᠦ︾ ᠶᠢ ᠲᠠᠭᠯᠠᠨ ᠲᠤᠰᠢᠶᠠᠵᠤ ᠪᠣᠯᠤᠨ᠎ᠠ᠃      2. ᠵᠠᠬᠢᠳᠠᠯ᠂ ᠴᠠᠬᠢᠯᠭᠠᠨ ᠮᠡᠳᠡᠭᠡ᠂ ᠹᠠᠺᠰ ᠢᠶᠠᠷ ᠭᠤᠶᠤᠴᠢᠯᠠᠬᠤ᠃ ᠭᠤᠶᠤᠴᠢᠯᠠᠭᠴᠢ ᠠᠴᠠ ᠵᠠᠬᠢᠳᠠᠯ ᠤᠨ ᠬᠡᠯᠪᠡᠷᠢ ᠪᠠᠷ ᠭᠤᠶᠤᠴᠢᠯᠠᠯ ᠭᠠᠷᠭᠠᠭᠰᠠᠨ ᠪᠠᠶᠢᠪᠠᠯ᠂ ᠵᠠᠬᠢᠳᠠᠯ ᠤᠨ ᠳᠤᠭᠲᠤᠢ ᠶᠢᠨ ᠵᠡᠭᠦᠨ ᠳᠣᠣᠷ᠎ᠠ ᠥᠨᠴᠥᠭ ᠲᠤ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ︾ ᠭᠡᠰᠡᠨ ᠦᠰᠦᠭ ᠢ ᠲᠣᠳᠤᠷᠬᠠᠶᠢᠯᠠᠭᠠᠷᠠᠢ︔ ᠭᠤᠶᠤᠴᠢᠯᠠᠭᠴᠢ ᠠᠴᠠ ᠴᠠᠬᠢᠯᠭᠠᠨ ᠮᠡᠳᠡᠭᠡ᠂ ᠹᠠᠺᠰ ᠶᠠᠪᠤᠭᠤᠯᠬᠤ ᠠᠷᠭ᠎ᠠ ᠮᠠᠶ᠋ᠢᠭ ᠢᠶᠠᠷ ᠭᠤᠶᠤᠴᠢᠯᠠᠯ ᠭᠠᠷᠭᠠᠪᠠᠯ᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ︾ ᠭᠡᠰᠡᠨ ᠥᠰᠥᠭ ᠢ ᠵᠣᠬᠢᠴᠠᠩᠭᠤᠶ ᠪᠠᠷ ᠲᠣᠳᠤᠷᠬᠠᠶᠢᠯᠠᠭᠠᠷᠠᠢ᠃      3. ᠨᠢᠭᠤᠷᠳᠠᠨ ᠭᠤᠶᠤᠴᠢᠯᠠᠬᠤ᠃ ᠭᠤᠶᠤᠴᠢᠯᠠᠭᠴᠢ ᠨᠢ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠶᠢᠨ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤ ᠨᠢ ᠭᠤᠶᠤᠴᠢᠯᠠᠯ ᠭᠠᠷᠭᠠᠵᠤ ᠪᠣᠯᠤᠨ᠎ᠠ᠃      ᠲᠤᠰ ᠪᠠᠶᠢᠭᠤᠯᠭ᠎ᠠ ᠨᠢ ᠳ᠋ᠢᠶᠠᠩᠬᠤᠸᠠ ᠶᠢᠨ ᠠᠷᠭ᠎ᠠ ᠮᠠᠶ᠋ᠢᠭ ᠢᠶᠠᠷ ᠳᠤᠷᠠᠳᠤᠭᠰᠠᠨ ᠭᠤᠶᠤᠴᠢᠯᠠᠯ ᠢ ᠬᠦᠯᠢᠶᠡᠨ ᠠᠪᠴᠤ  ᠰᠢᠢᠳᠪᠦᠷᠢᠯᠡᠬᠦ ᠦᠭᠡᠢ᠂ ᠭᠡᠪᠡᠴᠦ ᠭᠤᠶᠤᠴᠢᠯᠠᠭᠴᠢ ᠨᠢ ᠤᠲᠠᠰᠤ ᠪᠠᠷ ᠳᠠᠮᠵᠢᠭᠤᠯᠤᠨ ᠵᠣᠬᠢᠴᠠᠩᠭᠤᠶ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠯᠠᠪᠯᠠᠨ ᠠᠰᠠᠭᠤᠵᠤ ᠪᠣᠯᠤᠨ᠎ᠠ᠃     ︵ᠭᠤᠷᠪᠠ︶ ᠰᠢᠢᠳᠪᠦᠷᠢᠯᠡᠭᠦᠯᠬᠦ ᠪᠠᠷ ᠭᠤᠶᠤᠴᠢᠯᠠᠬᠤ      ᠲᠤᠰ ᠪᠠᠶᠢᠭᠤᠯᠭ᠎ᠠ ᠨᠢ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠯ ᠳᠤ ᠬᠠᠷᠢᠭᠤᠯᠲᠠ ᠥᠭᠭᠦᠨ᠎ᠡ᠃ ᠬᠡᠷᠪᠡ ᠬᠠᠷᠢᠭᠤᠯᠲᠠ ᠥᠭᠬᠦ ᠬᠤᠭᠤᠴᠠᠭ᠎ᠠ ᠶᠢ ᠦᠨᠡᠬᠡᠷ ᠤᠷᠲᠤᠳᠬᠠᠬᠤ ᠴᠢᠬᠤᠯᠠᠲᠠᠶ ᠪᠠᠶᠢᠪᠠᠯ᠂ ᠭᠤᠶᠤᠴᠢᠯᠠᠭᠴᠢ ᠳᠤ ᠮᠡᠳᠡᠭᠳᠡᠨ᠎ᠡ᠃ ᠬᠠᠷᠢᠭᠤᠯᠲᠠ ᠥᠭᠬᠦ ᠬᠤᠭᠤᠴᠠᠭ᠎ᠠ ᠶᠢ ᠬᠠᠮᠤᠭ ᠤᠨ ᠤᠷᠳᠦ ᠳᠤ ᠪᠠᠨ 20 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠤᠢᠭᠡᠢ᠃ ᠲᠤᠰ ᠪᠠᠶᠢᠭᠤᠯᠭ᠎ᠠ  ᠨᠢ ᠭᠤᠶᠤᠴᠢᠯᠠᠯ ᠢ ᠬᠦᠯᠢᠶᠡᠨ ᠠᠪᠤᠭᠰᠠᠨ ᠡᠮᠦᠨ᠎ᠡ ᠬᠤᠶᠢᠨᠠᠬᠢ ᠳᠡᠰ ᠳᠠᠷᠠᠭ᠎ᠠ ᠶᠢ ᠦᠨᠳᠦᠰᠦᠯᠡᠨ ᠭᠤᠶᠤᠴᠢᠯᠠᠯ ᠢ ᠰᠢᠢᠳᠪᠦᠷᠢᠯᠡᠵᠦ᠂ ᠭᠠᠭᠴᠠ ᠵᠦᠢᠯ ᠤᠨ ᠭᠤᠶᠤᠴᠢᠯᠠᠯ ᠳᠤ ᠪᠡᠶ᠎ᠡ ᠪᠠᠨ ᠳᠠᠭᠠᠭᠠᠭᠰᠠᠨ ᠬᠡᠳᠦᠨ ᠵᠦᠢᠯ ᠤᠨ ᠭᠤᠶᠤᠴᠢᠯᠠᠯ ᠢ ᠵᠡᠷᠭᠡᠪᠡᠷ ᠳᠤᠷᠠᠳᠤᠭᠰᠠᠨ ᠪᠠᠶᠢᠪᠠᠯ᠂ ᠪᠥᠬᠦᠳᠡ ᠶᠢ ᠰᠢᠢᠳᠪᠦᠷᠢᠯᠡᠵᠦ ᠳᠠᠭᠤᠰᠤᠭᠰᠠᠨ ᠤ ᠲᠠᠷᠠᠭ᠎ᠠ ᠨᠢᠭᠡᠳᠦᠯᠲᠡᠶ ᠬᠠᠷᠢᠭᠤᠯᠲᠠ ᠥᠭᠭᠦᠨ᠎ᠡ᠃ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠭᠤᠶᠤᠴᠢᠯᠠᠭᠴᠢ ᠳᠤ ᠠᠳᠠᠯᠢ ᠪᠤᠰᠤ ᠭᠤᠶᠤᠴᠢᠯᠠᠯ ᠢ ᠲᠣᠰ ᠲᠣᠰ ᠭᠤᠶᠤᠴᠢᠯᠠᠬᠤ ᠶᠢ ᠰᠠᠨᠠᠭᠤᠯᠤᠨ᠎ᠠ᠃ ᠭᠤᠶᠤᠴᠢᠯᠠᠭᠴᠢ ᠶᠢᠨ ᠬᠠᠩᠭᠠᠭᠰᠠᠨ ᠭᠤᠶᠤᠴᠢᠯᠠᠯ ᠤᠨ ᠴᠢᠬᠤᠯᠠ ᠨᠥᠬᠦᠴᠡᠯ ᠨᠢ ᠪᠦᠷᠢᠨ ᠪᠤᠰᠤ᠂ ᠣᠨᠣᠪᠴᠢᠲᠠᠶ ᠪᠤᠰᠤ᠂ ᠪᠣᠳᠠᠲᠠᠶ ᠮᠡᠳᠡᠭᠡ ᠵᠠᠩᠭᠢ ᠶᠢᠨ ᠠᠭᠤᠯᠭ᠎ᠠ ᠶᠢ ᠲᠣᠭᠲᠠᠭᠠᠬᠤ ᠳᠤ ᠪᠡᠷᠬᠡᠲᠡᠶ ᠪᠠᠶᠢᠪᠠᠯ᠂ ᠲᠤᠰ ᠪᠠᠶᠢᠭᠤᠯᠭ᠎ᠠ ᠨᠢ ᠭᠤᠶᠤᠴᠢᠯᠠᠭᠴᠢ ᠶᠢ ᠨᠥᠬᠦᠪᠥᠷᠢᠯᠡᠬᠦ ᠪᠤᠶᠤ ᠵᠠᠯᠠᠷᠠᠭᠤᠯᠬᠤ ᠶᠢ ᠱᠠᠭᠠᠷᠳᠠᠨ᠎ᠠ᠃ ᠬᠠᠷᠢᠭᠤᠯᠲᠠ ᠥᠭᠬᠦ ᠪᠣᠳᠠᠲᠠᠶ ᠠᠷᠭ᠎ᠠ ᠮᠠᠶ᠋ᠢᠭ ᠨᠢ ᠳᠣᠤᠷᠠᠬᠢ ᠮᠡᠲᠦ᠄      1. ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠪᠴᠢᠶᠡᠨ ᠳᠤ ᠬᠠᠷᠢᠶᠠᠯᠠᠭᠳᠠᠪᠠᠯ᠂ ᠭᠤᠶᠤᠴᠢᠯᠠᠭᠴᠢ ᠳᠤ ᠲᠣᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠯᠬᠤ ᠠᠷᠭ᠎ᠠ ᠮᠠᠶ᠋ᠢᠭ ᠪᠠ ᠠᠷᠭ᠎ᠠ ᠵᠠᠮ ᠢ ᠮᠡᠳᠡᠭᠳᠡᠨ᠎ᠡ᠃      2. ᠢᠯᠡ ᠪᠣᠯᠭᠠᠬᠤ ᠥᠬᠡᠶ ᠬᠡᠪᠴᠢᠶᠡᠨ ᠳᠤ ᠬᠠᠷᠢᠶᠠᠯᠠᠭᠳᠠᠪᠠᠯ᠂ ᠭᠤᠶᠤᠴᠢᠯᠠᠭᠴᠢ ᠳᠤ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠨ᠎ᠠ᠃      3. ᠲᠤᠰ ᠪᠠᠶᠢᠭᠤᠯᠭ᠎ᠠ ᠶᠢᠨ ᠢᠯᠡ ᠪᠣᠯᠭᠠᠬᠤ ᠳᠤ ᠬᠠᠷᠢᠶᠠᠯᠠᠭᠳᠠᠬᠤ ᠦᠭᠡᠢ ᠪᠤᠶᠤ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠨᠢ ᠪᠠᠶᠢᠬᠤ ᠦᠭᠡᠢ ᠪᠣᠯ᠂ ᠭᠤᠶᠤᠴᠢᠯᠠᠭᠴᠢ ᠳᠤ ᠮᠡᠳᠡᠭᠳᠡᠵᠦ᠂ ᠲᠣᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠶᠢᠭᠤᠯᠭ᠎ᠠ ᠶᠢ ᠲᠣᠭᠲᠠᠭᠠᠵᠤ ᠴᠢᠳᠠᠪᠠᠯ᠂ ᠭᠤᠶᠤᠴᠢᠯᠠᠭᠴᠢ ᠳᠤ ᠢᠯᠡ ᠪᠣᠯᠭᠠᠬᠤ ᠪᠠᠶᠢᠭᠤᠯᠭ᠎ᠠ ᠶᠢᠨ ᠨᠡᠷᠡᠶᠢᠳᠦᠯ᠂ ᠬᠠᠷᠢᠯᠴᠠᠬᠤ ᠠᠷᠭ᠎ᠠ ᠮᠠᠶ᠋ᠢᠭ ᠢ ᠬᠡᠯᠡᠵᠦ ᠥᠭᠭᠦᠨ᠎ᠡ᠃      4. ᠭᠤᠶᠤᠴᠢᠯᠠᠭᠰᠠᠨ ᠠᠭᠤᠯᠭ᠎ᠠ ᠨᠢ ᠲᠣᠳᠣᠷᠬᠠᠶ ᠦᠭᠡᠢ ᠪᠠᠶᠢᠪᠠᠯ᠂ ᠭᠤᠶᠤᠴᠢᠯᠠᠭᠴᠢ ᠳᠤ ᠨᠥᠬᠦᠪᠥᠷᠢᠯᠡᠨ ᠵᠠᠯᠠᠷᠠᠭᠤᠯᠬᠤ ᠶᠢ ᠮᠡᠳᠡᠭᠳᠡᠵᠦ᠂ ᠭᠤᠶᠤᠴᠢᠯᠠᠭᠴᠢ ᠬᠤᠭᠤᠴᠠᠭ᠎ᠠ ᠬᠡᠲᠦᠷᠡᠲᠡᠯ᠎ᠡ ᠨᠥᠬᠦᠪᠥᠷᠢᠯᠡᠨ ᠵᠠᠯᠠᠷᠠᠭᠤᠯᠤᠭᠰᠠᠨ ᠦᠭᠡᠢ ᠪᠠᠶᠢᠪᠠᠯ᠂ ᠭᠤᠶᠤᠴᠢᠯᠠᠯ ᠢᠶᠠᠨ ᠬᠠᠶᠠᠭᠰᠠᠨ ᠢᠶᠠᠷ ᠦᠵᠡᠨ᠎ᠡ᠃      5. ᠲᠤᠰ ᠪᠠᠶᠢᠭᠤᠯᠭ᠎ᠠ ᠨᠢ ᠢᠯᠡ ᠪᠣᠯᠭᠠᠬᠤ ᠪᠠᠷ ᠭᠤᠶᠤᠴᠢᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠨᠢ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠳᠤ ᠬᠤᠯᠪᠣᠭᠳᠠᠵᠤ᠂ ᠢᠯᠡ ᠪᠣᠯᠭᠠᠭᠰᠠᠨ ᠤ ᠲᠠᠷᠠᠭ᠎ᠠ ᠭᠤᠷᠪᠠᠳᠠᠬᠢ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠮᠡᠳᠡᠬᠦ ᠳᠤ ᠭᠦᠷᠪᠡᠯ᠂ ᠭᠤᠷᠪᠠᠳᠠᠬᠢ ᠡᠲᠡᠭᠡᠳ ᠤᠨ ᠰᠠᠨᠠᠯ ᠢ ᠪᠢᠴᠢᠭ ᠢᠶᠠᠷ ᠬᠤᠷᠢᠶᠠᠨ᠎ᠠ︔ ᠭᠤᠷᠪᠠᠳᠠᠬᠢ ᠡᠲᠡᠭᠡᠳ ᠠᠴᠠ ᠢᠯᠡ ᠪᠣᠯᠭᠠᠬᠤ ᠶᠢ ᠵᠥᠪᠰᠢᠶᠡᠷᠡᠬᠦ ᠦᠭᠡᠢ ᠪᠣᠯ᠂ ᠢᠯᠡ ᠪᠣᠯᠭᠠᠵᠤ ᠪᠣᠯᠬᠤ ᠦᠭᠡᠢ᠃ ᠭᠡᠪᠡᠴᠦ ᠲᠤᠰ ᠪᠠᠶᠢᠭᠤᠯᠭ᠎ᠠ ᠢᠯᠡ ᠪᠣᠯᠭᠠᠬᠤ ᠦᠭᠡᠢ ᠪᠣᠯ ᠣᠯᠠᠨ ᠨᠡᠶᠢᠲᠡ ᠶᠢᠨ ᠠᠰᠢᠭ ᠲᠤᠰᠠ ᠳᠤ ᠬᠦᠨᠳᠦ ᠶᠡᠭᠡ ᠨᠥᠯᠦᠭᠡ ᠤᠴᠠᠷᠠᠭᠤᠯᠵᠤ ᠮᠡᠳᠡᠨ᠎ᠡ ᠭᠡᠵᠦ ᠦᠵᠡᠪᠡᠯ᠂ ᠢᠯᠡ ᠪᠣᠯᠭᠠᠬᠤ ᠶᠢᠨ ᠬᠠᠮᠲᠤ᠂ ᠢᠯᠡ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠭᠤᠯᠭ᠎ᠠ ᠪᠣᠯᠤᠨ ᠤᠴᠢᠷ ᠰᠢᠯᠲᠠᠭᠠᠨ ᠢᠶᠠᠨ ᠭᠤᠷᠪᠠᠳᠠᠬᠢ ᠡᠲᠡᠭᠡᠳ ᠲᠤ ᠪᠢᠴᠢᠭ ᠢᠶᠠᠷ ᠮᠡᠳᠡᠭᠳᠡᠬᠦ ᠬᠡᠷᠡᠭᠲᠡᠢ᠃      6. ᠢᠯᠡ ᠪᠣᠯᠭᠠᠬᠤ ᠪᠠᠷ ᠭᠤᠶᠤᠴᠢᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠳᠤ ᠢᠯᠡ ᠪᠣᠯᠭᠠᠵᠤ ᠪᠣᠯᠬᠤ ᠦᠭᠡᠢ ᠠᠭᠤᠯᠭ᠎ᠠ ᠠᠭᠤᠯᠵᠤ᠂ ᠭᠡᠪᠡᠴᠦ ᠢᠯᠭᠠᠨ ᠰᠢᠢᠳᠪᠦᠷᠢᠯᠡᠵᠦ ᠳᠡᠶᠢᠯᠬᠦ ᠳᠤ ᠬᠦᠷᠪᠡᠯ᠂ ᠭᠤᠶᠤᠴᠢᠯᠠᠭᠴᠢ ᠳᠤ ᠬᠡᠰᠡᠭ ᠶᠢ ᠨᠢ ᠢᠯᠡ ᠪᠣᠯᠭᠠᠵᠤ ᠪᠣᠯᠬᠤ ᠵᠢᠴᠢ ᠣᠯᠬᠤ ᠠᠷᠭ᠎ᠠ ᠮᠠᠶ᠋ᠢᠭ ᠪᠠ ᠠᠷᠭ᠎ᠠ ᠵᠠᠮ ᠢ ᠨᠢ ᠬᠡᠯᠡᠵᠦ ᠥᠭᠬᠦ ᠬᠡᠷᠡᠭᠲᠡᠶ︔ ᠢᠯᠡ ᠪᠣᠯᠭᠠᠬᠤ ᠦᠭᠡᠢ ᠬᠡᠰᠡᠭ ᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃      7. ᠠᠳᠠᠯᠢ ᠨᠢᠭᠡᠨ ᠭᠤᠶᠤᠴᠢᠯᠠᠭᠴᠢ ᠠᠴᠠ ᠲᠤᠰ ᠪᠠᠶᠢᠭᠤᠯᠭ᠎ᠠ ᠳᠤ ᠠᠳᠠᠯᠢ ᠨᠢᠭᠡᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠭᠠᠷᠭᠠᠵᠤ᠂ ᠨᠢᠭᠡᠨᠲᠡ ᠬᠠᠷᠢᠭᠤᠯᠲᠠ ᠥᠭᠭᠦᠭᠰᠡᠨ ᠪᠠᠶᠢᠪᠠᠯ᠂ ᠳᠠᠪᠬᠤᠷᠳᠠᠭᠤᠯᠤᠨ ᠬᠠᠷᠢᠭᠤᠯᠲᠠ ᠥᠭᠬᠦ ᠦᠭᠡᠢ᠃      ᠲᠤᠰ ᠪᠠᠶᠢᠭᠤᠯᠭ᠎ᠠ ᠨᠢ ᠭᠤᠶᠤᠴᠢᠯᠠᠯ ᠶᠣᠰᠣᠭᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠩᠭᠠᠬᠤ ᠪᠠᠷ ᠭᠠᠷᠣᠭᠰᠠᠨ ᠬᠠᠶᠢᠬᠤ᠂ ᠪᠠᠭᠤᠯᠭᠠᠬᠤ᠂ ᠰᠢᠦᠳᠠᠨ ᠢᠶᠠᠷ ᠢᠯᠡᠭᠡᠬᠦ ᠵᠡᠷᠭᠡ ᠥᠪᠡᠷ ᠤᠨ ᠥᠷᠲᠡᠭ ᠤᠨ ᠵᠠᠷᠤᠳᠠᠯ᠂ ᠰᠦᠢᠳᠬᠡᠯ ᠬᠤᠷᠢᠶᠠᠬᠤ ᠲᠥᠷᠥᠯ ᠵᠦᠢᠯ ᠪᠠ ᠪᠠᠷᠢᠮᠵᠢᠶ᠎ᠠ ᠶᠢ ᠨᠢ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠪᠠᠷᠠᠭᠠᠨ ᠤ ᠦᠨ᠎ᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃     ᠭᠤᠷᠪᠠ᠂ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠵᠢᠴᠢ ᠬᠠᠷᠢᠯᠴᠠᠬᠤ ᠠᠷᠭ᠎ᠠ ᠮᠠᠶ᠋ᠢᠭ      ᠠᠵᠢᠯ ᠤᠨ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠯᠪᠠᠨ ᠭᠡᠷ᠃      ᠴᠢᠮᠡᠭᠡ ᠨᠡᠪᠲᠡᠷᠡᠯᠭᠡ ᠶᠢᠨ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠳ᠋ᠤᠭᠠᠷ ᠨᠣᠮᠧᠷ      ᠰᠢᠤᠳᠠᠨ ᠨᠣᠮᠧᠷ᠄ 010020      ᠬᠠᠷᠢᠯᠴᠠᠬᠤ ᠤᠲᠠᠰᠤ᠄ 0471 — 6285784      ᠹᠠᠺᠰ ᠤᠨ ᠨᠣᠮᠧᠷ᠄ 0471 — 6285784      ᠢᠮᠧᠯ᠄ bgs@nmjt. gov.c n      ᠬᠦᠯᠢᠶᠡᠨ ᠠᠪᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ 9᠄ 00 — 12᠄ 00᠂ ᠦᠳᠡ ᠬᠤᠶᠢᠨᠠᠬᠢ 2᠄ 30 — 5᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ︶᠃     ᠳᠥᠷᠪᠡ᠂ ᠬᠢᠨᠠᠯᠲᠠ ᠲᠠᠯᠪᠢᠬᠤ ᠪᠠ ᠵᠠᠭᠠᠯᠳᠤᠬᠤ      ︵ᠨᠢᠭᠡ︶ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ ᠪᠠᠶᠢᠭᠤᠯᠭ᠎ᠠ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠶ ᠭᠡᠵᠦ ᠦᠵᠡᠭᠰᠡᠨ ᠪᠠᠶᠢᠪᠠᠯ᠂ ᠲᠣᠰ ᠪᠠᠢᠭᠤᠯᠤᠯᠭ᠎ᠠ ᠳᠤ ᠤᠲᠠᠰᠤ ᠪᠠᠷ ᠢᠯᠡᠴᠢᠯᠡᠨ ᠮᠡᠳᠡᠭᠦᠯᠵᠦ ᠪᠣᠯᠤᠨ᠎ᠠ᠃ ᠵᠠᠭᠠᠯᠳᠤᠬᠤ ᠤᠲᠠᠰᠤ᠄ 0471-696858       ︵ᠬᠤᠶᠠᠷ︶ ᠠᠷᠠᠳ ᠢᠷᠭᠡᠨ᠂ ᠬᠠᠤᠯᠢ ᠶᠢᠨ ᠡᠷᠬᠡᠲᠡᠨ ᠪᠣᠶᠤ ᠪᠣᠰᠤᠳ ᠵᠣᠬᠢᠶᠠᠨ ᠪᠠᠶᠢᠭᠤᠯᠤᠯᠲᠠ ᠨᠢ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠢᠨᠠᠨ ᠪᠠᠶᠢᠴᠠᠭᠠᠬᠤ ᠰᠠᠯᠠᠭ᠎ᠠ ᠮᠦᠴᠢᠷ ᠲᠤ ᠢᠯᠡᠴᠢᠯᠡᠨ ᠮᠡᠳᠡᠭᠦᠯᠬᠦ ᠪᠣᠶᠤ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠰᠢᠢᠳᠪᠦᠷᠢᠯᠡᠵᠦ ᠪᠣᠯᠤᠨ᠎ᠠ᠃      ᠳᠠᠭᠠᠯᠳᠠᠭᠤᠯᠤᠯ᠄ http://jtyst.nmg.gov.cn/uploadfiles/201603/28/2016032815222518899230.doc
 
ᠢᠷᠡᠯᠲᠡ᠄ ᠵᠠᠮ ᠬᠠᠨᠷᠢᠯᠴᠠᠭ᠎ᠠ ᠲᠡᠭᠡᠭᠡᠪᠦᠷᠢ ᠶᠢᠨ ᠮᠡᠳᠡᠭᠡ ᠵᠠᠩᠭᠢ ᠶᠢᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号