331 ᠤᠯᠤᠰ ᠤᠨ ᠵᠠᠮ ᠤᠨ ᠡᠷᠢᠶᠡᠨ ᠬᠤᠲᠠ ᠠᠴᠠ ᠠᠶᠢᠷᠠᠭ ᠤᠨ ᠰᠦᠮ᠎ᠡ ᠬᠦᠷᠬᠦ ᠬᠡᠰᠡᠭ ᠤᠨ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ
ᠨᠡᠶᠢᠲᠡᠯᠡᠭᠰᠡᠨ ᠴᠠᠭ᠄
2020/12/7
     ᠨᠢᠭᠡ᠂ ᠳᠠᠭᠠᠭᠠᠴᠢᠯᠠᠯᠲᠠ ᠵᠠᠷᠯᠠᠬᠤ ᠨᠥᠬᠦᠴᠡᠯ      331 ᠤᠯᠤᠰ ᠤᠨ ᠵᠠᠮ ᠤᠨ ᠡᠷᠢᠶᠡᠨ ᠬᠤᠲᠠ ᠠᠴᠠ ᠠᠶᠢᠷᠠᠭ ᠤᠨ ᠰᠦᠮ᠎ᠡ ᠬᠥᠷᠬᠦ ᠬᠡᠰᠡᠭ ᠤᠨ ᠵᠠᠰᠠᠮᠠᠯ ᠵᠠᠮ  ᠤᠨ ᠪᠠᠷᠢᠯᠭ᠎ᠠ ᠶᠢᠨ ᠲᠥᠷᠥᠯ ᠵᠦᠢᠯ ︵ᠳᠣᠷᠣᠭᠰᠢ ᠲᠣᠰ ᠲᠥᠷᠥᠯ ᠵᠦᠢᠯ ᠭᠡᠵᠦ ᠲᠣᠪᠴᠢᠯᠠᠨ᠎ᠠ︶ ᠢ ᠨᠢᠭᠡᠨᠲᠡ ︵ᠥᠪᠥᠷ  ᠲᠠᠷᠬᠠᠭᠠᠭᠰᠠᠨ ᠥᠭᠡᠷᠡᠴᠢᠯᠡᠬᠦ ᠰᠠᠭᠤᠷᠢ ᠥᠰᠥᠭ ︹ 2018 ︺ 813 ᠳ᠋ᠤᠭᠠᠷ ᠲᠣᠭᠠᠲᠤ︶ ᠪᠢᠴᠢᠭ ᠲᠤ ᠪᠥᠲᠥᠭᠡᠨ ᠪᠠᠶᠢᠭᠤᠯᠬᠤ ᠪᠠᠷ ᠵᠦᠪᠰᠢᠶᠡᠷᠡᠵᠦ᠂ ᠲᠥᠷᠥᠯ ᠵᠦᠢᠯ‌‍ᠤᠨ ᠥᠮᠴᠢᠲᠡᠨ ᠨᠢ 331 ᠤᠯᠤᠰ ᠤᠨ ᠵᠠᠮ ᠤᠨ ᠡᠷᠢᠶᠡᠨ ᠬᠤᠲᠠ ᠠᠴᠠ ᠠᠶᠢᠷᠠᠭ ᠤᠨ ᠰᠦᠮ᠎ᠡ ᠬᠦᠷᠬᠦ ᠬᠡᠰᠡᠭ ᠤᠨ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ ᠪᠣᠯᠤᠨ᠎ᠠ᠂ ᠲᠥᠷᠥᠯ ᠵᠦᠢᠯ ᠤᠨ ᠪᠠᠯᠠ ᠮᠥᠩᠭᠦ ᠶᠢᠨ ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠨᠢ ᠭᠤᠤᠯ ᠱᠤᠭᠤᠮ ︵ᠰᠥᠨᠢᠳ ᠪᠠᠷᠠᠭᠤᠨ ᠬᠤᠰᠢᠭᠤᠨ ᠤ ᠬᠡᠰᠡᠭ ᠪᠠᠭᠲᠠᠨ᠎ᠠ︶ ᠤᠨ ᠪᠥᠲᠥᠭᠡᠨ ᠪᠠᠶᠢᠭᠤᠯᠤᠯᠲᠠ ᠶᠢᠨ ᠠᠮᠤᠷ ᠲᠦᠪᠰᠢᠨ ᠤ ᠵᠠᠷᠤᠳᠠᠯ ᠳᠤ ᠲᠡᠷᠭᠡ ᠬᠤᠳᠠᠯᠳᠤᠨ ᠠᠪᠬᠤ ᠭᠠᠶᠢᠯᠢ ᠶᠢᠨ ᠵᠠᠮ ᠬᠠᠷᠢᠯᠴᠠᠭᠠᠨ ᠤ ᠲᠤᠰᠬᠠᠶ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ 4.04 ᠳ᠋ᠦᠩᠰᠢᠭᠤᠷ ᠲᠥᠭᠦᠷᠢᠭ ᠲᠣᠬᠢᠷᠠᠭᠤᠯᠵᠤ ᠬᠦᠷᠦᠯᠴᠡᠬᠦ ᠥᠬᠡᠶ ᠬᠡᠰᠡᠭ ᠢ ᠨᠢ ᠡᠷᠢᠶᠡᠨ ᠬᠤᠲᠠ ᠠᠴᠠ ᠥᠪᠡᠰᠦᠪᠡᠨ ᠴᠤᠭᠯᠠᠭᠤᠯᠵᠤ ᠰᠢᠢᠳᠪᠦᠷᠢᠯᠡᠨ᠎ᠡ᠃ ᠳᠠᠭᠠᠭᠠᠴᠢᠯᠠᠯᠲᠠ ᠵᠠᠷᠯᠠᠭᠴᠢ ᠨᠢ 331 ᠤᠯᠤᠰ ᠤᠨ ᠵᠠᠮ ᠤᠨ ᠡᠷᠢᠶᠡᠨ ᠬᠤᠲᠠ ᠠᠴᠠ ᠤᠬᠠᠭ᠎ᠠ ᠣᠪᠣᠭ᠎ᠠ ᠬᠦᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ︵ᠡᠷᠢᠶᠡᠨ ᠬᠤᠲᠠ ᠠᠴᠠ ᠠᠶᠢᠷᠠᠭ ᠤᠨ ᠰᠦᠮ᠎ᠡ ᠬᠦᠷᠬᠦ ᠬᠡᠰᠡᠭ︶᠂ ᠥᠮᠴᠢᠲᠡᠨ ᠨᠢ 331 ᠤᠯᠤᠰ ᠤᠨ ᠵᠠᠮ ᠤᠨ ᠡᠷᠢᠶᠡᠨ ᠬᠤᠲᠠ ᠠᠴᠠ ᠠᠶᠢᠷᠠᠭ ᠤᠨ ᠰᠦᠮ᠎ᠡ ᠬᠦᠷᠬᠦ ᠬᠡᠰᠡᠭ ᠤᠨ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ᠂ ᠵᠠᠰᠠᠮᠠᠯ ᠵᠠᠮ ᠤᠨ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠯᠲᠠ ᠨᠢ ᠥᠪᠥᠷ ᠮᠣᠩᠭᠤᠯ ᠤᠨ ᠯᠦ ᠴᠢᠶᠣᠣ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ G331 ᠱᠤᠭᠤᠮ ᠤᠨ ᠡᠷᠢᠶᠡᠨ ᠬᠤᠲᠠ ᠠᠴᠠ ᠠᠶᠢᠷᠠᠭ ᠤᠨ ᠰᠦᠮ᠎ᠡ ᠬᠦᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ SSZCB ᠲᠥᠷᠥᠯ ᠵᠦᠢᠯ ᠤᠨ ᠬᠡᠯᠲᠡᠰ ᠪᠣᠯᠤᠨ᠎ᠠ᠂ ᠳᠠᠭᠠᠳᠬᠠᠯ ᠤᠨ ᠵᠠᠭᠤᠴᠢᠯᠠᠬᠤ ᠺᠣᠮᠫᠠᠨᠢ ᠨᠢ ᠪᠡᠭᠡᠵᠢᠩ ᠤᠨ ᠲᠢᠶᠠᠨ ᠳ᠋ᠤᠤ ᠳᠠᠭᠠᠳᠬᠠᠯ  ᠤᠨ ᠵᠠᠭᠤᠴᠢᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠳᠠᠭᠠᠭᠠᠴᠢᠯᠠᠯᠲᠠ ᠵᠠᠷᠯᠠᠬᠤ ᠶᠢ ᠣᠷᠤᠯᠠᠬᠤ ᠪᠠᠶᠢᠭᠤᠯᠤᠮᠵᠢ  ᠨᠢ ᠪᠡᠭᠡᠵᠢᠩ ᠤᠨ ᠲᠢᠶᠠᠨ ᠳ᠋ᠤᠤ ᠳᠠᠭᠠᠳᠬᠠᠯ ᠤᠨ ᠵᠠᠭᠤᠴᠢᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠪᠣᠯᠤᠨ᠎ᠠ᠃ ᠲᠥᠷᠥᠯ ᠵᠦᠢᠯ ᠨᠢ ᠳᠠᠭᠠᠭᠠᠴᠢᠯᠠᠯᠲᠠ ᠵᠠᠷᠯᠠᠬᠤ ᠨᠥᠬᠦᠴᠡᠯ ᠢ ᠨᠢᠭᠡᠨᠲᠡ ᠪᠦᠷᠢᠯᠳᠦᠭᠦᠯᠦᠭᠡᠳ᠂ ᠡᠳᠦᠭᠡ ᠲᠤᠰ ᠲᠥᠷᠥᠯ ᠵᠦᠢᠯ ᠤᠨ ᠪᠠᠷᠢᠯᠭ᠎ᠠ ᠶᠢᠨ ᠳᠠᠭᠠᠳᠬᠠᠯ ︵ᠪᠠᠷᠢᠯᠭ᠎ᠠ ᠶᠢᠨ ᠠᠵᠢᠯ ᠤᠨ ᠠᠯᠢᠪᠠ ᠳᠠᠭᠠᠳᠬᠠᠯ᠂ ᠭᠤᠷᠪᠠᠳᠤᠭᠠᠷ ᠡᠲᠡᠭᠡᠳ ᠤᠨ ᠬᠠᠷᠢᠭᠤᠴᠠᠯᠭ᠎ᠠ ᠶᠢᠨ ᠳᠠᠭᠠᠳᠬᠠᠯ︶ ᠳᠤ ᠢᠯᠡ ᠪᠠᠷ ᠳᠠᠭᠠᠭᠠᠴᠢᠯᠠᠯᠲᠠ ᠵᠠᠷᠯᠠᠨ᠎ᠠ᠃      ᠳᠠᠭᠠᠭᠠᠴᠢᠯᠠᠯᠲᠠ ᠵᠠᠷᠯᠠᠬᠤ ᠳ᠋ᠤᠭᠠᠷ᠄ NMTD0002      ᠲᠥᠷᠥᠯ ᠵᠦᠢᠯ ᠤᠨ ᠲᠦᠢᠮᠣ ᠪᠠᠶᠢᠳᠠᠯ ᠵᠢᠴᠢ ᠳᠠᠭᠠᠭᠠᠴᠢᠯᠠᠯᠲᠠ ᠵᠠᠷᠯᠠᠬᠤ ᠬᠡᠪᠴᠢᠶ᠎ᠡ      1. ᠲᠥᠷᠥᠯ ᠵᠦᠢᠯ ᠤᠨ ᠲᠦᠢᠮᠣ ᠪᠠᠶᠢᠳᠠᠯ      ᠤᠯᠤᠰ ᠤᠨ ᠵᠠᠮ ᠤᠨ 331 ᠱᠤᠭᠤᠮ ᠤᠨ ᠡᠷᠢᠶᠡᠨ ᠬᠤᠲᠠ ᠠᠴᠠ ᠤᠬᠠᠭ᠎ᠠ ᠣᠪᠣᠭ᠎ᠠ ᠬᠦᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ︵ᠡᠷᠢᠶᠡᠨ ᠬᠤᠲᠠ ᠠᠴᠠ ᠠᠶᠢᠷᠠᠭ ᠤᠨ ᠰᠦᠮ᠎ᠡ ᠬᠦᠷᠬᠦ ᠬᠡᠰᠡᠭ︶ ᠶᠢᠨ ᠵᠠᠰᠠᠮᠠᠯ ᠵᠠᠮ ᠤᠨ ᠪᠠᠷᠢᠯᠭ᠎ᠠ ᠶᠢᠨ ᠲᠥᠷᠥᠯ ᠵᠦᠢᠯ ᠤᠨ ᠪᠦᠬᠦ ᠱᠤᠭᠤᠮ ᠤᠨ ᠰᠢᠷᠣᠶ ᠶᠢᠨ ᠪᠠᠷᠢᠯᠭ᠎ᠠ᠂ ᠭᠡᠷ ᠪᠠᠶᠢᠰᠢᠩ ᠪᠠᠷᠢᠬᠤ ᠪᠠᠷᠢᠯᠭ᠎ᠠ᠂ ᠪᠣᠯᠣᠳ ᠪᠦᠲᠦᠴᠡ ᠶᠢᠨ ᠪᠦᠬᠦᠬᠡᠭ᠂ ᠨᠣᠭᠤᠭᠠᠷᠠᠭᠤᠯᠤᠯᠲᠠ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠭᠦᠭᠡᠷᠦᠮᠵᠢ᠂ ᠴᠢᠮᠡᠭᠡ ᠬᠤᠯᠪᠣᠭᠠᠨ ᠤ ᠬᠤᠭᠤᠯᠠᠶ᠂ ᠵᠠᠮ ᠬᠠᠷᠢᠯᠴᠠᠭᠠᠨ ᠤ ᠠᠮᠤᠷ ᠲᠦᠪᠰᠢᠨ ᠤ ᠲᠦᠭᠦᠭᠡᠷᠦᠮᠵᠢ ᠶᠢᠨ ᠪᠠᠷᠢᠯᠭ᠎ᠠ᠂ ᠮᠠᠰᠢᠨ ᠴᠠᠬᠢᠯᠭᠠᠨ ᠤ ᠪᠠᠷᠢᠯᠭ᠎ᠠ ᠵᠢᠴᠢ ᠳᠠᠭᠠᠯᠲᠠ ᠪᠠᠷᠢᠯᠭ᠎ᠠ ᠶᠢ ᠪᠡᠶᠡᠯᠡᠭᠦᠯᠬᠦ ᠵᠢᠴᠢ ᠭᠡᠮ ᠰᠣᠭᠤᠭ ᠢ ᠵᠠᠰᠠᠨ ᠰᠡᠷᠭᠦᠭᠡᠬᠦ᠂ ᠳᠡᠭᠡᠷ᠎ᠡ ᠳᠤᠷᠠᠳᠤᠭᠰᠠᠨ ᠪᠠᠷᠢᠯᠭ᠎ᠠ ᠶᠢᠨ ᠬᠡᠮᠵᠢᠶ᠎ᠡ ᠶᠢ ᠪᠣᠳᠠᠲᠠᠶ ᠪᠠᠷ ᠪᠠᠷᠢᠮᠵᠢᠶ᠎ᠠ ᠪᠣᠯᠭᠠᠨ᠎ᠠ᠃      ᠲᠣᠰ ᠲᠥᠷᠥᠯ ᠵᠦᠢᠯ ᠤᠨ ᠲᠥᠯᠥᠪᠯᠡᠭᠰᠡᠨ ᠠᠵᠢᠯ ᠤᠨ ᠬᠤᠭᠤᠴᠠᠭ᠎ᠠ᠄ ᠲᠥᠷᠥᠯ ᠵᠦᠢᠯ ᠤᠨ ᠶᠡᠷᠦᠩᠬᠡᠶ ᠠᠵᠢᠯ ᠤᠨ ᠬᠤᠭᠤᠴᠠᠭ᠎ᠠ ᠶᠢ 24 ᠰᠠᠷ᠎ᠠ ᠪᠠᠷ ᠤᠷᠢᠳᠴᠢᠯᠠᠨ ᠵᠢᠱᠢᠪᠠ᠃      2. ᠳᠠᠭᠠᠭᠠᠴᠢᠯᠠᠯᠲᠠ ᠵᠠᠷᠯᠠᠬᠤ ᠬᠡᠪᠴᠢᠶ᠎ᠡ      ᠲᠣᠰ ᠲᠥᠷᠥᠯ ᠵᠦᠢᠯ ᠤᠨ ᠪᠠᠷᠢᠯᠭ᠎ᠠ ᠤᠨ ᠳᠠᠭᠠᠳᠬᠠᠯ ᠤᠨ ᠳᠠᠭᠠᠭᠠᠴᠢᠯᠠᠯᠲᠠ ᠵᠠᠷᠯᠠᠬᠤ ᠶᠢ ᠨᠢᠭᠡ ᠳᠠᠭᠠᠳᠬᠠᠯ  ᠤᠨ ᠳᠠᠭᠠᠭᠠᠴᠢᠯᠠᠯᠲᠠ ᠬᠡᠰᠡᠭ ᠪᠣᠯᠭᠠᠨ ᠬᠤᠪᠢᠶᠠᠵᠤ᠂ ᠳᠠᠭᠠᠭᠠᠴᠢᠯᠠᠯᠲᠠ ᠵᠠᠷᠯᠠᠬᠤ ᠬᠡᠪᠴᠢᠶ᠎ᠡ ᠨᠢ᠄ ᠪᠠᠷᠢᠯᠭ᠎ᠠ ᠶᠢᠨ ᠭᠠᠵᠠᠷ ᠤᠨ ᠬᠦᠷᠢᠶ᠎ᠡ ᠬᠡᠪᠴᠢᠶ᠎ᠡ ︵ᠪᠠᠷᠢᠯᠭ᠎ᠠ ᠪᠠᠷᠢᠵᠤ ᠪᠠᠶᠢᠭ᠎ᠠ ᠭᠠᠵᠠᠷ ᠵᠢᠴᠢ ᠲᠦᠷ ᠴᠠᠭ‌‍ᠤᠨ ᠪᠠᠷᠢᠯᠭ᠎ᠠ︶ ᠶᠢᠨ ᠳᠣᠲᠣᠷᠠᠬᠢ ᠠᠯᠢᠪᠠ ᠳᠠᠭᠠᠳᠬᠠᠭᠳᠠᠭᠴᠢ ᠳᠤ ᠬᠠᠷᠢᠶᠠᠯᠠᠭᠳᠠᠬᠤ ᠪᠤᠶᠤ ᠳᠠᠭᠠᠳᠬᠠᠭᠳᠠᠭᠴᠢ ᠶᠢᠨ ᠡᠵᠡᠮᠰᠢᠬᠦ᠂ ᠬᠡᠷᠡᠭᠯᠡᠬᠦ᠂ ᠬᠠᠷᠢᠭᠤᠴᠠᠬᠤ ᠡᠳ᠋ ᠬᠥᠷᠥᠩᠭᠡ᠂ ᠡᠭᠦᠨ ᠳᠤ ᠪᠠᠭᠲᠠᠭᠠᠬᠤ ᠪᠣᠯᠪᠠᠴᠤ ᠬᠢᠵᠠᠭᠠᠷᠯᠠᠭᠳᠠᠬᠤ ᠥᠬᠡᠶ ᠨᠢ᠄ ᠡᠭᠦᠷᠢᠳᠡ ᠶᠢᠨ ᠪᠠᠷᠢᠯᠭ᠎ᠠ ᠶᠢᠨ ᠪᠠᠶᠢᠭ᠎ᠠ ᠭᠠᠵᠠᠷ ᠵᠢᠴᠢ ᠪᠠᠷᠢᠯᠭ᠎ᠠ ᠪᠠᠷᠢᠬᠤ ᠳᠤ ᠲᠤᠰᠬᠠᠶ ᠬᠡᠷᠡᠭᠯᠡᠬᠦ ᠪᠠᠷᠢᠯᠭ᠎ᠠ ᠪᠠᠷᠢᠬᠤ ᠣᠷᠣᠨ ᠪᠦᠰᠡ᠂ ᠮᠠᠲ᠋ᠧᠷᠢᠶᠠᠯ ᠤᠨ ᠤᠷᠢᠳᠴᠢᠯᠠᠨ ᠦᠢᠯᠡᠳᠬᠦ ᠲᠣᠨᠣᠭᠯᠠᠭᠠᠰᠤ ᠶᠢᠨ ᠰᠠᠭᠤᠷᠢᠨ ᠭᠠᠵᠠᠷ ᠪᠠ ᠪᠤᠰᠤᠳ ᠲᠦᠷ ᠴᠠᠭ ᠤᠨ ᠢᠨᠵᠧᠨᠧᠷᠢᠩ᠂ ᠲᠦᠷ ᠴᠠᠭ ᠤᠨ ᠪᠠᠷᠢᠯᠭ᠎ᠠ᠂ ᠲᠦᠷ ᠴᠠᠭ ᠤᠨ ᠲᠥᠬᠦᠭᠡᠷᠦᠮᠵᠢ ᠶᠢᠨ ᠪᠠᠶᠢᠭ᠎ᠠ ᠭᠠᠵᠠᠷ ᠵᠡᠷᠭᠡ᠄      ︵1︶ ᠪᠠᠷᠢᠯᠭ᠎ᠠ ᠶᠢᠨ ᠵᠠᠮ ᠳᠠᠭᠠᠤ ᠶᠢᠨ ᠡᠭᠦᠷᠢᠳᠡ ᠶᠢᠨ ᠪᠠᠷᠢᠯᠭ᠎ᠠ ᠶᠢᠨ ᠪᠠᠶᠢᠭ᠎ᠠ ᠭᠠᠵᠠᠷ︔      ︵2︶ ᠪᠠᠷᠢᠯᠭ᠎ᠠ ᠪᠠᠷᠢᠬᠤ ᠳᠤ ᠬᠡᠷᠡᠭᠰᠡᠬᠦ ᠪᠤᠰᠤᠳ ᠲᠤᠰᠬᠠᠶ ᠬᠡᠷᠡᠭᠯᠡᠬᠦ ᠪᠠᠷᠢᠯᠭ᠎ᠠ ᠶᠢᠨ ᠣᠷᠣᠨ ᠪᠦᠰᠡ᠂ ᠤᠷᠢᠳᠴᠢᠯᠠᠨ ᠦᠢᠯᠡᠳᠬᠦ ᠲᠣᠨᠣᠭᠯᠠᠭᠠᠰᠤ ᠶᠢᠨ ᠰᠠᠭᠤᠷᠢᠨ ᠭᠠᠵᠠᠷ︔      ︵3︶ ᠪᠠᠷᠢᠯᠭ᠎ᠠ ᠶᠢᠨ ᠲᠥᠬᠦᠭᠡᠷᠦᠮᠵᠢ ᠵᠢᠴᠢ ᠮᠠᠲ᠋ᠧᠷᠢᠶᠠᠯ ᠢ ᠲᠡᠭᠡᠭᠡᠪᠦᠷᠢᠯᠡᠨ ᠬᠦᠷᠭᠡᠬᠦ᠂ ᠬᠠᠳᠠᠭᠠᠯᠠᠬᠤ ᠲᠠᠯᠠᠪᠤᠷ︔      ︵4︶ ᠲᠦᠷ ᠴᠠᠭ ᠤᠨ ᠢᠨᠵᠧᠨᠧᠷᠢᠩ᠂ ᠲᠦᠷ ᠴᠠᠭ ᠤᠨ ᠪᠠᠷᠢᠯᠭ᠎ᠠ᠂ ᠲᠦᠷ ᠴᠠᠭ ᠤᠨ ᠲᠥᠬᠦᠭᠡᠷᠦᠮᠵᠢ ᠶᠢᠨ ᠪᠠᠶᠢᠭ᠎ᠠ ᠣᠷᠣᠨ ᠪᠦᠰᠡ ︵ᠡᠵᠡᠯᠡᠭᠰᠡᠨ ᠪᠤᠶᠤ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠵᠠᠮ ᠵᠡᠷᠭᠡ ᠪᠠᠭᠲᠠᠨ᠎ᠠ︶︔      ︵5︶ ᠳᠡᠭᠡᠷ᠎ᠡ ᠳᠤᠷᠠᠳᠤᠭᠰᠠᠨ ᠠᠳᠠᠯᠢ ᠪᠤᠰᠤ ᠣᠷᠣᠨ ᠪᠦᠰᠡ ᠶᠢᠨ ᠬᠤᠭᠤᠷᠣᠨᠳᠣᠬᠢ ᠠᠯᠢᠪᠠ ᠲᠡᠭᠡᠭᠡᠪᠦᠷᠢ  ᠶᠢᠨ ᠵᠠᠮ ᠳᠤᠮᠳᠠ ᠵᠢᠴᠢ ᠲᠣᠰ ᠲᠥᠷᠥᠯ ᠵᠦᠢᠯ ᠤᠨ ᠤᠯᠤᠰ ᠤᠨ ᠳᠣᠲᠣᠭᠠᠳᠤ ᠶᠢᠨ ᠡᠳ᠋ ᠪᠣᠳᠠᠰ ᠢ ᠳᠡᠭᠡᠷ᠎ᠡ ᠳᠤᠷᠠᠳᠤᠭᠰᠠᠨ ᠠᠳᠠᠯᠢ ᠪᠤᠰᠤ ᠣᠷᠣᠨ ᠪᠦᠰᠡ ᠶᠢᠨ ᠬᠤᠭᠤᠷᠣᠨᠳᠣᠬᠢ ᠡᠬᠡ ᠬᠠᠭᠤᠷᠠᠶ ᠶᠢᠨ ᠲᠡᠭᠡᠭᠡᠪᠦᠷᠢ ᠶᠢᠨ ᠵᠠᠮ  ᠲᠤᠮᠳᠠ ᠳᠤ ᠬᠠᠩᠭᠠᠬᠤ︔      3᠂ ᠠᠭᠤᠯᠭ᠎ᠠ ᠵᠢᠴᠢ ᠳᠠᠭᠠᠭᠠᠴᠢᠯᠠᠯᠲᠠ ᠶᠢᠨ ᠬᠡᠰᠡᠭ ᠤᠨ ᠪᠠᠶᠢᠳᠠᠯ᠄
     ᠣᠨᠴᠠᠭᠠᠶ ᠲᠣᠳᠣᠷᠬᠠᠶᠢᠯᠠᠯᠲᠠ᠄      ᠲᠣᠰ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠤ ᠣᠷᠣᠯᠴᠠᠬᠤ ᠳᠤ ᠴᠥᠮ 60 ᠡᠳᠦᠷ ᠤᠨ ᠲᠦᠷ ᠳᠠᠭᠠᠳᠬᠠᠬᠤ ᠪᠠᠷ ᠠᠮᠠᠯᠠᠬᠤ ᠬᠡᠷᠡᠭᠲᠡᠶ᠂ ︽ᠳᠠᠭᠠᠭᠠᠴᠢᠯᠠᠯᠲᠠ ᠵᠠᠷᠯᠠᠬᠤ ᠠᠯᠪᠠᠨ ᠵᠠᠷ︾ ᠤᠨ ᠳᠠᠭᠠᠯᠳᠤᠭᠤᠯᠤᠯ ᠳᠤ ᠨᠠᠷᠢᠨ ᠦᠵᠡ᠃      ᠭᠤᠷᠪᠠ᠂ ᠳᠠᠭᠠᠭᠠᠴᠢᠯᠠᠯᠲᠠ ᠬᠦᠯᠢᠶᠡᠭᠴᠢ ᠶᠢᠨ ᠬᠢᠷᠢ ᠭᠡᠮ ᠤᠨ ᠱᠠᠭᠠᠷᠳᠠᠯᠭ᠎ᠠ      1᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ  ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠶᠢᠨ ᠬᠤᠷᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄      ︵1︶ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ︔      ︵2︶ ᠰᠠᠶᠢᠨ ᠰᠠᠶᠢᠬᠠᠨ ᠬᠤᠳᠠᠯᠳᠤᠭᠠᠨ ᠤ ᠢᠲᠡᠭᠡᠯ ᠬᠦᠨᠳᠦ ᠪᠠ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠲᠦᠷᠢᠮ ᠲᠠᠢ ᠪᠠᠶᠢᠬᠤ︔      ︵3︶ ᠭᠡᠷ᠎ᠡ ᠶᠢ ᠭᠦᠢᠴᠡᠳᠭᠡᠬᠦ ᠳᠤ ᠵᠠᠪᠠᠯ ᠱᠠᠭᠠᠷᠳᠠᠭᠳᠠᠬᠤ ᠲᠥᠬᠦᠭᠡᠷᠦᠮᠵᠢ ᠪᠠ ᠲᠤᠰᠬᠠᠶ ᠮᠡᠷᠭᠡᠵᠢᠯ ᠤᠨ ᠴᠢᠳᠠᠪᠦᠷᠢ ᠲᠠᠢ ᠪᠠᠶᠢᠬᠤ︔      ︵4︶ ᠭᠠᠶᠢᠯᠢ ᠲᠠᠲᠠᠪᠤᠷᠢ ᠪᠠ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠬᠠᠤᠯᠢ ᠶᠣᠰᠣᠭᠠᠷ ᠲᠤᠰᠢᠶᠠᠭᠰᠠᠨ ᠰᠠᠶᠢᠨ ᠲᠡᠮᠳᠡᠭᠯᠡᠯ ᠲᠠᠢ ᠪᠠᠶᠢᠬᠤ︔      ︵5︶ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ ᠵᠢᠯ ᠤᠨ ᠲᠣᠲᠤᠷ᠎ᠠ᠂ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠬᠦᠨᠳᠦ ᠶᠡᠭᠡ ᠬᠠᠤᠯᠢ ᠠᠴᠠ ᠵᠥᠷᠢᠴᠡᠭᠰᠡᠨ ᠲᠡᠮᠳᠡᠭᠯᠡᠯ ᠪᠠᠶᠢᠬᠤ ᠦᠭᠡᠢ︔      ︵6︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ᠃      2᠂ ᠤᠯᠤᠰ ᠤᠨ ᠬᠠᠤᠯᠢ ᠴᠠᠭᠠᠵᠠ ᠶᠢᠨ ᠲᠣᠭᠲᠠᠭᠠᠯ ᠵᠢᠴᠢ ᠬᠤᠳᠠᠯᠳᠤᠨ ᠠᠪᠬᠤ ᠨᠢᠭᠡᠴᠢ ᠶᠢᠨ ᠱᠠᠭᠠᠷᠳᠠᠯᠭ᠎ᠠ ᠶᠢ ᠦᠨᠳᠦᠰᠦᠯᠡᠨ᠂ ᠳᠠᠭᠠᠭᠠᠴᠢᠯᠠᠯᠲᠠ ᠬᠦᠯᠢᠶᠡᠭᠴᠢ ᠨᠢ ᠲᠦᠰᠢᠭᠯᠡᠬᠦ᠂ ᠰᠢᠯᠵᠢᠭᠦᠯᠦᠨ ᠳᠠᠭᠠᠭᠠᠴᠢᠯᠠᠭᠤᠯᠬᠤ᠂ ᠬᠠᠤᠯᠢ ᠠᠴᠠ ᠵᠥᠷᠢᠴᠡᠨ ᠬᠤᠪᠢᠶᠠᠨ ᠳᠠᠭᠠᠭᠠᠴᠢᠯᠠᠭᠤᠯᠬᠤ ᠠᠵᠢᠯᠯᠠᠭ᠎ᠠ ᠪᠠᠶᠢᠵᠤ ᠪᠣᠯᠬᠤ ᠦᠭᠡᠢ ᠂ ᠣᠯᠵᠤ ᠮᠡᠳᠡᠪᠡᠯ᠂ ᠲᠣᠰ ᠲᠥᠷᠥᠯ ᠵᠦᠢᠯ ᠤᠨ ᠳᠠᠭᠠᠭᠠᠴᠢᠯᠠᠯᠲᠠ ᠣᠯᠤᠭᠰᠠᠨ ᠨᠢ ᠬᠦᠴᠦᠨ ᠥᠬᠡᠶ ᠪᠣᠯᠵᠤ᠂ ᠬᠤᠳᠠᠯᠳᠤᠨ ᠠᠪᠬᠤ ᠨᠢᠭᠡᠴᠢ ᠶᠢᠨ ᠬᠠᠮᠢᠶ᠎ᠠ ᠪᠥᠬᠦᠶ ᠬᠤᠬᠢᠷᠠᠯ ᠢ ᠳᠥᠯᠥᠨ᠎ᠡ᠃      3᠂ ᠳᠠᠭᠠᠭᠠᠴᠢᠯᠠᠯᠲᠠ ᠬᠦᠯᠢᠶᠡᠭᠴᠢ ᠶᠢᠨ ᠬᠢᠷᠢ ᠬᠡᠮ᠂ ᠢᠲᠡᠭᠡᠯ ᠬᠦᠨᠳᠦ ᠶᠢᠨ ᠱᠠᠭᠠᠷᠳᠠᠯᠭ᠎ᠠ᠄      ︵1︶ ᠳᠠᠭᠠᠭᠠᠴᠢᠯᠠᠯᠲᠠ ᠬᠦᠯᠢᠶᠡᠭᠴᠢ ᠨᠢ ᠡᠷᠬᠡᠪᠰᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷ᠎ᠠ ᠳᠠᠩᠰᠠᠯᠠᠭᠤᠯᠤᠭᠰᠠᠨ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠦᠪᠰᠢᠶᠡᠷᠡᠭᠦᠯᠵᠦ ᠪᠠᠶᠢᠭᠤᠯᠤᠭᠰᠠᠨ ᠪᠥᠭᠡᠳ ᠪᠡᠶ᠎ᠡ ᠪᠠᠨ ᠳᠠᠭᠠᠭᠠᠭᠰᠠᠨ ᠬᠠᠤᠯᠢ ᠶᠢᠨ ᠬᠥᠮᠦᠨ ᠤ ᠬᠢᠷᠢ ᠬᠡᠮ ᠢ ᠪᠦᠷᠢᠯᠳᠦᠭᠦᠯᠦᠭᠰᠡᠨ ᠡᠳ᠋ ᠬᠦᠷᠦᠩᠭᠡ ᠶᠢᠨ ᠳᠠᠭᠠᠳᠬᠠᠯ ᠤᠨ ᠺᠣᠮᠫᠠᠨᠢ ᠪᠤᠶᠤ ᠲᠡᠭᠦᠨ ᠤ ᠡᠷᠬᠡ ᠣᠯᠭᠤᠭᠰᠠᠨ ᠮᠤᠵᠢ ᠶᠢᠨ ᠱᠠᠲᠤᠨ ᠤ ᠰᠠᠯᠪᠤᠷᠢ ᠪᠠᠶᠢᠭᠤᠯᠤᠮᠵᠢ ᠪᠠᠶᠢᠵᠤ᠂ ᠰᠠᠯᠪᠤᠷᠢ ᠪᠠᠶᠢᠭᠤᠯᠤᠮᠵᠢ ᠨᠢ ᠳᠠᠭᠠᠭᠠᠴᠢᠯᠠᠯᠲᠠ ᠳᠤ ᠣᠷᠣᠯᠴᠠᠭᠰᠠᠨ ᠪᠠᠶᠢᠪᠠᠯ᠂ ᠶᠡᠷᠦᠩᠬᠡᠶ ᠺᠣᠮᠫᠠᠨᠢ ᠶᠢᠨ ᠲᠤᠰ ᠲᠦᠷᠦᠯ ᠵᠦᠢᠯ ᠳᠤ ᠴᠢᠭᠯᠡᠭᠦᠯᠦᠭᠰᠡᠨ ᠡᠷᠬᠡ ᠣᠯᠭᠤᠬᠤ ᠪᠢᠴᠢᠭ ᠢ ᠬᠠᠩᠭᠠᠬᠤ ᠬᠡᠷᠡᠭᠲᠡᠶ᠃      ︵2︶ ᠳᠠᠭᠠᠭᠠᠴᠢᠯᠠᠯᠲᠠ ᠬᠦᠯᠢᠶᠡᠭᠴᠢ ᠨᠢ ᠡᠷᠬᠡᠪᠰᠢ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠢᠨᠠᠨ ᠣᠯᠭᠤᠭᠰᠠᠨ ᠠᠵᠤ ᠠᠬᠤᠶᠢᠯᠠᠯ ᠤᠨ ᠬᠠᠤᠯᠢ ᠶᠢᠨ ᠡᠷᠭᠡᠲᠡᠨ ᠤ ᠡᠵᠡᠩᠨᠡᠯᠲᠡ ᠶᠢᠨ ᠦᠨᠡᠮᠯᠡᠯ ᠵᠢᠴᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠣᠯᠭᠤᠭᠰᠠᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠡᠵᠡᠩᠨᠡᠬᠦ ᠵᠥᠪᠰᠢᠶᠡᠷᠡᠯ ᠤᠨ ᠦᠨᠡᠮᠯᠡᠯ ︵ᠬᠦᠴᠦᠨ ᠲᠠᠢ ᠬᠤᠭᠤᠴᠠᠭᠠᠨ ᠲᠣᠲᠤᠷ᠎ᠠ︶ ᠪᠠᠶᠢᠬᠤ ᠬᠡᠷᠡᠭᠲᠡᠶ︔      ︵3︶ ᠪᠠᠶᠢᠩᠭᠤ ᠰᠠᠭᠤᠭ᠎ᠠ ᠲᠥᠷᠥᠯ ᠵᠦᠢᠯ ᠤᠨ ᠲᠤᠬᠠᠶ ᠶᠢᠨ ᠲᠠᠯᠠᠪᠤᠷ ᠲᠤ 2 ᠦᠢᠯᠡᠴᠢᠯᠡᠭᠡ ᠬᠠᠩᠭᠠᠬᠤ ᠪᠠ ᠲᠠᠭᠠᠳᠬᠠᠯ ᠤᠨ ᠲᠦᠯᠦᠪᠦᠷᠢ ᠶᠢᠨ ᠬᠡᠷᠡᠭ ᠢ ᠴᠠᠭ ᠲᠤᠬᠠᠶ ᠳᠤ ᠨᠢ ᠰᠢᠢᠳᠪᠦᠷᠢᠯᠡᠬᠦ ᠴᠢᠳᠠᠪᠤᠷᠢ ᠲᠠᠢ ᠪᠠᠶᠢᠬᠤ︔      ︵4︶ ᠳᠠᠭᠠᠳᠬᠠᠯ ᠤᠨ ᠺᠣᠮᠫᠠᠨᠢ ᠶᠢᠨ ᠲᠤᠬᠠᠶᠢᠯᠠᠭᠰᠠᠨ ᠠᠵᠢᠯ ᠤᠨ ᠳᠠᠭᠠᠭᠠᠨ ᠠᠪᠬᠤ ᠬᠡᠪᠴᠢᠶ᠎ᠡ ᠨᠢ ᠡᠷᠬᠡᠪᠰᠢ ᠳᠠᠭᠠᠳᠬᠠᠯ ᠤᠨ ᠪᠠᠶᠢᠭᠤᠯᠤᠮᠵᠢ ᠶᠢᠨ ᠬᠢᠨᠠᠨ ᠬᠠᠮᠢᠶᠠᠷᠬᠤ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ︔      ︵5︶ ᠲᠣᠰ ᠲᠥᠷᠥᠯ ᠵᠦᠢᠯ ᠳᠤ ᠬᠤᠯᠪᠣᠭᠠᠲᠤ ᠴᠣᠭᠴᠠ ᠶᠢᠨ ᠳᠠᠭᠠᠭᠠᠴᠢᠯᠠᠯᠲᠠ ᠬᠦᠯᠢᠶᠡᠬᠦ ᠶᠢ ᠭᠥᠯᠢᠶᠡᠨ ᠠᠪᠬᠤ  ᠦᠭᠡᠢ︔ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠨᠢ ᠠᠳᠠᠯᠢ ᠨᠢᠭᠡ ᠬᠥᠮᠦᠨ ᠪᠤᠶᠤ ᠰᠢᠭᠤᠳ ᠬᠤᠪᠢ ᠡᠵᠡᠮᠳᠡᠭᠰᠡᠨ᠂ ᠬᠠᠮᠢᠶᠠᠷᠤᠯᠲᠠ ᠶᠢᠨ ᠬᠠᠷᠢᠴᠠᠭ᠎ᠠ ᠲᠠᠢ ᠠᠳᠠᠯᠢ ᠪᠤᠰᠤ ᠳᠠᠭᠠᠭᠠᠴᠢᠯᠠᠯᠲᠠ ᠬᠦᠯᠢᠶᠡᠭᠴᠢ᠂ ᠡᠭᠡ ᠺᠣᠮᠫᠠᠨᠢ᠂ ᠪᠦᠬᠦ ᠪᠡᠯᠡᠳᠦ ᠺᠣᠮᠫᠠᠨᠢ ᠵᠢᠴᠢ ᠲᠡᠭᠦᠨ ᠤ ᠬᠤᠪᠢ ᠡᠵᠡᠮᠳᠡᠭᠰᠡᠨ ᠺᠣᠮᠫᠠᠨᠢ ᠨᠢ ᠠᠳᠠᠯᠢ ᠪᠤᠰᠤ ᠬᠠᠩᠭᠠᠯᠭ᠎ᠠ ᠶᠢᠨ ᠬᠤᠳᠠᠯᠳᠤᠭᠠᠴᠢᠨ ᠪᠠᠶᠢᠬᠤ ᠨᠢ ᠲᠤᠰ ᠤᠳᠠᠭᠠᠨ ᠤ ᠳᠠᠭᠠᠭᠠᠴᠢᠯᠠᠯᠲᠠ ᠵᠠᠷᠯᠠᠬᠤ ᠲᠦᠷᠦᠯ ᠵᠦᠢᠯ ᠳᠤ ᠵᠡᠷᠭᠡᠪᠡᠷ ᠣᠷᠣᠯᠴᠠᠵᠤ ᠪᠣᠯᠬᠤ ᠤᠢᠭᠡᠢ᠃      ︵6︶ ᠳᠠᠭᠠᠭᠠᠴᠢᠯᠠᠯᠲᠠ ᠬᠦᠯᠢᠶᠡᠭᠴᠢ ᠨᠢ ᠢᠲᠡᠭᠡᠮᠵᠢ ᠶᠢᠨ ᠳᠤᠮᠳᠠᠳᠤ ᠤᠯᠤᠰ ᠤᠨ ᠰᠦᠯᠵᠢᠶ᠎ᠡ ︵http://www. creditchina.gov.cn︶ ᠳᠤ᠂ ᠢᠲᠡᠭᠡᠮᠵᠢ ᠠᠯᠳᠠᠭᠰᠠᠨ ᠭᠦᠢᠴᠡᠳᠭᠡᠭᠳᠡᠭᠴᠢ᠂ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠶᠢ ᠵᠦᠷᠢᠴᠡᠭᠰᠡᠨ ᠬᠡᠷᠡᠭ ᠤᠨ ᠲᠤᠬᠠᠶ ᠶᠢᠨ ᠬᠥᠮᠦᠨ ᠤ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠤ ᠬᠦᠨᠳᠦ ᠨᠣᠴᠢᠲᠠᠢ ᠬᠠᠤᠯᠢ ᠵᠥᠷᠢᠴᠡᠵᠦ ᠢᠲᠡᠭᠡᠮᠵᠢ ᠠᠯᠳᠠᠭᠰᠠᠨ ᠠᠵᠢᠯᠯᠠᠭ᠎ᠠ  ᠶᠢᠨ ᠲᠡᠮᠳᠡᠭᠯᠡᠯ ᠤᠨ ᠨᠡᠷᠡᠰ ᠲᠤ ᠵᠢᠭᠰᠠᠭᠠᠭᠳᠠᠭᠰᠠᠨ ᠦᠭᠡᠢ᠂ ᠵᠠᠰᠠᠭ ᠵᠠᠬᠢᠷᠭᠠᠨ ᠤ ᠰᠢᠢᠳᠭᠡᠯ ᠥᠭᠭᠦᠭᠰᠡᠨ ᠦᠭᠡᠢ᠂ ᠬᠠᠷ᠎ᠠ ᠳᠠᠩᠰᠠᠨ ᠳᠤ ᠵᠢᠭᠰᠠᠭᠠᠭᠳᠠᠭᠰᠠᠨ ᠦᠭᠡᠢ︔ ︽ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ︾  ᠰᠦᠯᠵᠢᠶ᠎ᠡ ︵http://www.gsxt.gov.cn/index.html︶ ᠳᠤ ᠬᠡᠪ ᠤᠨ ᠪᠤᠰᠤ ᠡᠵᠡᠩᠨᠡᠯᠲᠡ ᠶᠢᠨ ᠨᠡᠷᠡᠰ ᠤᠨ ᠮᠡᠳᠡᠭᠡ ᠵᠠᠩᠭᠢ ᠵᠢᠴᠢ ᠬᠦᠨᠳᠦ ᠨᠣᠴᠢᠲᠠᠢ ᠬᠠᠤᠯᠢ ᠠᠴᠠ ᠵᠥᠷᠢᠴᠡᠵᠦ ᠢᠲᠡᠭᠡᠮᠵᠢ ᠠᠯᠳᠠᠭᠰᠠᠨ ᠠᠵᠤ ᠠᠬᠤᠶᠢᠯᠠᠯ ᠤᠨ ᠨᠡᠷᠡᠰ ᠲᠤ ᠵᠢᠭᠰᠠᠭᠠᠭᠳᠠᠭᠰᠠᠨ ᠥᠬᠡᠶ︔ ︽ᠳᠤᠮᠳᠠᠳᠤ ᠤᠯᠤᠰ ᠤᠨ ᠭᠦᠢᠴᠡᠳᠭᠡᠬᠦ ᠮᠡᠳᠡᠭᠡ ᠵᠠᠩᠭᠢ ᠶᠢ ᠢᠯᠡ ᠪᠣᠯᠭᠠᠬᠤ︾ ᠰᠦᠯᠵᠢᠶ᠎ᠡ ᠳᠤ ︵http://zxgk.cour.gov.cn/︶ ᠨᠢᠭᠡᠴᠢ ᠵᠢᠴᠢ ᠬᠠᠤᠯᠢ ᠪᠠᠷ ᠲᠣᠭᠲᠠᠭᠠᠭᠰᠠᠨ ᠲᠦᠯᠦᠭᠡᠯᠡᠭᠴᠢ ᠶᠢ ᠢᠲᠡᠭᠡᠮᠵᠢ ᠠᠯᠳᠠᠭᠰᠠᠨ ᠭᠦᠢᠴᠡᠳᠭᠡᠭᠳᠡᠭᠴᠢ ᠳᠤ ᠣᠷᠣᠭᠤᠯᠤᠭᠰᠠᠨ ᠦᠭᠡᠢ᠃      ︵7︶ ᠬᠠᠩᠭᠠᠯᠭ᠎ᠠ ᠶᠢᠨ ᠬᠤᠳᠠᠯᠳᠤᠭᠠᠴᠢᠨ ᠨᠢ ᠳᠣᠣᠷᠠᠬᠢ ᠮᠡᠲᠦ ᠪᠠᠶᠢᠳᠠᠯ ᠭᠠᠷᠪᠠᠯ ᠳᠠᠭᠠᠭᠠᠴᠢᠯᠠᠯᠲᠠ ᠬᠦᠯᠢᠶᠡᠵᠦ ᠨᠡᠷ᠎ᠡ ᠮᠡᠳᠡᠭᠦᠯᠵᠦ ᠪᠣᠯᠬᠤ ᠦᠭᠡᠢ᠄      ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠭᠰᠠᠨ︔ ᠳᠠᠭᠠᠭᠠᠴᠢᠯᠠᠯᠲᠠ ᠬᠦᠯᠢᠶᠡᠬᠦ ᠬᠢᠷᠢ ᠬᠡᠮ ᠢᠶᠠᠨ ᠲᠦᠷ ᠵᠣᠭᠰᠤᠭᠠᠭᠲᠠᠭᠰᠠᠨ ᠪᠤᠶᠤ ᠬᠦᠴᠦᠨ ᠦᠭᠡᠢ ᠪᠣᠯᠭᠠᠭᠳᠠᠭᠰᠠᠨ︔ ᠡᠳ᠋ ᠬᠦᠷᠦᠩᠭᠡ ᠶᠢ ᠨᠢ ᠬᠦᠯᠢᠶᠡᠠ ᠠᠪᠴᠤ ᠬᠠᠮᠢᠶᠠᠷᠤᠭᠰᠠᠨ ᠪᠤᠶᠤ ᠴᠡᠪᠳᠡᠭᠯᠡᠭᠰᠡᠨ︔ ᠢᠲᠡᠭᠡᠮᠵᠢ ᠠᠯᠳᠠᠭᠰᠠᠨ ᠭᠦᠢᠴᠡᠳᠭᠡᠭᠳᠡᠭᠴᠢ ᠶᠢᠨ ᠨᠡᠷᠡᠰ ᠲᠤ ᠣᠷᠤᠭᠤᠯᠤᠭᠰᠠᠨ︔ ᠠᠵᠤ ᠠᠬᠤᠶᠢᠯᠠᠯ ᠵᠢᠴᠢ ᠠᠵᠤ ᠠᠬᠤᠶᠢᠯᠠᠯ ᠤᠨ ᠬᠠᠤᠯᠢ ᠶᠢᠨ ᠡᠷᠭᠡᠲᠡᠨ᠂ ᠲᠦᠷᠦᠯ ᠵᠦᠢᠯ ᠤᠨ ᠬᠠᠷᠢᠭᠤᠴᠠᠯᠭᠠᠲᠠᠨ ᠨᠢ ᠬᠡᠭᠡᠯᠢ ᠲᠦᠯᠬᠢᠭᠰᠡᠨ ᠶᠠᠯᠠᠲᠤ ᠠᠵᠢᠯᠯᠠᠭ᠎ᠠ ᠶᠢᠨ ᠲᠡᠮᠳᠡᠭᠯᠡᠯ ᠲᠠᠢ ᠪᠠᠶᠢᠬᠤ︔ ᠵᠠᠷᠭᠤᠯᠳᠤᠭᠠᠨ ᠳᠤ ᠬᠤᠯᠪᠣᠭᠳᠠᠭᠰᠠᠨ ᠬᠡᠷᠡᠭ ᠢ ᠬᠢᠨᠠᠨ ᠪᠠᠶᠢᠴᠠᠭᠠᠬᠤ ᠺᠣᠮᠢᠰ ᠤᠨ ᠮᠠᠭᠠᠳᠯᠠᠨ ᠲᠣᠭᠲᠠᠭᠠᠭᠰᠠᠨ ᠨᠢ ᠲᠤᠰ ᠲᠦᠷᠦᠯ ᠵᠦᠢᠯ ᠢ ᠡᠭᠦᠷᠭᠡᠯᠡᠬᠦ ᠳᠤ ᠴᠢᠬᠤᠯᠠ ᠶᠡᠭᠡ ᠨᠥᠯᠥᠭᠡ ᠦᠵᠡᠭᠦᠯᠦᠭᠰᠡᠨ᠃      ︵8︶ ᠲᠣᠰ ᠲᠥᠷᠥᠯ ᠵᠦᠢᠯ ᠤᠨ ᠪᠠᠷᠢᠯᠭ᠎ᠠ ᠶᠢᠨ ᠳᠠᠭᠠᠳᠬᠠᠯ ᠤᠨ ᠳᠠᠭᠠᠭᠠᠴᠢᠯᠠᠯᠲᠠ ᠬᠡᠰᠡᠭ ᠨᠢ 1 ᠳᠠᠭᠠᠳᠬᠠᠯ ᠤᠨ ᠳᠠᠭᠠᠭᠠᠴᠢᠯᠠᠯᠲᠠ ᠶᠢᠨ ᠬᠡᠰᠡᠭ ᠪᠣᠯᠤᠨ᠎ᠠ᠂ ᠬᠠᠮᠲᠤ ᠪᠠᠷ ᠳᠠᠭᠠᠳᠬᠠᠬᠤ ᠬᠡᠯᠪᠡᠷᠢ ᠪᠠᠷ ᠬᠤᠶᠠᠷ ᠳᠠᠭᠠᠳᠬᠠᠯ ᠤᠨ ᠺᠣᠮᠫᠠᠨᠢ ᠶᠢ ᠰᠣᠩᠭᠤᠵᠤ ᠬᠠᠮᠲᠤ ᠪᠠᠷ ᠳᠠᠭᠠᠳᠬᠠᠬᠤ ᠴᠣᠭᠴᠠ ᠶᠢ ᠪᠦᠷᠢᠯᠳᠦᠭᠦᠯᠦᠨ᠎ᠡ᠂ ᠲᠣᠰ ᠲᠥᠷᠥᠯ ᠵᠦᠢᠯ ᠳᠤ ᠨᠢᠭᠡ ᠶᠡᠷᠦᠩᠬᠡᠶ ᠳᠠᠭᠠᠭᠠᠴᠢᠯᠠᠯᠲᠠ ᠶᠢᠨ ᠪᠠᠷᠢᠯᠭ᠎ᠠ ᠶᠢᠨ ᠳᠠᠭᠠᠭᠠᠴᠢᠯᠠᠯᠲᠠ ᠶᠢᠨ ᠬᠡᠰᠡᠭ ᠪᠠᠭᠲᠠᠨ᠎ᠠ      ︵9︶ ᠳᠠᠭᠠᠭᠠᠴᠢᠯᠠᠯᠲᠠ ᠬᠦᠯᠢᠶᠡᠭᠴᠢ ᠨᠢ ᠡᠷᠬᠡᠪᠰᠢ ︽ᠲᠦᠷ ᠳᠠᠭᠠᠳᠬᠠᠬᠤ ᠠᠮᠠᠯᠠᠯᠲᠠ ᠶᠢᠨ ᠵᠠᠬᠢᠳᠠᠯ︾ ︵ᠨᠢᠭᠡ ᠬᠡᠯᠪᠡᠷᠢ ᠶᠢᠨ ᠭᠤᠷᠪᠠᠨ ᠬᠤᠪᠢ︶ ᠢ ᠳᠠᠭᠠᠭᠠᠴᠢᠯᠠᠯᠲᠠ ᠬᠦᠯᠢᠶᠡᠬᠦ ᠬᠤᠭᠤᠴᠠᠭ᠎ᠠ ᠳᠠᠭᠤᠰᠬᠤ ᠠᠴᠠ ᠡᠮᠦᠨ᠎ᠡ ᠳᠠᠭᠠᠳᠬᠠᠯ ᠤᠨ ᠵᠠᠭᠤᠴᠢᠯᠠᠭᠴᠢ ᠳᠤ ᠲᠤᠰᠢᠶᠠᠬᠤ ᠬᠡᠷᠡᠭᠲᠡᠶ᠃      4. ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠣᠯᠬᠤ      ᠲᠣᠰ ᠲᠥᠷᠥᠯ ᠵᠦᠢᠯ ᠳᠤ ᠰᠦᠯᠵᠢᠶᠡᠨ ᠳᠡᠭᠡᠷ᠎ᠡ ᠡᠯᠧᠺᠲᠷᠣᠨ ᠢᠶᠠᠷ ᠨᠡᠷ᠎ᠡ ᠮᠡᠳᠡᠭᠦᠯᠬᠦ ᠶᠢ ᠬᠡᠷᠡᠭᠵᠢᠭᠦᠯᠦᠨ᠎ᠡ᠃ ᠳᠠᠭᠠᠭᠠᠴᠢᠯᠠᠯᠲᠠ ᠬᠦᠯᠢᠶᠡᠬᠦ ᠳᠤ ᠣᠷᠤᠯᠴᠠᠬᠤ ᠰᠠᠨᠠᠭ᠎ᠠ ᠲᠠᠢ ᠬᠥᠮᠦᠨ ᠪᠦᠬᠦᠨ ᠨᠢ᠂ 2020 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ ᠠᠴᠠ 2020 ᠣᠨ ᠤ 12 ᠳ᠋ᠤᠭᠠᠷ ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨᠠᠬᠢ 5᠄ 30 ᠪᠣᠯᠲᠠᠯ᠎ᠠ᠂ ᠥᠪᠥᠷ ᠮᠣᠩᠭᠤᠯ ᠤᠨ ᠡᠯᠧᠺᠲᠷᠣᠨ ᠢᠶᠠᠷ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠷᠠᠯᠵᠢᠶᠠᠨ ᠤ ᠲᠠᠪᠴᠠᠩ ᠳᠤ ᠣᠷᠣᠵᠤ᠂ ︵http://nmgx.86ztb . com︶ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠨ᠎ᠡ᠃      4.1 ᠨᠡᠷ᠎ᠡ ᠮᠡᠳᠡᠭᠦᠯᠵᠦ ᠳᠠᠭᠠᠭᠠᠴᠢᠯᠠᠯᠲᠠ ᠬᠦᠯᠢᠶᠡᠬᠦ ᠶᠠᠪᠤᠴᠠ      ᠲᠠᠪᠴᠠᠩ ᠳᠤ ᠭᠠᠷᠬᠤ ︵ᠳᠠᠩᠰᠠᠯᠠᠭᠤᠯᠤᠭᠰᠠᠨ ᠥᠬᠡᠶ ᠬᠡᠷᠡᠭᠯᠡᠭᠴᠢ ᠤᠷᠢᠳᠠᠪᠠᠷ 【 ᠭᠤᠤᠯ ᠴᠣᠭᠴᠠ ᠠᠴᠠ ᠰᠦᠢᠳᠭᠡᠯ ᠬᠤᠷᠢᠶᠠᠬᠤ ᠥᠬᠡᠶ ᠪᠠᠷ ᠳᠠᠩᠰᠠᠯᠠᠬᠤ】 ᠳᠤ ᠬᠦᠷᠴᠤ ᠺᠣᠮᠫᠠᠨᠢ ᠶᠢᠨ ᠲᠠᠩᠰᠠᠨ ᠨᠣᠮᠧᠷ ᠢᠶᠠᠨ ᠳᠠᠩᠰᠠᠯᠠᠵᠤ᠂【ᠬᠤᠪᠢ ᠬᠥᠮᠦᠨ ᠰᠦᠢᠳᠭᠡᠯ ᠬᠤᠷᠢᠶᠠᠬᠤ ᠥᠬᠡᠶ ᠪᠠᠷ ᠳᠠᠩᠰᠠᠯᠠᠬᠤ】 ᠳᠤ ᠬᠠᠤᠯᠢ ᠶᠢᠨ ᠡᠷᠬᠡᠲᠡᠨ ᠤ ᠲᠠᠩᠰᠠᠨ ᠨᠣᠮᠧᠷ ᠵᠢᠴᠢ ᠬᠤᠪᠢ ᠬᠥᠮᠦᠨ ᠤ ᠲᠠᠩᠰᠠᠨ ᠨᠣᠮᠧᠷ ᠢᠶᠠᠨ ᠳᠠᠩᠰᠠᠯᠠᠨ᠎ᠠ︶→ ᠬᠠᠮᠤᠭ ᠤᠨ ᠰᠢᠨ᠎ᠡ ᠬᠤᠳᠠᠯᠳᠤᠨ ᠠᠪᠬᠤ ᠳᠠᠭᠠᠭᠠᠴᠢᠯᠠᠯᠲᠠ ᠵᠠᠷᠯᠠᠬᠤ ᠠᠯᠪᠠᠨ ᠵᠠᠷ → ᠲᠣᠰ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠠᠯᠪᠠᠨ ᠵᠠᠷ →【 ᠪᠢ ᠳᠠᠭᠠᠭᠠᠴᠢᠯᠠᠯᠲᠠ ᠬᠦᠯᠢᠶᠡᠨ᠎ᠡ】᠃       ᠨᠡᠷ᠎ᠡ ᠮᠡᠳᠡᠭᠦᠯᠬᠦ/ᠳᠠᠭᠠᠭᠠᠴᠢᠯᠠᠯᠲᠠ ᠬᠦᠯᠢᠶᠡᠬᠦ ᠨᠠᠷᠢᠨ ᠲᠣᠳᠤᠷᠬᠠᠢ ᠠᠵᠢᠯᠯᠠᠬᠤ ᠴᠤᠪᠤᠷᠠᠯ ᠢ ᠲᠠᠪᠴᠠᠩ ᠶᠢᠨ【ᠤᠲᠠᠰᠤᠨ ᠳᠠᠬᠢ ᠬᠠᠪᠰᠤᠷᠤᠯᠭ᠎ᠠ 】→【 ᠳᠠᠭᠠᠭᠠᠴᠢᠯᠠᠯᠲᠠ ᠬᠦᠯᠢᠶᠡᠭᠴᠢ ᠶᠢᠨ ᠠᠵᠢᠯᠯᠠᠬᠤ ᠭᠠᠷ ᠳᠡᠪᠲᠡᠷ】 ᠢ ᠪᠠᠶᠢᠴᠠᠭᠠᠨ ᠦᠵᠡᠭᠡᠷᠡᠢ      4.2 ᠥᠪᠥᠷ ᠮᠣᠩᠭᠤᠯ ᠤᠨ ᠡᠯᠧᠺᠲᠷᠣᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠷᠠᠯᠵᠢᠶᠠᠨ ᠤ ᠲᠠᠪᠴᠠᠩ ︵http://nmgxh.86ztb.com︶ ᠤᠨ ᠮᠡᠳᠡᠭᠡ ᠵᠠᠩᠭᠢ ᠶᠢᠨ ᠬᠥᠮᠥᠷᠭᠡ ᠶᠢ ᠬᠥᠮᠥᠷᠭᠡ ᠳᠤ ᠣᠷᠣᠭᠤᠯᠬᠤ ᠵᠢᠴᠢ ᠠᠵᠤ ᠠᠬᠤᠶᠢᠯᠠᠯ ︵CA︶ ᠤᠨ ᠲᠤᠭᠠᠵᠢᠭᠤᠯᠤᠭᠰᠠᠨ ᠦᠨᠡᠮᠯᠡᠯ ᠢ ᠭᠦᠢᠴᠡᠳᠭᠡᠨ᠎ᠡ᠄      ᠬᠡᠷᠡᠭᠯᠡᠭᠴᠢ ᠤᠷᠢᠳᠠᠪᠠᠷ ᠺᠣᠮᠫᠠᠨᠢ ᠶᠢᠨ ᠳᠠᠩᠰᠠᠨ ᠨᠣᠮᠧᠷ᠂ ᠬᠠᠤᠯᠢ ᠶᠢᠨ ᠡᠷᠬᠡᠲᠡᠨ ᠤ ᠳᠠᠩᠰᠠᠨ ᠨᠣᠮᠧᠷ ᠵᠢᠴᠢ ᠬᠤᠪᠢ ᠬᠥᠮᠦᠨ ᠤ ᠳᠠᠩᠰᠠᠨ ᠨᠣᠮᠧᠷ ᠤᠨ ᠬᠠᠮᠢᠶ᠎ᠠ ᠪᠦᠬᠦᠢ ᠦᠨᠳᠦᠰᠦᠨ ᠮᠡᠳᠡᠭᠡ ᠵᠠᠩᠭᠢ ᠶᠢᠨ ᠮᠠᠲ᠋ᠧᠷᠢᠶᠠᠯ ᠢ ᠳᠠᠩᠰᠠᠯᠠᠭᠤᠯᠤᠨ ᠲᠡᠭᠦᠯᠳᠡᠷᠵᠢᠭᠦᠯᠬᠦ ᠶᠢᠨ ᠬᠠᠮᠲᠤ ᠰᠢᠯᠭᠠᠨ ᠪᠠᠲᠤᠯᠠᠭᠤᠯᠬᠤ ᠪᠠᠷ ᠭᠤᠶᠤᠴᠢᠯᠠᠭᠰᠠᠨ ᠤ ᠳᠠᠷᠠᠭ᠎ᠠ᠂ ᠡᠷᠬᠡ ᠣᠯᠭᠤᠭᠴᠢ ᠠᠴᠠ ᠳᠣᠤᠷᠠᠬᠢ ᠮᠡᠲᠦ ᠮᠠᠲ᠋ᠧᠷᠢᠶᠠᠯ ᠢ ᠠᠪᠴᠤ ᠲᠤᠬᠠᠶ ᠶᠢᠨ ᠲᠠᠯᠠᠪᠤᠷ ︵ᠡᠰᠡᠬᠦᠯ᠎ᠡ ᠥᠪᠥᠷ ᠮᠣᠩᠭᠤᠯ ᠤᠨ ᠡᠯᠧᠺᠲᠷᠣᠨ ᠢᠶᠠᠷ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠷᠠᠯᠵᠢᠶᠠᠨ ᠤ ᠲᠠᠪᠴᠠᠩ ᠤᠨ ᠠᠵᠢᠯᠲᠠᠨ ᠲᠠᠢ ᠬᠠᠷᠢᠯᠴᠠᠵᠤ ᠰᠦᠯᠵᠢᠶᠡᠨ ᠳᠡᠭᠡᠷ᠎ᠡ︶ ᠲᠤ ᠮᠡᠳᠡᠭᠡ ᠵᠠᠩᠭᠢ ᠶᠢᠨ ᠬᠦᠮᠦᠷᠭᠡ ᠶᠢ ᠬᠥᠮᠥᠷᠭᠡ ᠳᠤ ᠣᠷᠤᠭᠤᠯᠵᠤ ᠬᠢᠨᠠᠨ ᠬᠠᠷᠭᠤᠭᠤᠯᠬᠤ ᠵᠢᠴᠢ ︵CA︶ ᠲᠣᠭᠠᠵᠢᠭᠤᠯᠤᠭᠰᠠᠨ ᠦᠨᠡᠮᠯᠡᠯ ᠢ ᠭᠦᠢᠴᠡᠳᠭᠡᠬᠦ ᠬᠡᠷᠡᠭᠲᠡᠶ᠃      ᠡᠵᠡᠩᠨᠡᠯᠲᠡ ᠶᠢᠨ ᠦᠨᠡᠮᠯᠡᠯ ︵ᠣᠭ ᠪᠢᠴᠢᠭ ᠮᠠᠲ᠋ᠧᠷᠢᠶᠠᠯ ᠬᠠᠭᠤᠯᠪᠤᠷᠢ ᠳᠤ ᠠᠯᠪᠠᠨ ᠲᠠᠮᠠᠭ᠎ᠠ ᠳᠠᠷᠤᠨ᠎ᠠ︶︔      ᠲᠠᠩᠰᠠ ᠪᠠᠶᠢᠭᠤᠯᠬᠤ ᠵᠥᠪᠰᠢᠶᠡᠷᠡᠯ ᠤᠨ ᠦᠨᠡᠮᠯᠡᠯ ︵ᠣᠭ ᠪᠢᠴᠢᠭ ᠮᠠᠲ᠋ᠧᠷᠢᠶᠠᠯ ᠬᠠᠭᠤᠯᠪᠤᠷᠢ ᠳᠤ ᠠᠯᠪᠠᠨ ᠲᠠᠮᠠᠭ᠎ᠠ ᠳᠠᠷᠤᠨ᠎ᠠ︶︔      ᠡᠷᠬᠡ ᠣᠯᠭᠤᠭᠰᠠᠨ ᠨᠠᠶᠢᠳᠠᠭᠴᠢ ᠶᠢᠨ ᠲᠣᠰ ᠬᠥᠮᠦᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ ︵ᠵᠥᠪ ᠪᠤᠷᠤᠭᠤ ᠲᠠᠯ᠎ᠠ ᠳᠤ ᠨᠢ ᠠᠯᠪᠠᠨ ᠲᠠᠮᠠᠭ᠎ᠠ ᠳᠠᠷᠤᠨ᠎ᠠ︶︔      ᠲᠠᠮᠠᠭ᠎ᠠ ᠴᠤᠭᠯᠠᠭᠤᠯᠬᠤ ᠨᠢᠭᠤᠷ ︵ᠨᠢᠭᠡᠴᠢ ᠶᠢᠨ ᠳᠠᠩᠰᠠᠨ ᠨᠣᠮᠧᠷ ᠢᠶᠠᠷ ᠲᠠᠪᠴᠡᠩ ᠳᠤ ᠭᠠᠷᠬᠤ︶ → ᠬᠠᠮᠢᠶᠠᠷᠤᠯᠲᠠ → ᠲᠣᠰ ᠨᠢᠭᠡᠴᠢ ᠶᠢᠨ ᠮᠠᠲ᠋ᠧᠷᠢᠶᠠᠯ → ᠲᠣᠭᠠᠵᠢᠭᠤᠯᠤᠭᠰᠠᠨ ︵CA︶ ᠭᠡᠷᠡᠴᠢᠯᠡᠯ→ ᠲᠠᠮᠠᠭ᠎ᠠ ᠴᠤᠭᠯᠠᠭᠤᠯᠬᠤ ᠨᠢᠭᠤᠷ ᠤᠨ ᠬᠡᠪ ᠬᠠᠪᠲᠠᠰᠤ︶︔      CA ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ ᠢ ᠭᠦᠢᠴᠡᠳᠭᠡᠬᠦ ︵ᠨᠢᠭᠡᠴᠢ ᠶᠢᠨ ᠲᠠᠩᠰᠠᠨ ᠨᠣᠮᠧᠷ ᠢᠶᠠᠷ ᠲᠠᠪᠴᠠᠩ ᠳᠤ ᠭᠠᠷᠬᠤ→ ᠬᠠᠮᠢᠶᠠᠷᠤᠯᠲᠠ→ ᠲᠣᠰ ᠨᠢᠭᠡᠴᠢ ᠶᠢᠨ ᠮᠠᠲ᠋ᠧᠷᠢᠶᠠᠯ→ ᠬᠠᠤᠯᠢ ᠶᠢᠨ ᠡᠷᠬᠡᠲᠡᠨ ᠤ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ︶︔      ᠲᠠᠪᠴᠠᠩ ᠬᠡᠷᠡᠭᠯᠡᠬᠦ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ ︵ᠨᠢᠭᠡᠴᠢ ᠶᠢᠨ ᠲᠠᠩᠰᠠᠨ ᠨᠣᠮᠧᠷ ᠢᠶᠠᠷ ᠲᠠᠪᠴᠠᠩ ᠳᠤ ᠭᠠᠷᠬᠤ→ ᠬᠠᠮᠢᠶᠠᠷᠤᠯᠲᠠ→ ᠲᠣᠰ ᠨᠢᠭᠡᠴᠢ ᠶᠢᠨ ᠮᠠᠲ᠋ᠧᠷᠢᠶᠠᠯ→ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ︶︔      CA ᠶᠢ ᠭᠦᠢᠴᠡᠳᠭᠡᠬᠦ ᠳᠤ ᠪᠠᠨ ᠨᠠᠷᠢᠨ ᠮᠠᠲ᠋ᠧᠷᠢᠶᠠᠯ ᠢ ᠲᠠᠪᠴᠠᠩ ᠤᠨ【ᠤᠲᠠᠰᠤᠨ ᠳᠠᠬᠢ ᠬᠠᠪᠰᠤᠷᠤᠯᠭ᠎ᠠ →【CA ᠲᠣᠭᠠᠵᠢᠭᠤᠯᠤᠭᠰᠠᠨ ᠭᠡᠷᠡᠴᠢᠯᠡᠯ】 ᠢ ᠪᠠᠶᠢᠴᠠᠭᠠᠨ ᠦᠵᠡᠭᠡᠷᠡᠢ      ᠥᠪᠥᠷ ᠮᠣᠩᠭᠤᠯ ᠤᠨ ᠡᠯᠧᠺᠲᠷᠣᠨ ᠢᠶᠠᠷ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠷᠠᠯᠵᠢᠶᠠᠨ ᠤ ᠲᠠᠪᠴᠠᠩ ︵http://nmgxh.86ztb.com︶ ᠳᠤ ᠮᠡᠳᠡᠭᠡ ᠵᠠᠩᠭᠢ ᠶᠢᠨ ᠬᠥᠮᠥᠷᠭᠡ ᠶᠢ ᠬᠥᠮᠥᠷᠭᠡ ᠳᠤ ᠣᠷᠣᠭᠤᠯᠬᠤ ᠵᠢᠴᠢ ᠠᠵᠤ ᠠᠬᠤᠶᠢᠯᠠᠯ ︵CA︶ ᠤᠨ ᠲᠣᠭᠠᠵᠢᠭᠤᠯᠤᠭᠰᠠᠨ ᠦᠨᠡᠮᠯᠡᠯ ᠢ ᠭᠦᠢᠴᠡᠳᠭᠡᠬᠦ ᠪᠣᠳᠠᠲᠠᠶ ᠲᠣᠭᠲᠠᠭᠠᠯ ᠨᠢ᠂ ᠥᠪᠥᠷ ᠮᠣᠩᠭᠤᠯ ᠤᠨ ᠡᠯᠧᠺᠲᠷᠣᠨ ᠢᠶᠠᠷ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠷᠠᠯᠵᠢᠶᠠᠨ ᠤ ᠲᠠᠪᠴᠠᠩ ᠤᠨ ᠲᠣᠭᠲᠠᠭᠠᠯ ᠢᠶᠠᠷ ᠪᠠᠷᠢᠮᠵᠢᠶ᠎ᠠ ᠪᠣᠯᠭᠠᠨ᠎ᠠ︕      ᠲᠠᠪᠴᠠᠩ ᠤᠨ ᠬᠠᠷᠢᠯᠴᠠᠬᠤ ᠤᠲᠠᠰᠤ᠄ 15661034230᠂ 15661264230      ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠢᠩᠭᠠᠨ ᠬᠤᠶᠢᠲᠤ ᠵᠠᠮ ᠤᠨ 158 ᠳ᠋ᠤᠭᠠᠷ ᠨᠣᠮᠧᠷᠲᠤ ᠦᠪᠦᠷ ᠮᠣᠩᠭᠤᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠨᠡᠶᠢᠭᠡᠮᠯᠢᠭ ︵ᠲᠠᠸᠠᠷ ᠤᠨ ᠰᠣᠯᠢᠯᠴᠠᠭᠠᠨ ᠤ ᠲᠥᠪ ᠤᠨ ᠡᠰᠡᠷᠭᠦ ᠲᠠᠯ᠎ᠠ︶᠂ ᠠᠵᠢᠯᠯᠠᠬᠤ ᠴᠠᠭ ᠨᠢ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 12᠄ 00᠂ ᠦᠳᠡ ᠬᠤᠶᠢᠨᠠᠬᠢ 2᠄ 00 — 6᠄ 00᠃      4.3 . ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠣᠯᠬᠤ      ᠳᠠᠭᠠᠭᠠᠴᠢᠯᠠᠯᠲᠠ ᠵᠠᠷᠯᠠᠬᠤ ᠳᠤ ᠣᠷᠣᠯᠴᠠᠬᠤ ᠰᠠᠨᠠᠭ᠎ᠠ ᠲᠠᠢ ᠬᠥᠮᠦᠨ ᠪᠦᠬᠦᠨ ᠨᠢ 2020 ᠣᠨ ᠤ 12 ᠳ᠋ᠤᠭᠠᠷ ᠰᠠᠷ᠎ᠠ ᠶᠢᠨ 3 ᠤ ᠡᠳᠦᠷ ᠠᠴᠠ 2020 ᠣᠨ ᠤ 12 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨᠠᠬᠢ 5᠄ 30 ︵ᠪᠡᠭᠡᠵᠡᠩ ᠤᠨ ᠴᠠᠭ︶ ᠬᠦᠷᠲᠡᠯ᠎ᠡ ︽ᠥᠪᠥᠷ ᠮᠣᠩᠭᠤᠯ‌‍ᠤᠨ ᠡᠯᠧᠺᠲᠷᠣᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠷᠠᠯᠵᠢᠶᠠᠨ ᠤ ᠲᠠᠪᠴᠠᠩ︾ ︵ http://nmgxh.86.ztb.com︶ ᠳᠤ ᠭᠠᠷᠤᠨ ᠳᠠᠭᠠᠭᠠᠴᠢᠯᠠᠯᠲᠠ ᠶᠢᠨ ᠪᠢᠴᠢᠭ ᠬᠤᠳᠠᠯᠳᠤᠨ ᠠᠪᠬᠤ ᠪᠠᠩᠬᠢ ᠶᠢᠨ ᠵᠣᠭᠤᠰ ᠴᠣᠬᠢᠭᠰᠠᠨ ᠭᠡᠷᠡᠴᠢ ᠪᠠᠷᠢᠮᠲᠠ ᠶᠢ ᠳᠠᠮᠵᠢᠭᠤᠯᠪᠠᠯ ᠰᠠᠶ᠋ᠢ ᠡᠯᠧᠺᠲᠷᠣᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠪᠠᠶᠢᠴᠠᠭᠠᠨ ᠦᠵᠡᠵᠦ ᠪᠣᠯᠤᠨ᠎ᠠ᠃      ︵1︶ ᠲᠤᠰ ᠤᠳᠠᠭ᠎ᠠ ᠡᠯᠧᠺᠲᠷᠣᠨ ᠬᠡᠪᠯᠡᠯ ᠤᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠬᠤᠳᠠᠯᠳᠤᠬᠤ ᠶᠢ ᠬᠡᠷᠡᠭᠵᠢᠭᠦᠯᠦᠨ᠎ᠡ᠃      ︵2︶ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠤᠨ ᠬᠤᠳᠠᠯᠳᠤᠬᠤ ᠦᠨ᠎ᠡ᠄ 1000 ᠲᠥᠭᠦᠷᠢᠭ / ᠢᠵᠢ ᠪᠦᠷᠢ᠂ ᠡᠯᠧᠺᠲᠷᠣᠨ ᠬᠡᠪᠯᠡᠯ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠬᠤᠳᠠᠯᠳᠤᠭᠰᠠᠨ ᠤ ᠳᠠᠷᠠᠭ᠎ᠠ ᠪᠤᠴᠠᠭᠠᠬᠤ ᠦᠭᠡᠢ᠃      ︵3︶ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠬᠤᠳᠠᠯᠳᠤᠨ ᠠᠪᠬᠤ ᠳᠠᠩᠰᠠᠨ ᠨᠣᠮᠧᠷ᠄      ᠡᠷᠦᠬᠡ ᠶᠢᠨ ᠨᠡᠷ᠎ᠡ᠄ ᠪᠡᠭᠡᠵᠢᠩ ᠤᠨ ᠲᠢᠶᠠᠨ ᠳ᠋ᠤᠤ ᠳᠠᠭᠠᠳᠬᠠᠯ ᠤᠨ ᠵᠠᠭᠤᠴᠢᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ      ᠳᠠᠩᠰᠠ ᠨᠣᠮᠧᠷ᠄ 0602021509200046909      ᠲᠠᠩᠰᠠ ᠪᠠᠶᠢᠭᠤᠯᠤᠭᠰᠠᠨ ᠪᠠᠩᠬᠢ᠄ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠳ᠋ᠦᠩ ᠬᠤᠸᠠᠨ ᠰᠠᠯᠪᠤᠷᠢ ᠪᠠᠩᠬᠢ      5. ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ      ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠶᠢᠨ ᠵᠣᠭᠤᠰ ᠤᠨ ᠲᠤᠭ᠎ᠠ ᠶᠢ ᠲᠥᠷᠥᠯ ᠵᠦᠢᠯ ᠤᠨ ᠲᠦᠢᠮᠣ ᠪᠠᠶᠢᠳᠠᠯ ᠢ ᠨᠠᠷᠢᠨ ᠦᠵᠡ᠃      5.1 ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠶᠢᠨ ᠲᠠᠩᠰᠠᠨ ᠨᠣᠮᠧᠷ G331 ᠱᠤᠭᠤᠮ ᠤᠨ ᠲᠤᠰᠬᠠᠶ ᠲᠠᠩᠰᠠᠨ ᠡᠷᠦᠬᠡ ᠶᠢᠨ ᠬᠠᠳᠠᠭᠠᠯᠠᠮᠵᠢ ᠶᠢᠨ ᠲᠠᠩᠰᠠᠨ ᠨᠣᠮᠧᠷ ᠤᠨ ᠮᠡᠳᠡᠭᠡ ᠵᠠᠩᠭᠢ᠄      ᠳᠠᠩᠰᠠᠨ ᠤ ᠨᠡᠷᠡᠶᠢᠳᠦᠯ᠄ ᠥᠪᠥᠷ ᠮᠣᠩᠭᠤᠯ ᠤᠨ ᠯᠦ ᠴᠢᠶᠣᠤ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠡᠨᠢ ᠶᠢᠨ ᠳᠣᠯᠣᠳᠤᠭᠠᠷ ᠪᠠᠷᠢᠯᠭ᠎ᠠ ᠶᠢᠨ ᠭᠠᠵᠠᠷ      ᠲᠠᠩᠰᠠᠨ ᠨᠣᠮᠧᠷ᠄ 150862016633      ᠳᠠᠩᠰᠠ ᠪᠠᠶᠢᠭᠤᠯᠤᠭᠰᠠᠨ ᠪᠠᠩᠬᠢ᠄ ᠳᠤᠮᠳᠠᠳᠤ ᠤᠯᠤᠰ ᠤᠨ ᠪᠠᠩᠬᠢ ᠶᠢᠨ ᠡᠷᠢᠶᠡᠨ ᠬᠤᠲᠠ ᠶᠢᠨ ᠬᠤᠪᠢᠶᠠᠷᠢ ᠪᠠᠩᠬᠢ      5.2 ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠶᠢ ᠳᠠᠭᠠᠭᠠᠴᠢᠯᠠᠯᠲᠠ ᠬᠦᠯᠢᠶᠡᠭᠴᠢ ᠶᠢᠨ ᠦᠨᠳᠦᠰᠦᠨ ᠳᠠᠩᠰᠠ ᠠᠴᠠ ᠰᠢᠯᠵᠢᠭᠦᠯᠬᠦ ᠬᠡᠷᠡᠭᠲᠡᠶ᠃ ᠳᠠᠭᠠᠭᠠᠴᠢᠯᠠᠯᠲᠠ ᠬᠦᠯᠢᠶᠡᠭᠴᠢ ᠨᠢ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠶᠢ ᠭᠤᠪᠢᠭᠤᠯᠤᠨ ᠣᠷᠤᠭᠤᠯᠬᠤ ᠳᠤ᠂ ︽ᠪᠠᠩᠬᠢ ᠶᠢᠨ ᠵᠣᠭᠤᠰ ᠭᠤᠪᠢᠭᠤᠯᠬᠤ ᠭᠡᠷᠡᠴᠢ ᠪᠠᠷᠢᠮᠲᠠ︾ ᠶᠢᠨ ᠬᠡᠷᠡᠭᠴᠡᠭᠡ᠂ ᠲᠣᠪᠴᠢᠯᠠᠯ ᠤᠨ ᠭᠠᠵᠠᠷ ᠲᠤ ᠲᠣᠰ ᠤᠳᠠᠭᠠᠨ ᠤ ᠳᠠᠭᠠᠭᠠᠴᠢᠯᠠᠯᠲᠠ ᠳᠤ ᠣᠷᠣᠯᠴᠠᠬᠤ ᠲᠦᠷᠦᠯ ᠵᠦᠢᠯ ᠤᠨ ᠳ᠋ᠤᠭᠠᠷᠯᠠᠯ ᠢ ᠲᠠᠭᠯᠠᠨ ᠪᠢᠴᠢᠭᠡᠷᠡᠶ᠃      5.3 ᠳᠠᠭᠠᠭᠠᠴᠢᠯᠠᠯᠲᠠ ᠬᠦᠯᠢᠶᠡᠭᠴᠢ ᠨᠢ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢᠶᠠᠨ ᠲᠤᠰᠢᠶᠠᠬᠤ ᠶᠢᠨ ᠬᠠᠮᠲᠤ᠂ ︽ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠶᠢ ᠪᠤᠴᠠᠭᠠᠬᠤ ᠳᠠᠩᠰᠠᠯᠠᠯ ᠤᠨ ᠬᠦᠰᠦᠨᠦᠭᠲᠦ︾ ᠵᠢᠴᠢ ᠪᠠᠩᠬᠢ ᠶᠢᠨ ᠵᠣᠭᠤᠰ ᠭᠤᠪᠢᠭᠤᠯᠬᠤ ᠭᠡᠷᠡᠴᠢ ᠪᠠᠷᠢᠮᠲᠠ ︵ᠤᠭ ᠪᠢᠴᠢᠭ ᠮᠠᠲ᠋ᠧᠷᠢᠶᠠᠯ ᠪᠤᠶᠤ ᠬᠠᠭᠤᠯᠪᠤᠷᠢ ᠳᠡᠭᠡᠷ᠎ᠡ ᠨᠢ ᠠᠯᠪᠠᠨ ᠲᠠᠮᠠᠭ᠎ᠠ ᠳᠠᠷᠤᠨ᠎ᠠ︶ ᠶᠢ ᠵᠥᠪ ᠣᠨᠣᠪᠴᠢᠲᠠᠶ᠂ ᠪᠦᠷᠢᠨ ᠪᠦᠲᠦᠨ ᠲᠠᠭᠯᠠᠨ ᠪᠢᠴᠢᠬᠦ ᠬᠡᠷᠡᠭᠲᠡᠶ᠃      6. ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠤᠨ ᠲᠤᠰᠢᠶᠠᠯᠲᠠ      ᠲᠣᠰ ᠲᠥᠷᠥᠯ ᠵᠦᠢᠯ ᠳᠤ ᠠᠯᠤᠰ ᠠᠴᠠ ᠳᠠᠭᠠᠭᠠᠴᠢᠯᠠᠯᠲᠠ ᠨᠡᠶᠢᠲᠡᠯᠡᠬᠦ ᠠᠷᠭ᠎ᠠ ᠮᠠᠶ᠋ᠢᠭ ᠢ ᠬᠡᠷᠡᠭᠯᠡᠵᠦ᠂ ᠡᠯᠧᠺᠲᠷᠣᠨ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠳᠠᠭᠠᠭᠠᠴᠢᠯᠠᠯᠲᠠ ᠬᠦᠯᠢᠶᠡᠬᠦ ᠳᠠᠭᠤᠰᠬᠤ ᠴᠠᠭ ᠠᠴᠠ ᠡᠮᠦᠨ᠎ᠡ ᠨᠢ ᠥᠪᠥᠷ ᠮᠣᠩᠭᠤᠯ ᠤᠨ ᠡᠯᠧᠺᠲᠷᠣᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠷᠠᠯᠵᠢᠶᠠᠨ ᠤ ᠲᠠᠪᠴᠠᠩ ᠳᠡᠭᠡᠷ᠎ᠡ ᠡᠯ᠎ᠡ ᠳᠠᠭᠠᠭᠠᠴᠢᠯᠠᠯᠲᠠ ᠬᠦᠯᠢᠶᠡᠬᠦ ᠨᠢᠭᠡᠴᠢ ᠶᠢᠨ ᠳᠠᠩᠰᠠᠨ ᠨᠣᠮᠧᠷ ᠢᠶᠠᠨ  ᠲᠡᠨᠳᠡᠭᠯᠡᠨ ᠲᠤᠰᠢᠶᠠᠵᠤ ᠳᠠᠭᠤᠰᠬᠠᠭᠠᠷᠠᠶ᠃      7. ᠳᠠᠭᠠᠭᠠᠴᠢᠯᠠᠯᠲᠠ ᠨᠡᠶᠢᠲᠡᠯᠡᠬᠦ ᠴᠠᠭ      ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠲᠤᠰᠢᠶᠠᠭᠰᠠᠨ ᠴᠠᠭ ᠵᠢᠴᠢ ᠳᠠᠭᠠᠭᠠᠴᠢᠯᠠᠯᠲᠠ ᠨᠡᠶᠢᠲᠡᠯᠡᠬᠦ ᠴᠠᠭ᠄ 2020 ᠣᠨ ᠤ 12 ᠳ᠋ᠤᠭᠠᠷ ᠰᠠᠷ᠎ᠠ ᠶᠢᠨ 23 ᠤ ᠡᠳᠦᠷ ᠤᠨ ᠦᠳᠡ ᠶᠢᠨ ᠡᠮᠦᠨᠡᠬᠢ 9᠄ 30 ︵ᠳᠠᠭᠠᠭᠠᠴᠢᠯᠠᠯᠲᠠ ᠨᠡᠶᠢᠲᠡᠯᠡᠬᠦ ᠴᠠᠭ︶      ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠤᠨ ᠨᠢᠭᠤᠴᠠ ᠲᠠᠶᠢᠯᠠᠵᠤ ᠳᠠᠭᠤᠰᠬᠤ ᠨᠢ᠄ 2020 ᠣᠨ ᠤ 12 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨᠡᠬᠢ 10᠄ 00      8. ᠨᠢᠭᠤᠴᠠ ᠲᠠᠶᠢᠯᠬᠤ ᠬᠡᠯᠪᠡᠷᠢ ᠵᠢᠴᠢ ᠳᠠᠭᠠᠭᠠᠴᠢᠯᠠᠯᠲᠠ ᠨᠡᠶᠢᠲᠡᠯᠡᠬᠦ ᠭᠠᠵᠠᠷ      ᠠᠯᠤᠰ ᠠᠴᠠ ᠨᠢᠭᠤᠴᠠ ᠲᠠᠶᠢᠯᠠᠬᠤ᠄ ᠳᠠᠭᠠᠭᠠᠴᠢᠯᠠᠯᠲᠠ ᠬᠦᠯᠢᠶᠡᠭᠴᠢ ᠨᠢ 2020 ᠣᠨ ᠤ 12 ᠳ᠋ᠤᠭᠠᠷ ᠰᠠᠷ᠎ᠠ ᠶᠢᠨ 23 ᠤ ᠡᠳᠦᠷ ᠤᠨ ᠦᠳᠡ ᠶᠢᠨ ᠡᠮᠦᠨᠡᠬᠢ 9᠄ 30 ᠳᠤ CA ᠪᠠᠷ ᠬᠥᠳᠡᠯᠭᠡᠭᠦᠷ ᠪᠣᠯᠭᠠᠭᠰᠠᠨ ᠺᠣᠮᠫᠢᠦ᠋ᠲ᠋ᠧᠷ ᠢᠶᠠᠷ ︽ᠥᠪᠥᠷ ᠮᠣᠩᠭᠤᠯ ᠤᠨ ᠡᠯᠧᠺᠲᠷᠣᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠷᠠᠯᠵᠢᠶᠠᠨ ᠤ ᠲᠠᠪᠴᠠᠩ︾ ᠳᠤ ᠣᠷᠣᠵᠤ ᠠᠯᠤᠰ ᠠᠴᠠ ᠳᠠᠭᠠᠭᠠᠴᠢᠯᠠᠯᠲᠠ ᠨᠡᠶᠢᠲᠡᠯᠡᠵᠦ ᠨᠢᠭᠤᠴᠠ ᠲᠠᠶᠢᠯᠠᠨ᠎ᠠ᠃ ︵ᠳᠠᠭᠠᠭᠠᠴᠢᠯᠠᠯᠲᠠ ᠬᠦᠯᠢᠶᠡᠭᠴᠢ ᠨᠢ ᠺᠣᠮᠫᠢᠦ᠋ᠲ᠋ᠧᠷ ᠤᠨ ᠰᠦᠯᠵᠢᠶ᠎ᠡ ᠶᠢ ᠰᠠᠭᠠᠳ ᠥᠬᠡᠶ ᠨᠡᠪᠲᠡᠷᠡᠭᠦᠯᠬᠦ ᠶᠢᠨ ᠬᠠᠮᠲᠤ IE11 ᠬᠠᠶᠢᠭᠤᠷ ᠢ ᠤᠭᠰᠠᠷᠠᠬᠤ ᠬᠡᠷᠡᠭᠲᠡᠶ︶      ᠳᠠᠭᠠᠭᠠᠴᠢᠯᠠᠯᠲᠠ ᠨᠡᠶᠢᠲᠡᠯᠡᠬᠦ ᠭᠠᠵᠠᠷ᠄ ᠥᠪᠥᠷ ᠮᠣᠩᠭᠤᠯ ᠤᠨ ᠬᠥᠬᠡᠬᠤᠲᠠ ᠶᠢᠨ ᠬᠢᠩᠭᠠᠨ ᠬᠤᠶᠢᠲᠤ ᠵᠠᠮ ᠤᠨ 158 ᠳ᠋ᠤᠭᠠᠷ ᠨᠣᠮᠧᠷᠲᠤ ᠥᠪᠥᠷ ᠮᠣᠩᠭᠤᠯ ᠤᠨ ᠡᠯᠧᠺᠲᠷᠣᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠷᠠᠯᠵᠢᠶᠠᠨ ᠤ ᠲᠠᠪᠴᠠᠩ      9. ᠠᠯᠪᠠᠨ ᠵᠠᠷ ᠨᠡᠶᠢᠲᠡᠯᠡᠬᠦ ᠵᠠᠭᠤᠴᠢ      ᠲᠣᠰ ᠤᠳᠠᠭᠠᠨ ᠤ ᠠᠯᠪᠠᠨ ᠵᠠᠷ ᠨᠢ ᠥᠪᠥᠷ ᠮᠣᠩᠭᠤᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠰᠦᠯᠵᠢᠶ᠎ᠡ ︵www.nmgztb.com.cn︶᠂ ᠥᠪᠥᠷ ᠮᠣᠩᠭᠤᠯ ᠤᠨ ᠡᠯᠧᠺᠲᠷᠣᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠷᠠᠯᠵᠢᠶᠠᠨ ᠤ ᠲᠠᠪᠴᠠᠩ ︵http://nmgxh.86ztb.com᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠲᠢᠩᠬᠢᠮ ᠤᠨ ᠵᠠᠰᠠᠭ ᠤᠨ ᠶᠠᠪᠤᠳᠠᠯ ᠤᠨ ᠰᠦᠯᠵᠢᠶ᠎ᠡ ︵http://jtyst. nmg.gov.cn/︶ ᠵᠡᠷᠭᠡ ᠳᠡᠭᠡᠷ᠎ᠡ ᠨᠡᠶᠢᠲᠡᠯᠡᠪᠡ᠃      10. ᠳᠠᠭᠠᠭᠠᠴᠢᠯᠠᠯᠲᠠ ᠬᠦᠯᠢᠶᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠪᠠ ᠠᠵᠢᠯ ᠤᠨ ᠪᠦᠲᠦᠮᠵᠢ ᠶᠢ ᠬᠢᠨᠠᠨ ᠰᠢᠯᠭᠠᠬᠤ      ᠲᠣᠰ ᠤᠳᠠᠭᠠᠨ ᠤ ᠳᠠᠭᠠᠭᠠᠴᠢᠯᠠᠯᠲᠠ ᠵᠠᠷᠯᠠᠬᠤ ᠳᠤ ᠬᠢᠷᠢ ᠬᠡᠮ ᠤᠨ ᠳᠠᠷᠠᠭᠠᠬᠢ ᠰᠢᠭᠦᠯᠲᠡ ᠶᠢ ᠬᠡᠷᠡᠭᠯᠡᠨ᠎ᠡ᠃      11. ᠳᠠᠭᠠᠭᠠᠴᠢᠯᠠᠯᠲᠠ ᠵᠠᠷᠯᠠᠭᠴᠢ ᠵᠢᠴᠢ ᠳᠠᠭᠠᠳᠬᠠᠯ ᠤᠨ ᠵᠠᠭᠤᠴᠢᠯᠠᠭᠴᠢ ᠶᠢᠨ ᠬᠠᠷᠢᠯᠴᠠᠬᠤ ᠠᠷᠭ᠎ᠠ ᠮᠠᠶ᠋ᠢᠭ      11.1 ᠳᠠᠭᠠᠭᠠᠴᠢᠯᠠᠯᠲᠠ ᠵᠠᠷᠯᠠᠭᠴᠢ᠄      331 ᠤᠯᠤᠰ ᠤᠨ ᠵᠠᠮ ᠤᠨ ᠡᠷᠢᠶᠡᠨ ᠬᠤᠲᠠ ᠠᠴᠠ ᠠᠶᠢᠷᠠᠭ ᠤᠨ ᠰᠦᠮ᠎ᠡ ᠬᠦᠷᠬᠦ ᠬᠡᠰᠡᠭ ᠤᠨ ᠵᠠᠰᠠᠮᠠᠯ ᠵᠠᠮ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ      ᠬᠠᠶ᠋ᠢᠭ᠄ ᠡᠷᠢᠶᠡᠨ ᠬᠤᠲᠠ ᠶᠢᠨ ᠶᠢᠩ ᠪᠢᠨ ᠵᠠᠮ ᠤᠨ ᠥᠪᠥᠷ ᠮᠣᠩᠭᠤᠯ ᠤᠨ ᠳᠡᠭᠡᠳᠦ ᠬᠤᠷᠳᠤ ᠶᠢᠨ ᠵᠠᠰᠠᠮᠠᠯ ᠵᠠᠮ ︵ᠤᠤᠯ ᠤᠨ ᠲᠡᠮᠦᠷ ᠵᠠᠮ ᠤᠨ ᠵᠣᠴᠢᠯᠠᠬᠤ ᠭᠠᠵᠠᠷ︶      ᠬᠠᠷᠢᠯᠴᠠᠬᠤ ᠬᠥᠮᠦᠨ᠄ ᠯᠸᠢ ᠠᠪᠤᠭᠠᠶ      ᠤᠲᠠᠰᠤ᠄ 18504845115      ᠦᠪᠦᠷ ᠮᠣᠩᠭᠤᠯ ᠤᠨ ᠯᠦ ᠴᠢᠶᠣᠣ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ G331 ᠱᠤᠭᠤᠮ ᠤᠨ ᠡᠷᠢᠶᠡᠨ ᠬᠤᠲᠠ ᠠᠴᠠ ᠠᠶᠢᠷᠠᠭ ᠤᠨ ᠰᠦᠮ᠎ᠡ ᠬᠦᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ SSZCB ᠲᠥᠷᠥᠯ ᠵᠦᠢᠯ ᠤᠨ ᠬᠡᠯᠲᠡᠰ      ᠬᠠᠶ᠋ᠢᠭ᠄ ᠡᠷᠢᠶᠡᠨ ᠬᠤᠲᠠ ᠶᠢᠨ ᠭᠠᠷᠠᠮ ᠢ ᠨᠡᠪᠲᠡᠷᠡᠭᠦᠯᠬᠦ ᠵᠠᠰᠠᠮᠠᠯ ᠵᠠᠮ ᠤᠨ K9+300      ᠬᠠᠷᠢᠯᠴᠠᠬᠤ ᠬᠥᠮᠦᠨ᠄ ᠲᠢᠶᠠᠨ ᠠᠪᠤᠭᠠᠢ      ᠤᠲᠠᠰᠤ᠄ 13304710452      11.2 ᠬᠢᠨᠠᠯᠲᠠ ᠲᠠᠯᠪᠢᠬᠤ ᠰᠠᠯᠠᠭ᠎ᠠ ᠮᠥᠴᠢᠷ      ᠰᠠᠯᠠᠭ᠎ᠠ ᠮᠥᠴᠢᠷ᠄ ᠡᠷᠢᠶᠡᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠵᠥᠪᠯᠡᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ      ᠬᠠᠷᠢᠯᠴᠠᠬᠤ ᠬᠥᠮᠦᠨ᠄ ᠲᠤᠶᠠᠭ᠎ᠠ      ᠤᠲᠠᠰᠤ᠄ 13754191006      11.3 ᠳᠠᠭᠠᠳᠬᠠᠯ ᠤᠨ ᠵᠠᠭᠤᠴᠢᠯᠠᠭᠴᠢ ᠵᠢᠴᠢ ᠬᠠᠷᠢᠯᠴᠠᠬᠤ ᠠᠷᠭ᠎ᠠ ᠮᠠᠶ᠋ᠢᠭ᠄      ᠨᠡᠷ᠎ᠡ᠄ ᠪᠡᠭᠡᠵᠢᠩ ᠤᠨ ᠲᠢᠶᠠᠨ ᠳ᠋ᠤᠤ ᠳᠠᠭᠠᠳᠬᠠᠯ ᠤᠨ ᠵᠠᠭᠤᠴᠢᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ      ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠤᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠶᠤᠲᠠᠳ ᠤᠨ ᠦᠢᠯᠡᠰ ᠪᠦᠲᠦᠭᠡᠬᠦ ᠬᠦᠷᠢᠶᠡᠯᠡᠩ ᠤᠨ 7 ᠳ᠋ᠤᠭᠠᠷ ᠨᠣᠮᠧᠷᠲᠤ ᠠᠰᠠᠷ ᠤᠨ 809      ᠬᠠᠷᠢᠯᠴᠠᠬᠤ ᠬᠥᠮᠦᠨ᠄ ᠯᠦ ᠭᠠᠩ      ᠰᠢᠦᠳᠠᠨ ᠤ ᠬᠠᠶᠢᠷᠴᠠᠭ᠄ gang.lu@tdbxjj.com      ᠤᠲᠠᠰᠤ᠄ 150 3479 2019︔ 0471-391 0380      11.4 ᠳᠠᠭᠠᠭᠠᠴᠢᠯᠠᠯᠲᠠ ᠵᠠᠷᠯᠠᠬᠤ ᠣᠷᠣᠯᠠᠭᠴᠢ ᠵᠢᠴᠢ ᠬᠠᠷᠢᠯᠴᠠᠬᠤ ᠠᠷᠭ᠎ᠠ ᠮᠠᠶ᠋ᠢᠭ᠄      ᠨᠡᠷ᠎ᠡ᠄ ᠪᠡᠭᠡᠵᠢᠩ ᠤᠨ ᠲᠢᠶᠠᠨ ᠳ᠋ᠤᠤ ᠳᠠᠭᠠᠳᠬᠠᠯ ᠤᠨ ᠵᠠᠭᠤᠴᠢᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ      ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠤᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠶᠤᠲᠠᠳ ᠤᠨ ᠦᠢᠯᠡᠰ ᠪᠦᠲᠦᠭᠡᠬᠦ ᠬᠦᠷᠢᠶᠡᠯᠡᠩ ᠤᠨ 7 ᠳ᠋ᠤᠭᠠᠷ ᠨᠣᠮᠧᠷᠲᠤ ᠠᠰᠠᠷ ᠤᠨ 809      ᠬᠠᠷᠢᠯᠴᠠᠬᠤ ᠬᠥᠮᠦᠨ᠄ ᠯᠦ ᠭᠠᠩ      ᠰᠢᠦᠳᠠᠨ ᠤ ᠬᠠᠶᠢᠷᠴᠠᠭ᠄ gang.lu@tdbxjj.com      ᠤᠲᠠᠰᠤ᠄ 150 3479 2019︔ 0471-391 0380ᠳᠠᠭᠠᠯᠳᠤᠭᠤᠯᠤᠯ᠄ ︽ᠲᠦᠷ ᠳᠠᠭᠠᠳᠬᠠᠯ ᠤᠨ ᠠᠮᠠᠯᠠᠯᠲᠠ ᠶᠢᠨ ᠵᠠᠬᠢᠳᠠᠯ︾        ᠲᠦᠷ ᠳᠠᠭᠠᠳᠬᠠᠯ ᠤᠨ ᠠᠮᠠᠯᠠᠯᠲᠠ ᠶᠢᠨ ᠪᠢᠴᠢᠭ      ᠳᠠᠭᠠᠭᠠᠴᠢᠯᠠᠯᠲᠠ ᠵᠠᠷᠯᠠᠭᠴᠢ ᠪᠥᠭᠡᠳ ᠳᠠᠭᠠᠳᠬᠠᠯ ᠤᠨ ᠵᠠᠭᠤᠴᠢᠯᠠᠬᠤ ᠺᠣᠮᠫᠠᠨᠢ᠄      ᠮᠠᠨ ᠤ ᠲᠠᠯ᠎ᠠ ᠠᠴᠠ 2020 ᠤᠨ ᠤ 12 ᠳ᠋ᠤᠭᠠᠷ ᠰᠠᠷ᠎ᠠ ᠶᠢᠨ 3 ᠤ ᠡᠳᠦᠷ ᠤᠨ ᠲᠡᠭ ᠴᠠᠭ ᠠᠴᠠ ᠡᠬᠢᠯᠡᠨ 331 ᠤᠯᠤᠰ ᠤᠨ ᠵᠠᠮ ᠤᠨ ᠡᠷᠢᠶᠡᠨ ᠬᠤᠲᠠ ᠠᠴᠠ ᠠᠶᠢᠷᠠᠭ ᠤᠨ ᠰᠦᠮ᠎ᠡ ᠶᠢᠨ ᠬᠡᠰᠡᠭ ᠤᠨ ᠪᠠᠷᠢᠯᠭ᠎ᠠ ᠶᠢᠨ ᠲᠥᠷᠥᠯ ᠵᠦᠢᠯ ︵ᠳᠣᠷᠣᠭᠰᠢ ᠲᠤᠰ ᠲᠥᠷᠥᠯ ᠵᠦᠢᠯ ᠭᠡᠵᠦ ᠲᠣᠪᠴᠢᠯᠠᠨ᠎ᠠ︶ ᠤᠨ ᠪᠠᠷᠢᠯᠭ᠎ᠠ ᠶᠢᠨ ᠠᠯᠢᠪᠠ ᠳᠠᠭᠠᠳᠬᠠᠯ᠂  ᠭᠤᠷᠪᠠᠳᠤᠭᠠᠷ ᠡᠲᠡᠭᠡᠳ ᠤᠨ ᠬᠠᠷᠢᠭᠤᠴᠠᠯᠭ᠎ᠠ ᠶᠢᠨ ᠳᠠᠭᠠᠳᠬᠠᠯ ᠪᠣᠯᠤᠨ ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ‌‍ᠶᠢᠨ ᠳᠠᠭᠠᠳᠬᠠᠯ ᠤᠨ ᠲᠦᠷ ᠴᠠᠭ ᠤᠨ ᠳᠠᠭᠠᠳᠬᠠᠯ ᠢ ᠬᠠᠩᠭᠠᠨ᠎ᠠ ᠭᠡᠵᠦ ᠠᠮᠠᠯᠠᠪᠠ᠃ ᠲᠦᠷ ᠳᠠᠭᠠᠳᠬᠠᠬᠤ ᠬᠤᠭᠤᠴᠠᠭ᠎ᠠ ᠨᠢ 60 ᠡᠳᠦᠷ ᠪᠣᠯᠤᠨ᠎ᠠ᠃ ᠬᠡᠷᠪᠡ ᠮᠠᠨ ᠤ ᠲᠠᠯ᠎ᠠ ᠶᠢᠨ ᠬᠢᠨ ᠳᠠᠭᠠᠭᠠᠴᠢᠯᠠᠯᠲᠠ ᠣᠯᠤᠭᠰᠠᠨ ᠪᠣᠯ᠂ ᠮᠠᠨ ᠤ ᠲᠠᠯ᠎ᠠ ᠶᠢᠨ ᠬᠢᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠳᠠᠭᠠᠳᠬᠠᠯ ᠤᠨ ᠲᠥᠰᠦᠯ ᠪᠣᠯᠤᠨ ᠳᠠᠭᠠᠳᠬᠠᠯ ᠤᠨ ᠬᠡᠯᠡᠯᠴᠡᠭᠡᠷ ᠤᠨ ᠠᠭᠤᠯᠭ᠎ᠠ ᠶᠣᠰᠣᠭᠠᠷ ᠡᠨᠡ ᠬᠤᠭᠤᠴᠠᠭᠠᠨ ᠳᠤ ᠵᠣᠬᠢᠴᠠᠩᠭᠤᠢ ᠳᠠᠭᠠᠳᠬᠠᠯ ᠤᠨ ᠬᠠᠷᠢᠭᠤᠴᠠᠯᠭ᠎ᠠ ᠶᠢ ᠡᠭᠦᠷᠭᠡᠯᠡᠨ᠎ᠡ ᠭᠡᠵᠦ ᠠᠮᠠᠯᠠᠪᠠ ︵ᠲᠦᠷ ᠳᠠᠭᠠᠳᠬᠠᠬᠤ ᠬᠤᠭᠤᠴᠠᠭᠠᠨ ᠳᠤ ᠳᠠᠭᠠᠳᠬᠠᠯ ᠤᠨ ᠵᠠᠷᠤᠳᠠᠯ ᠨᠢ ᠶᠡᠷᠦᠩᠬᠡᠶ ᠳᠠᠭᠠᠳᠬᠠᠯ ᠤᠨ ᠵᠠᠷᠤᠳᠠᠯ ᠳᠣᠲᠣᠷ᠎ᠠ ᠪᠠᠭᠲᠠᠨ᠎ᠠ᠂ ᠠᠰᠲᠠᠭᠠᠨ ᠰᠦᠢᠳᠭᠡᠯ ᠬᠤᠷᠢᠶᠠᠬᠤ ᠦᠭᠡᠢ︶᠂ ᠬᠡᠷᠪᠡ ᠮᠠᠨ ᠤ ᠲᠠᠯ᠎ᠠ ᠶᠢᠨ ᠬᠢᠨ ᠳᠠᠭᠠᠭᠠᠴᠢᠯᠠᠯᠲᠠ ᠣᠯᠤᠭᠰᠠᠨ ᠦᠭᠡᠢ ᠪᠠᠶᠢᠪᠠᠯ᠂ ᠲᠤᠰ ᠲᠦᠷ ᠳᠠᠭᠠᠳᠬᠠᠯ ᠤᠨ ᠠᠮᠠᠯᠠᠯᠲᠠ ᠨᠢ ᠡᠬᠢᠯᠡᠭᠰᠡᠨ ᠠᠴᠠ ᠪᠠᠨ ᠠᠪᠤᠭᠠᠳ ᠬᠦᠴᠦᠨ ᠦᠭᠡᠢ ᠪᠣᠯᠤᠨ᠎ᠠ᠃      ᠳᠡᠭᠡᠷᠡᠬᠢ ᠠᠮᠠᠯᠠᠯᠲᠠ ᠨᠢ ᠳᠠᠭᠠᠭᠠᠴᠢᠯᠠᠯᠲᠠ ᠬᠦᠯᠢᠶᠡᠵᠦ ᠳᠠᠭᠠᠳᠬᠠᠬᠤ ᠪᠠᠷ ᠪᠠᠶᠢᠭ᠎ᠠ ᠲᠥᠷᠥᠯ ᠵᠦᠢᠯ ᠶᠢᠨ 2020 ᠣᠨ ᠤ 12 ᠳ᠋ᠤᠭᠠᠷ ᠰᠠᠷ᠎ᠠ ᠶᠢᠨ 03 ᠴᠠᠭ ᠠᠴᠠ ᠡᠮᠦᠨ᠎ᠡ ᠳᠠᠭᠠᠳᠬᠠᠯ ᠤᠨ ᠠᠳᠡᠯ ᠭᠠᠷᠤᠭᠰᠠᠨ ᠥᠬᠡᠶ ᠪᠤᠶᠤ ᠳᠠᠭᠠᠳᠬᠠᠯ ᠤᠨ ᠠᠳᠡᠯ ᠭᠠᠷᠤᠭᠰᠠᠨ ᠴᠤ ᠳᠠᠭᠠᠭᠠᠴᠢᠯᠠᠯᠲᠠ ᠵᠠᠷᠯᠠᠭᠴᠢ ᠵᠢᠴᠢ ᠳᠠᠭᠠᠳᠬᠠᠯ ᠤᠨ ᠵᠠᠭᠤᠴᠢᠯᠠᠬᠤ ᠺᠣᠮᠫᠠᠨᠢ ᠨᠢ ᠮᠠᠨ ᠤ ᠺᠣᠮᠫᠠᠨᠢ ᠠᠴᠠ ᠲᠥᠯᠥᠪᠦᠷᠢ ᠨᠡᠬᠡᠵᠦ ᠪᠣᠯᠬᠤ ᠥᠬᠡᠶ᠃               ᠠᠮᠠᠯᠠᠭᠴᠢ / ᠳᠠᠭᠠᠭᠠᠴᠢᠯᠠᠯᠲᠠ ᠬᠦᠯᠢᠶᠡᠭᠴᠢ ︵ᠪᠦᠷᠢᠨ ᠨᠡᠷᠡᠶᠢᠳᠦᠯ︶᠄            ︵ᠠᠯᠪᠠᠨ ᠲᠠᠮᠠᠭ᠎ᠠ ᠳᠠᠷᠤᠨ᠎ᠠ︶᠄            ᠡᠷᠬᠡᠲᠦ ᠲᠥᠯᠥᠭᠡᠯᠡᠭᠴᠢ ᠶᠢᠨ ᠭᠠᠷ ᠤᠨ ᠥᠰᠥᠭ᠄                             2020 ᠣᠨ ᠤ 12 ᠳ᠋ᠤᠭᠠᠷ ᠰᠠᠷ᠎ᠠ ᠶᠢᠨ 2 ᠤᠨ ᠡᠳᠦᠷ            ᠣᠨᠴᠠᠭᠠᠢ ᠰᠠᠨᠠᠭᠤᠯᠤᠮᠵᠢ᠄ ᠬᠡᠷᠪᠡ ᠳᠠᠭᠠᠭᠠᠴᠢᠯᠠᠯᠲᠠ ᠵᠠᠷᠯᠠᠬᠤ ᠳᠤ ᠣᠷᠣᠯᠴᠠᠬᠤ ᠶᠢ ᠨᠤᠲᠠᠯᠠᠪᠠᠯ᠂ ᠲᠣᠰ ︽ᠲᠦᠷ  ᠳᠠᠭᠠᠳᠬᠠᠯ ᠤᠨ ᠠᠮᠠᠯᠠᠯᠲᠠ ᠶᠢᠨ ᠪᠢᠴᠢᠭ︾ ᠢ ᠡᠷᠬᠡᠪᠰᠢ 2020 ᠣᠨ ᠤ 12 ᠳ᠋ᠤᠭᠠᠷ ᠰᠠᠷ᠎ᠠ ᠶᠢᠨ 2 ᠤᠨ ᠡᠳᠦᠷ ᠠᠴᠠ ᠡᠮᠦᠨ᠎ᠡ ᠪᠡᠭᠡᠵᠢᠩ ᠤᠨ ᠲᠢᠶᠠᠨ ᠳ᠋ᠤᠤ ᠳᠠᠭᠠᠳᠬᠠᠯ ᠤᠨ ᠵᠠᠭᠤᠴᠢᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ︵ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠤᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠶᠤᠲᠠᠳ ᠤᠨ ᠦᠢᠯᠡᠰ ᠪᠦᠲᠦᠭᠡᠬᠦ ᠬᠦᠷᠢᠶᠡᠯᠡᠩ ᠤᠨ 7 ᠳ᠋ᠤᠭᠠᠷ ᠨᠣᠮᠧᠷᠲᠤ ᠠᠰᠠᠷ ᠤᠨ 809 ᠲᠠᠰᠤᠭ︶ ᠳᠤ ᠲᠤᠰᠢᠶᠠᠵᠤ᠂ 1 ᠬᠡᠯᠪᠡᠷᠢ ᠶᠢᠨ 3 ᠬᠤᠪᠢ ᠶᠢ ᠲᠤᠰᠢᠶᠠᠨ᠎ᠠ᠃ ᠡᠰᠡᠪᠡᠯ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢ ᠬᠦᠴᠦᠨ ᠦᠭᠡᠢ ᠪᠠᠷ ᠦᠵᠡᠨ᠎ᠡ᠃
 
ᠢᠷᠡᠯᠲᠡ᠄ ᠵᠠᠰᠠᠮᠠᠯ ᠵᠠᠮ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号