ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2020/4/20
     ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠦᠬᠦ ᠲᠠᠯ᠎ᠠ ᠪᠠᠷ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠱᠠᠭᠠᠷᠳᠠᠯᠭ᠎ᠠ ᠶᠣᠰᠣᠭᠠᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠠᠪᠴᠢᠶᠠᠨ ᠤ ᠳᠡᠳ᠋ ᠲᠣᠪᠴᠢᠶᠠᠨ ᠳᠠᠷᠤᠭ᠎ᠠ ᠰᠢ ᠶᠣᠤ ᠲᠢᠩ ᠬᠠᠮᠢᠶ᠎ᠠ ᠪᠥᠬᠦᠶ ᠠᠵᠢᠯᠲᠠᠨ ᠢᠶᠠᠨ ᠳᠠᠭᠠᠭᠤᠯᠤᠨ ᠯᠦᠩ ᠴᠠᠩ ᠪᠠᠯᠭᠠᠰᠤ ᠶᠢᠨ ᠪᠠ ᠳᠤᠸᠠᠨ ᠲᠣᠰᠬᠤᠨ᠂ ᠹᠦ᠋ ᠱᠠᠨ ᠲᠣᠰᠬᠤᠨ᠂ ᠨᠠᠨ ᠸᠠᠨ ᠽᠢ ᠲᠣᠰᠬᠤᠨ ᠳᠤ ᠬᠦᠷᠴᠦ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠪᠠᠶᠢᠴᠠᠭᠠᠪᠠ᠃      ᠳᠡᠳ᠋ ᠲᠣᠪᠴᠢᠶᠠᠨ ᠳᠠᠷᠤᠭ᠎ᠠ ᠰᠢᠶᠣᠣ ᠹᠦ᠋ ᠰᠢᠶᠣᠣ ᠶᠢᠨ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠵᠢᠭᠰᠠᠭᠠᠨ ᠪᠠᠶᠢᠴᠠᠭᠠᠬᠤ ᠠᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠨᠢᠭᠡ ᠵᠦᠢᠯ ᠤᠨ ᠭᠤᠤᠯᠳᠠᠯᠭ᠎ᠠ ᠲᠠᠢ ᠰᠠᠭᠤᠷᠢ ᠴᠢᠨᠠᠷᠲᠠᠶ ᠠᠵᠢᠯ ᠮᠥᠨ᠂ ᠤᠯᠤᠰ ᠲᠥᠷᠥ ᠶᠢ ᠡᠷᠬᠢᠮᠯᠡᠬᠦ ᠥᠨᠳᠦᠷᠴᠡ ᠠᠴᠠ ᠲᠣᠰ ᠤᠳᠠᠭᠠᠨ ᠤ ᠪᠥᠬᠦ ᠲᠠᠯ᠎ᠠ ᠪᠠᠷ ᠣᠶᠢᠯᠭᠠᠨ ᠵᠢᠭᠰᠠᠭᠠᠨ ᠪᠠᠶᠢᠴᠠᠭᠠᠬᠤ ᠠᠵᠢᠯ ᠤᠨ ᠲᠦᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠣᠶᠤᠨ ᠴᠢᠳᠠᠯ ᠢᠶᠠᠨ ᠲᠥᠪᠯᠡᠷᠡᠭᠦᠯᠦᠨ᠂ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ  ᠶᠢ ᠰᠠᠶᠢᠲᠤᠷ ᠠᠳᠬᠤᠵᠤ᠂ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠦᠨᠡᠨ ᠬᠦ ᠨᠠᠷᠢᠯᠢᠭ ᠪᠣᠳᠠᠲᠠᠶ ᠬᠢᠬᠦ ᠬᠡᠷᠡᠭᠲᠡᠶ᠃ ᠲᠤᠭ᠎ᠠ ᠪᠠᠷᠢᠮᠲᠠ ᠶᠢᠨ ᠶᠠᠰᠤ ᠴᠢᠨᠠᠷ ᠢ ᠴᠢᠩᠭ᠎ᠠ ᠠᠳᠬᠤᠵᠤ᠂ ᠠᠵᠢᠯ ᠤᠨ ᠳᠤᠮᠳᠠ ᠪᠠᠨ ᠡᠷᠬᠡᠪᠰᠢ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠵᠤ᠂ ᠱᠠᠲᠤ ᠱᠠᠲᠤ ᠪᠠᠷ ᠬᠢᠨᠠᠨ ᠬᠠᠷᠭᠤᠭᠤᠯᠬᠤ ᠪᠠᠷ ᠳᠠᠮᠵᠢᠭᠤᠯᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠵᠢᠭᠰᠠᠭᠠᠨ ᠪᠠᠶᠢᠴᠠᠭᠠᠭᠰᠠᠨ ᠦᠷ᠎ᠡ ᠳ᠋ᠦᠩ  ᠨᠢ ᠦᠨᠡᠨ ᠪᠣᠳᠠᠲᠠᠶ ᠪᠠᠶᠢᠳᠠᠯ ᠢ ᠦᠨᠡᠨᠬᠦ ᠲᠤᠰᠬᠠᠭᠰᠠᠨ ᠪᠠᠶᠢᠬᠤ ᠶᠢ ᠪᠠᠲᠤᠯᠠᠵᠤ᠂ ᠡᠷᠦᠬᠡ ᠨᠢᠭᠡᠪᠦᠷᠢ᠂ ᠲᠤᠭ᠎ᠠ ᠨᠢᠭᠡᠪᠦᠷᠢ ᠳᠤ ᠬᠠᠷᠢᠭᠤᠴᠠᠨ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠴᠢᠩᠭ᠎ᠠ ᠴᠡᠭᠡᠷᠯᠡᠬᠦ ᠬᠡᠷᠡᠭᠲᠡᠶ᠃ ᠪᠠᠶᠢᠴᠠᠭᠠᠨ ᠵᠢᠭᠰᠠᠭᠠᠵᠤ ᠳᠠᠭᠤᠰᠤᠭᠰᠠᠨ ᠤ ᠳᠠᠷᠠᠭ᠎ᠠ ᠲᠤᠭ᠎ᠠ ᠪᠠᠷᠢᠮᠲᠠ ᠶᠢᠨ ᠵᠠᠳᠠᠯᠤᠯᠲᠠ ᠶᠢ ᠥᠷᠨᠢᠭᠦᠯᠵᠦ᠂ ᠵᠢᠮ᠎ᠡ ᠶᠣᠰᠣ ᠶᠢ ᠳ᠋ᠦᠩᠨᠡᠨ᠂ ᠵᠢᠭᠰᠠᠭᠠᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠬᠤ ᠬᠡᠷᠡᠭᠲᠡᠶ᠃      ᠲᠣᠰ ᠤᠳᠠᠭᠠᠨ ᠤ ᠪᠠᠶᠢᠴᠠᠭᠠᠨ ᠵᠢᠭᠰᠠᠭᠠᠬᠤ ᠠᠵᠢᠯ ᠤᠨ ᠴᠠᠭ ᠪᠠᠴᠢᠮ ᠡᠭᠦᠷᠭᠡ ᠬᠦᠨᠳᠦ ᠪᠣᠯᠬᠤᠷ ᠠᠵᠢᠯ  ᠢᠶᠠᠨ ᠵᠣᠬᠢᠰᠲᠠᠢ ᠬᠤᠪᠢᠶᠠᠷᠢᠯᠠᠬᠤ ᠶᠢ ᠴᠢᠬᠤᠯᠠᠴᠢᠯᠠᠵᠤ᠂ ᠬᠠᠮᠵᠢᠯᠴᠠᠭ᠎ᠠ ᠪᠠᠨ ᠴᠢᠩᠭᠠᠳᠬᠠᠬᠤ ᠬᠡᠷᠡᠭᠲᠡᠶ᠃ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠲᠡᠭᠦᠰ ᠠᠮᠵᠢᠯᠲᠠ ᠲᠠᠢ ᠳᠠᠭᠤᠰᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号