ᠬᠠᠪᠤᠷ ᠤᠨ ᠤᠯᠠᠷᠢᠯ ᠳᠠᠬᠢ ᠵᠠᠰᠠᠮᠠᠯ ᠵᠠᠮ ᠤᠨ ᠭᠤᠤᠯ ᠱᠤᠭᠤᠮ ᠤᠨ ᠠᠮᠤᠷ ᠲᠦᠪᠰᠢᠨ ᠢ ᠰᠢᠮᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2020/4/20
     ᠬᠠᠪᠤᠷ ᠤᠨ ᠤᠯᠠᠷᠢᠯ ᠳᠠᠬᠢ ᠵᠠᠰᠠᠮᠠᠯ ᠵᠠᠮ ᠤᠨ ᠭᠤᠤᠯ ᠱᠤᠭᠤᠮ ᠤᠨ ᠪᠠᠶᠢᠳᠠᠯ ᠤᠨ ᠲᠣᠭᠲᠠᠭᠤᠨ ᠪᠠ ᠠᠮᠤᠷ ᠲᠦᠪᠰᠢᠨ ᠢᠶᠠᠷ ᠰᠠᠭᠠᠳ ᠦᠭᠡᠶ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 9 ᠤ ᠡᠳᠦᠷ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ ᠴᠠᠩ ᠰᠢᠶᠤᠤ ᠹᠧᠩ ᠨᠠᠷ᠂ ᠵᠠᠰᠠᠮᠠᠯ ᠵᠠᠮ ᠤᠨ ᠬᠠᠮᠢᠶᠠᠷᠤᠯᠲᠠ ᠶᠢᠨ ᠲᠣᠪᠴᠢᠶᠠᠨ ᠤ ᠱᠦᠵᠢ ᠴᠧᠨ ᠱᠣᠣ ᠳ᠋ᠦᠩ ᠪᠠᠷ᠎ᠠ ᠪᠣᠯᠤᠯᠭ᠎ᠠ ᠪᠠᠷ᠂ ᠲᠣᠪᠴᠢᠶᠠᠨ ᠤ ᠶᠡᠷᠦᠩᠬᠡᠶ ᠢᠨᠵᠧᠨᠧᠷ ᠭᠦᠸᠧ ᠴᠢᠤᠸᠠᠨ ᠪᠢᠨ᠂ ᠠᠶᠤᠯ ᠦᠭᠡᠢ ᠶᠢᠨ ᠬᠢᠨᠠᠨ ᠬᠠᠮᠢᠶᠠᠷᠤᠯᠲᠠ ᠶᠢᠨ ᠰᠠᠯᠠᠭᠠᠨ ᠳᠠᠷᠤᠭ᠎ᠠ ᠰᠢᠤᠸᠠᠢ ᠵᠧᠩ ᠴᠢ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠰᠠᠯᠠᠭᠠᠨ ᠳᠠᠷᠤᠭ᠎ᠠ ᠬᠤᠤ ᠵᠢᠶᠦ᠋ᠨ ᠵᠢᠶᠧ᠂ ᠰᠢᠮᠳᠠᠭᠤᠯᠤᠨ ᠪᠠᠶᠢᠴᠠᠭᠠᠬᠤ ᠲᠥᠪ ᠤᠨ ᠡᠷᠬᠢᠯᠡᠭᠴᠢ ᠶᠠᠩ ᠬᠤᠤ ᠢᠦᠶ ᠵᠢᠴᠢ ᠬᠠᠮᠢᠶ᠎ᠠ ᠪᠦᠬᠦᠢ ᠬᠥᠮᠦᠰ ᠲᠠᠢ ᠬᠠᠮᠲᠤ᠂ ᠬᠠᠪᠤᠷ ᠤᠨ ᠤᠯᠠᠷᠢᠯ ᠳᠠᠬᠢ ᠵᠠᠰᠠᠮᠠᠯ ᠵᠠᠮ ᠤᠨ ᠭᠤᠤᠯ ᠱᠤᠭᠤᠮ ᠤᠨ ᠬᠠᠮᠢᠶᠠᠷᠤᠯᠲᠠ ᠠᠷᠠᠴᠢᠯᠠᠯᠲᠠ ᠶᠢᠨ ᠠᠵᠢᠯ᠂ ᠠᠮᠤᠷ ᠲᠦᠪᠰᠢᠨ ᠤ ᠳᠠᠯᠳᠠ ᠭᠡᠮ ᠢ ᠪᠠᠶᠢᠴᠠᠭᠠᠨ ᠵᠠᠰᠠᠬᠤ᠂ ᠵᠠᠮ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠵᠠᠮ ᠳᠡᠭᠡᠷᠡᠬᠢ ᠬᠤᠣᠷ ᠬᠥᠨᠥᠭᠡᠯ ᠢ ᠰᠢᠢᠳᠪᠦᠷᠢᠯᠡᠬᠦ ᠪᠠᠷ ᠭᠤᠤᠯᠳᠠᠯᠭ᠎ᠠ ᠪᠣᠯᠭᠠᠵᠤ ᠂ ᠬᠤᠲᠠ ᠶᠢᠨ ᠵᠠᠰᠠᠮᠠᠯ ᠵᠠᠮ ᠤᠨ ᠬᠠᠮᠢᠶᠠᠷᠤᠯᠲᠠ ᠶᠢᠨ ᠲᠣᠪᠴᠢᠶᠠᠨ ᠤ ᠬᠠᠪᠤᠷ ᠤᠨ ᠤᠯᠠᠷᠢᠯ ᠳᠠᠬᠢ ᠠᠷᠠᠴᠢᠯᠠᠨ ᠬᠠᠮᠠᠭᠠᠯᠠᠵᠤ ᠬᠠᠮᠢᠶᠠᠷᠬᠤ ᠶᠢᠨ ᠠᠵᠢᠯ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠪᠡ᠃      ᠪᠠᠶᠢᠴᠠᠭᠠᠬᠤ ᠳᠤᠭᠤᠶᠢᠯᠠᠩ ᠡᠩ ᠲᠡᠷᠢᠭᠦᠨ ᠳᠤ ᠵᠠᠰᠠᠮᠠᠯ ᠵᠠᠮ ᠤᠨ ᠬᠠᠮᠢᠶᠠᠷᠤᠯᠲᠠ ᠶᠢᠨ ᠲᠣᠪᠴᠢᠶᠠᠨ ᠤ ᠱᠦᠵᠢ ᠴᠧᠨ ᠱᠣᠤ ᠳ᠋ᠦᠩ ᠠᠴᠠ ᠬᠠᠪᠤᠷ ᠤᠨ ᠤᠯᠠᠷᠢᠯ ᠳᠠᠬᠢ ᠵᠠᠰᠠᠮᠠᠯ ᠵᠠᠮ ᠢ ᠠᠷᠠᠴᠢᠯᠠᠨ ᠬᠠᠮᠠᠭᠠᠯᠠᠭᠰᠠᠨ ᠠᠵᠢᠯ ᠤᠨ ᠪᠠᠶᠢᠳᠠᠯ ᠤᠨ ᠲᠤᠬᠠᠶ ᠬᠢᠭᠰᠡᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠰᠠᠮᠠᠯ ᠵᠠᠮ ᠤᠨ ᠬᠠᠮᠢᠶᠠᠷᠤᠯᠲᠠ ᠶᠢᠨ ᠲᠣᠪᠴᠢᠶ᠎ᠠ ᠨᠢ ᠵᠠᠰᠠᠮᠠᠯ ᠵᠠᠮ ᠢ ᠬᠠᠮᠢᠶᠠᠷᠴᠤ ᠠᠷᠠᠴᠢᠯᠠᠬᠤ ᠠᠵᠢᠯ ᠲᠠᠢ ᠪᠠᠨ ᠤᠶᠠᠯᠳᠤᠭᠤᠯᠤᠨ᠂ ᠨᠠᠷᠢᠨ ᠲᠣᠳᠤᠷᠬᠠᠢ ᠣᠨ ᠤ ᠲᠥᠯᠥᠪᠯᠡᠭᠡ ᠪᠠ ᠱᠠᠲᠤ ᠦᠶ᠎ᠡ ᠶᠢᠨ ᠴᠢᠨᠠᠷᠲᠠᠶ ᠠᠵᠢᠯ ᠤᠨ ᠲᠥᠯᠥᠪᠯᠡᠭᠡ ᠶᠢ ᠵᠢᠭᠰᠠᠭᠠᠬᠤ ᠶᠢᠨ ᠬᠠᠮᠲᠤ ᠬᠢᠨᠠᠮᠠᠭᠠᠶ ᠵᠣᠬᠢᠶᠠᠨ ᠪᠠᠶᠢᠭᠤᠯᠵᠤ ᠬᠡᠷᠡᠭᠵᠢᠭᠦᠯᠪᠡ᠃ ᠠᠷᠠᠴᠢᠯᠠᠨ ᠬᠠᠮᠠᠭᠠᠯᠠᠬᠤ ᠡᠭᠦᠷᠭᠡ ᠳᠤ ᠨᠠᠷᠢᠨ ᠪᠠᠶᠢᠷᠢᠯᠠᠭᠤᠯᠤᠯᠲᠠ ᠬᠢᠵᠦ᠂ ᠣᠳᠣᠬᠠᠨ ᠤ ᠠᠵᠢᠯ ᠤᠨ ᠭᠤᠤᠯᠳᠠᠯᠭ᠎ᠠ ᠪᠣᠯ ᠵᠠᠮ ᠤᠨ ᠬᠤᠣᠷ ᠬᠥᠨᠥᠭᠡᠯ ᠢ ᠨᠢ ᠰᠢᠢᠳᠪᠦᠷᠢᠯᠡᠬᠦ ᠠᠵᠢᠯ ᠢ ᠥᠷᠨᠢᠭᠦᠯᠬᠦ ᠶᠠᠪᠤᠳᠠᠯ ᠪᠣᠯᠤᠨ᠎ᠠ᠃ ᠬᠠᠪᠤᠷ ᠤᠨ ᠬᠠᠶᠢᠯᠤᠯᠲᠠ ᠶᠢᠨ ᠬᠤᠭᠤᠴᠠᠭᠠᠨ ᠤ ᠠᠷᠠᠴᠢᠯᠠᠨ ᠬᠠᠮᠠᠭᠠᠯᠠᠬᠤ ᠠᠵᠢᠯ ᠢ 3 ᠳ᠋ᠤᠭᠠᠷ ᠰᠠᠷ᠎ᠠ ᠠᠴᠠ ᠡᠬᠢᠯᠡᠭᠦᠯᠵᠦ᠂ ᠲᠣᠭᠤᠷᠢᠨ ᠪᠠᠶᠢᠴᠠᠭᠠᠬᠤ ᠲᠦᠷᠢᠮ ᠤᠨ ᠶᠣᠰᠣᠭᠠᠷ ᠬᠥᠮᠦᠨ ᠤ ᠬᠦᠴᠦ ᠪᠠᠷ ᠳᠡᠰ ᠳᠠᠷᠠᠭᠠᠯᠠᠨ ᠶᠠᠪᠤᠵᠤ ᠵᠢᠭᠰᠠᠭᠠᠨ ᠪᠠᠶᠢᠴᠠᠭᠠᠵᠤ᠂ ᠵᠠᠮ ᠳᠡᠭᠡᠷᠡᠬᠢ ᠬᠡᠮ ᠰᠣᠭᠤᠭ ᠢ ᠣᠯᠵᠤ ᠮᠡᠳᠡᠪᠡᠯ ᠡᠯ᠎ᠡ ᠠᠵᠢᠯ ᠤᠨ ᠲᠣᠭᠤᠷᠢᠭ ᠨᠢ ᠴᠠᠭ ᠳᠠᠷᠤᠶᠢᠬᠠᠨ ᠠᠷᠭ᠎ᠠ ᠬᠡᠮᠵᠢᠶ᠎ᠡ ᠠᠪᠴᠤ᠂ ᠨᠦᠬᠦᠵᠦ ᠴᠢᠳᠬᠤᠬᠤ ᠪᠠ ᠬᠤᠩᠬᠤᠷ ᠬᠤᠲᠤᠭᠤᠷ ᠢ ᠨᠢ ᠵᠠᠰᠠᠵᠤ ᠠᠮᠤᠷ ᠲᠦᠪᠰᠢᠨ ᠤ ᠬᠡᠮ ᠰᠣᠭᠤᠭ ᠢ ᠠᠷᠢᠯᠭᠠᠪᠠ᠃      ᠪᠠᠶᠢᠴᠠᠭᠠᠬᠤ ᠳᠤᠭᠤᠶᠢᠯᠠᠩ ᠤᠨ ᠬᠢᠨ G209᠂ S104᠂ S105 ᠨᠣᠮᠧᠷ ᠤᠨ ᠵᠠᠮ ᠪᠠ ᠨᠢᠰᠬᠡᠯ ᠤᠨ ᠪᠠᠭᠤᠳᠠᠯ ᠳᠤ ᠣᠴᠢᠬᠤ ᠵᠠᠮ ᠤᠨ ᠬᠠᠪᠤᠷ ᠤᠨ ᠤᠯᠠᠷᠢᠯ ᠳᠠᠬᠢ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠪᠠᠶᠢᠴᠠᠭᠠᠪᠠ᠃ ᠪᠠᠶᠢᠴᠠᠭᠠᠯᠲᠠ ᠪᠠᠷ ᠳᠠᠮᠵᠢᠭᠠᠳ ᠳᠣᠣᠷᠠᠬᠢ ᠪᠠᠶᠢᠳᠠᠯ ᠢ ᠣᠯᠵᠤ ᠮᠡᠳᠡᠪᠡ᠄ ① ᠵᠠᠰᠠᠮᠠᠯ ᠵᠠᠮ ᠳᠠᠭᠠᠤ ᠶᠢᠨ ᠲᠡᠮᠳᠡᠭ ᠱᠤᠭᠤᠮ ᠨᠢ ᠳᠤᠲᠠᠭᠳᠠᠭᠰᠠᠨ᠂ ᠲᠣᠳᠣᠷᠬᠠᠶ ᠪᠤᠰᠤ ᠪᠠᠶᠢᠳᠠᠯ ᠲᠠᠢ ᠪᠠᠶᠢᠬᠤ᠃ ② ᠵᠠᠮ ᠤᠨ ᠬᠤᠩᠬᠤᠷ ᠬᠤᠲᠤᠭᠤᠷ ᠪᠠ ᠠᠩ ᠴᠠᠪᠠ ᠭᠠᠷᠤᠭᠰᠠᠨ ᠪᠠᠶᠢᠳᠠᠯ ᠲᠠᠢ ᠪᠠᠶᠢᠬᠤ᠃ ③ᠨᠣᠭᠤᠭᠠᠷᠠᠭᠤᠯᠤᠯᠲᠠ ᠶᠢᠨ ᠪᠦᠰᠡ ᠳᠤ ᠬᠤᠪᠠᠭ᠋ᠠᠶᠢᠷᠠᠭᠰᠠᠨ ᠰᠠᠯᠠᠭ᠎ᠠ ᠨᠠᠮᠠᠭ᠎ᠠ᠂ ᠬᠤᠭ ᠨᠣᠪᠰᠢ ᠲᠠᠢ ᠪᠠᠶᠢᠬᠤ᠃ ᠪᠠᠶᠢᠴᠠᠭᠠᠬᠤ ᠳᠤᠭᠤᠶᠢᠯᠠᠩ ᠤᠨ ᠲᠤᠬᠠᠶ ᠶᠢᠨ ᠲᠠᠯᠠᠪᠠᠶ ᠳᠤ ᠳᠡᠭᠡᠷ᠎ᠡ ᠳᠤᠷᠠᠳᠤᠭᠰᠠᠨ ᠣᠷᠣᠰᠢᠵᠤ ᠪᠠᠶᠢᠭ᠎ᠠ ᠠᠰᠠᠭᠤᠳᠠᠯ ᠢ ᠵᠢᠭᠠᠵᠤ ᠭᠠᠷᠭᠠᠭᠰᠠᠨ ᠤ ᠳᠠᠭᠠᠤ᠂ ᠬᠠᠮᠢᠶᠠᠷᠴᠤ ᠠᠷᠠᠴᠢᠯᠠᠬᠤ ᠨᠢᠭᠡᠴᠢ ᠶᠢ ᠠᠰᠠᠭᠤᠳᠠᠯ ᠤᠨ ᠳᠠᠯᠳᠠ ᠬᠡᠮ ᠳᠤ ᠴᠥᠷᠬᠡᠯᠡᠨ ᠬᠠᠮᠢᠶᠠᠷᠬᠤ ᠶᠢ ᠬᠡᠷᠡᠭᠵᠢᠭᠦᠯᠵᠦ᠂ ᠠᠷᠠᠴᠢᠯᠠᠨ ᠬᠠᠮᠠᠭᠠᠯᠠᠬᠤ ᠠᠵᠢᠯ ᠢᠶᠠᠨ ᠤᠯᠠᠮ ᠨᠢᠭᠡ ᠠᠯᠬᠤᠮ ᠵᠢᠷᠤᠮᠵᠢᠭᠤᠯᠤᠨ᠂ ᠠᠬᠢᠴᠠ ᠶᠢ ᠲᠦᠷᠭᠡᠳᠬᠡᠨ ᠪᠠᠷᠢᠮᠵᠢᠶ᠎ᠠ ᠶᠣᠰᠣᠭᠠᠷ ᠲᠡᠭᠦᠯᠳᠡᠷᠵᠢᠭᠦᠯᠦᠨ ᠪᠣᠳᠠᠲᠠᠶᠢᠵᠢᠭᠤᠯᠵᠤ᠂ ᠠᠷᠠᠴᠢᠯᠠᠨ ᠬᠠᠮᠠᠭᠠᠯᠠᠬᠤ ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠬᠦ ᠬᠡᠷᠡᠭᠲᠡᠶ ᠭᠡᠵᠦ ᠱᠠᠭᠠᠡᠳᠠᠪᠠ᠃      ᠳᠡᠳ᠋ ᠲᠣᠪᠴᠢᠶᠠᠨ ᠳᠠᠷᠤᠭ᠎ᠠ ᠴᠠᠩ ᠰᠢᠶᠤᠤ ᠹᠧᠩ ᠴᠢᠬᠤᠯᠠᠴᠢᠯᠠᠬᠤ ᠳᠤ ᠪᠠᠨ᠄ ᠬᠤᠲᠠ ᠶᠢᠨ ᠵᠠᠰᠠᠮᠠᠯ ᠵᠠᠮ ᠤᠨ ᠬᠠᠮᠢᠶᠠᠷᠤᠯᠲᠠ ᠶᠢᠨ ᠲᠣᠪᠴᠢᠶ᠎ᠠ ᠨᠢ ᠤᠷᠢᠳᠴᠢᠯᠠᠨ ᠲᠥᠯᠥᠪᠯᠡᠵᠦ ᠤᠬᠠᠭᠠᠯᠠᠨ᠂ ᠬᠠᠪᠤᠷ ᠤᠨ ᠤᠯᠠᠷᠢᠯ ᠳᠠᠬᠢ ᠵᠠᠮ ᠤᠨ ᠬᠤᠣᠷ ᠬᠥᠨᠥᠭᠡᠯ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠠᠷᠢᠯᠭᠠᠵ᠊ ᠤ᠂ ᠤᠯᠤᠰ ᠮᠤᠵᠢ ᠶᠢᠨ ᠭᠤᠤᠯ ᠱᠤᠭᠤᠮ ᠪᠣᠯᠬᠤ ᠵᠠᠮ ᠤᠨ ᠪᠠᠶᠢᠳᠠᠯ ᠤᠨ ᠬᠢᠷᠢ ᠲᠦᠪᠰᠢᠨ ᠪᠠ ᠶᠠᠪᠤᠵᠤ ᠠᠶᠠᠯᠠᠬᠤ ᠣᠷᠴᠢᠨ ᠲᠣᠭᠤᠷᠢᠨ ᠢ ᠳᠡᠭᠡᠭᠰᠢᠯᠡᠭᠦᠯᠦᠨ᠂ ᠪᠥᠬᠦ ᠬᠤᠲᠠ ᠶᠢᠨ ᠠᠵᠢᠯ ᠲᠥᠷᠥᠯ ᠤᠨ ᠬᠢᠨ ᠤ ᠠᠵᠢᠯ ᠪᠠ ᠦᠢᠯᠡᠳᠪᠦᠷᠢᠯᠡᠯ ᠢᠶᠠᠨ ᠰᠡᠷᠭᠦᠭᠡᠬᠦ᠂ ᠵᠠᠮ ᠬᠠᠷᠢᠯᠴᠠᠭ᠎ᠠ ᠲᠡᠭᠡᠭᠡᠪᠦᠷᠢ ᠳᠤ ᠵᠠᠮ ᠨᠡᠪᠲᠡᠷᠡᠯᠭᠡ ᠶᠢᠨ ᠰᠠᠶᠢᠨ ᠰᠠᠶᠢᠬᠠᠨ ᠨᠥᠬᠦᠴᠡᠯ ᠬᠠᠩᠭᠠᠵᠤ ᠥᠭᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ zh
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号