ᠶᠠᠳᠠᠭᠤ ᠠᠴᠠ ᠠᠩᠭᠢᠵᠢᠷᠠᠭᠤᠯᠤᠭᠰᠠᠨ ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2020/4/20
     3 ᠳ᠋ᠤᠭᠠᠷ ᠰᠠᠷ᠎ᠠ ᠶᠢᠨ 18 ᠤ ᠡᠳᠦᠷ᠂ ᠵᠠᠮ ᠲᠡᠭᠡᠭᠡᠪᠦᠷᠢ ᠶᠢᠨ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ ᠰᠢᠶᠤᠤ  ᠹᠦ᠋ ᠰᠢᠶᠣᠣ ᠠᠵᠢᠯ ᠤᠨ ᠲᠣᠭᠤᠷᠢᠭ ᠤᠨ ᠳᠡᠳ᠋ ᠱᠦᠵᠢ ᠴᠧᠨ ᠵᠢᠶᠦ᠋ᠨ ᠭᠦᠸᠧ ᠶᠢᠨ ᠪᠠᠷ᠎ᠠ ᠪᠤᠯᠤᠯᠭ᠎ᠠ ᠲᠠᠢ ᠪᠠᠷ ᠯᠦᠩ ᠴᠠᠩ ᠪᠠᠯᠭᠠᠰᠤᠨ ᠤ ᠪᠠ ᠳ᠋ᠤᠸᠠᠨ ᠲᠣᠰᠬᠤᠨ ᠳᠤ ᠬᠦᠷᠴᠦ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ ᠢ ᠪᠣᠯᠭᠤᠭᠠᠨ ᠦᠵᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠵᠢᠭᠠᠨ ᠵᠢᠯᠤᠭᠤᠳᠤᠭᠰᠠᠨ ᠤ ᠬᠠᠮᠲᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠪᠠ ᠳ᠋ᠠᠶᠢᠲ᠋ᠠ ᠶᠢ ᠪᠢᠴᠢᠵᠦ ᠣᠷᠣᠭᠤᠯᠬᠤ ᠠᠵᠢᠯ ᠳᠤ ᠨᠠᠷᠢᠨ ᠪᠠᠶᠢᠷᠢᠯᠠᠭᠤᠯᠤᠯᠲᠠ ᠬᠢᠪᠠ᠃      ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠴᠦᠰ ᠤᠨ ᠳᠠᠶᠢᠯᠠᠯᠳᠤᠭᠠᠨ ᠢ ᠤᠯᠠᠮ ᠨᠢᠭᠡ ᠠᠯᠬᠤᠮ ᠰᠠᠶᠢᠲᠤᠷ ᠬᠢᠵᠦ ᠢᠯᠠᠯᠲᠠ ᠶᠢ ᠤᠯᠬᠤ ᠶᠢᠨ ᠲᠦᠯᠦᠭᠡ᠂ ᠳᠡᠭᠡᠳᠦ ᠱᠠᠲᠤᠨ ᠤ ᠶᠠᠳᠠᠭᠤ ᠶᠢ ᠲᠡᠳᠬᠦᠬᠦ ᠠᠵᠢᠯ ᠤᠨ ᠵᠣᠷᠢᠭ ᠰᠠᠨᠠᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠳᠡᠳ᠋ ᠲᠣᠪᠴᠢᠶᠠᠨ ᠳᠠᠷᠤᠭ᠎ᠠ ᠰᠢᠶᠤᠤ ᠹᠦ᠋ ᠰᠢᠶᠣᠣ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠢᠨ ᠳᠤ ᠳᠣᠣᠷᠠᠬᠢ ᠮᠡᠲᠦ ᠱᠠᠭᠠᠷᠳᠠᠯᠭ᠎ᠠ ᠳᠤᠷᠠᠳᠪᠠ᠄ ᠨᠢᠭᠡ ᠳᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠂ ᠲᠤᠪᠤᠶᠢᠮ᠎ᠠ ᠠᠰᠠᠭᠤᠳᠠᠯ ᠪᠠ ᠠᠨᠠᠢ ᠭᠤᠭᠴᠤᠭ᠎ᠠ ᠳᠤ ᠴᠢᠭᠯᠡᠭᠦᠯᠦᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠵᠦ᠂ ᠲᠦᠷᠦ  ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ᠂ ᠨᠠᠷᠢᠯᠢᠭ ᠨᠠᠶᠢᠳᠠᠪᠤᠷᠢᠵᠢᠭᠤᠯᠤᠯᠲᠠ᠂ ᠪᠣᠳᠠᠲᠠᠶᠢᠵᠢᠭᠤᠯᠤᠯᠲᠠ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠶᠠᠷ ᠲᠤ᠂ ᠲᠣᠰᠬᠤᠨ ᠳᠤ ᠰᠠᠭᠤᠭ᠎ᠠ ᠬᠥᠮᠦᠰ ᠲᠣᠰᠬᠤᠨ ᠤ ᠬᠤᠶᠠᠷ ᠵᠥᠪᠯᠡᠯ ᠤᠨ ᠭᠡᠰᠢᠭᠦᠳ ᠲᠠᠢ ᠪᠦᠯᠬᠦᠮᠳᠡᠨ ᠬᠠᠮᠲᠤᠷᠠᠯᠴᠠᠭᠰᠠᠨ ᠰᠠᠭᠤᠷᠢᠨ ᠳᠡᠭᠡᠷ᠎ᠡ᠂ ᠠᠵᠢᠯᠯᠠᠬᠤ ᠠᠷᠭ᠎ᠠ ᠪᠠᠨ ᠤᠯᠠᠮ ᠨᠢᠭᠡ ᠠᠯᠬᠤᠮ ᠰᠠᠶᠢᠵᠢᠷᠠᠭᠤᠯᠬᠤ ᠪᠠ ᠲᠡᠭᠦᠨ ᠳᠤ ᠰᠢᠨ᠎ᠡ ᠶᠢ ᠡᠭᠦᠳᠬᠦ ᠬᠡᠷᠡᠭᠲᠡᠢ᠃ ᠭᠤᠷᠪᠠ ᠳᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠪᠦᠬᠦ ᠲᠠᠯ᠎ᠠ ᠪᠠᠷ ᠪᠠᠶᠢᠳᠠᠯ ᠢ ᠨᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠲᠦᠷᠪᠡ ᠳᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠪᠦᠬᠦ ᠲᠠᠯ᠎ᠠ ᠪᠠᠷ ᠪᠠᠶᠢᠳᠠᠯ ᠢ ᠨᠢ ᠣᠶᠢᠯᠠᠭᠠᠵᠤ ᠵᠢᠭᠰᠠᠭᠠᠨ ᠪᠠᠶᠢᠴᠠᠭᠠᠬᠤ ᠱᠠᠭᠠᠷᠳᠠᠯᠭ᠎ᠠ ᠶᠣᠰᠣᠭᠠᠷ᠂ ᠡᠷᠦᠬᠡ ᠳᠤ ᠬᠦᠷᠴᠦ ᠵᠢᠭᠰᠠᠭᠠᠨ ᠪᠠᠶᠢᠴᠠᠭᠠᠬᠤ ᠳᠤᠮᠳᠠ ᠭᠤᠣᠯᠳᠠᠯᠭ᠎ᠠ ᠪᠠᠨ ᠲᠤᠪᠤᠶᠢᠯᠭᠠᠵᠤ᠂ ᠣᠨᠴᠠᠭᠠᠢ ᠬᠥᠮᠦᠰ ᠤᠨ ᠪᠠᠶᠢᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠡᠮᠬᠢᠯᠡᠵᠦ᠂ ᠮᠡᠳᠡᠭᠡ ᠵᠠᠩᠭᠢ ᠶᠢ ᠣᠨᠣᠪᠴᠢᠲᠠᠢ ᠬᠢᠨᠠᠨ ᠬᠠᠷᠭᠤᠭᠤᠯᠵᠤ᠂ ᠠᠰᠠᠭᠤᠳᠠᠯ ᠢ ᠲᠤᠶᠢᠯᠪᠤᠷᠢᠲᠠᠢ ᠢᠯᠡᠷᠡᠭᠦᠯᠵᠦ᠂ ᠡᠮᠵᠢᠭ ᠵᠦᠢᠯᠡᠰ ᠢ ᠥᠷᠬᠢᠭ᠌ᠳᠠᠭᠤᠯᠬᠤ ᠦᠭᠡᠢ᠂ ᠳᠠᠯᠳᠠ ᠭᠡᠮ ᠦᠯᠡᠳᠡᠭᠡᠬᠦ ᠦᠭᠡᠢ ᠪᠠᠶᠢᠬᠤ ᠪᠠᠷ ᠴᠢᠷᠮᠠᠶᠢᠨ᠂ ᠵᠢᠭᠰᠠᠭᠠᠵᠤ ᠪᠠᠶᠢᠴᠠᠭᠠᠭᠰᠠᠨ ᠦᠷ᠎ᠡ ᠳ᠋ᠦᠩ ᠤᠨ ᠦᠨᠡᠨ ᠪᠣᠳᠠᠲᠠᠢ ᠣᠨᠣᠪᠴᠢᠲᠠᠢ ᠪᠠᠶᠢᠬᠤ ᠶᠢ ᠪᠠᠲᠤᠯᠠᠵᠤ᠂ 2020 ᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠢ᠃      ᠳᠠᠷᠠᠭ᠎ᠠ ᠪᠠᠷ ᠨᠢ ᠳᠡᠳ᠋ ᠲᠣᠪᠴᠢᠶᠠᠨ ᠳᠠᠷᠤᠭ᠎ᠠ ᠰᠢᠶᠤᠤ ᠹᠦ᠋ ᠰᠢᠶᠣᠣ ᠠᠵᠢᠯ ᠤᠨ ᠲᠣᠭᠤᠷᠢᠭ ᠶᠢᠨ ᠬᠢᠨ ᠳᠤ ᠲᠣᠰᠬᠤᠨ ᠳᠤ ᠰᠠᠭᠤᠭ᠎ᠠ ᠬᠥᠮᠦᠰ ᠤᠨ ᠠᠵᠢᠯ᠂ ᠠᠮᠢᠳᠤᠷᠠᠯ᠂ ᠠᠮᠤᠷ ᠲᠦᠪᠰᠢᠨ ᠵᠡᠷᠭᠡ ᠡᠯ᠎ᠡ ᠲᠠᠯ᠎ᠠ ᠪᠠᠷ ᠬᠢ ᠪᠠᠲᠤᠯᠠᠬᠤ ᠠᠵᠢᠯ ᠢ ᠰᠠᠶᠢᠳᠤᠷ ᠬᠢᠵᠦ᠂ ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠥᠮᠦᠰ ᠢ ᠨᠢᠭᠡ ᠰᠡᠳᠬᠢᠯ ᠨᠢᠭᠡ ᠵᠣᠷᠢᠭ ᠢᠶᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠰᠢᠮᠳᠠᠭᠤᠯᠬᠤ ᠬᠡᠷᠡᠭᠲᠡᠶ ᠭᠡᠵᠦ ᠳᠤᠷᠠᠳᠪᠠ᠃      ︵ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠠᠵᠢᠯ ᠤᠨ ᠲᠣᠭᠤᠷᠢᠭ ᠮᠧᠩ ᠹᠠᠨ ᠵᠢᠶᠧ ᠬᠢᠨᠠᠨ ᠬᠠᠷᠭᠤᠭᠤᠯᠤᠭᠰᠠᠨ ᠴᠧᠨ ᠵᠢᠶᠦ᠋ᠨ ᠭᠦᠸᠧ︶
 
ᠢᠷᠡᠯᠲᠡ᠄ ᠤᠯᠠᠭᠠᠨᠬᠠᠳᠠ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号