ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 2020 ᠣᠨ ᠤ ᠨᠢᠭᠡᠳᠦᠭᠡᠷ ᠤᠳᠠᠭᠠᠨ ᠤ ᠠᠵᠢᠯ ᠤᠨ ᠵᠤᠷᠰᠢᠮᠠᠯ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/4/20
     4 ᠳ᠋ᠦ᠋ᠭᠡᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠢᠨ 2020 ᠣᠨ ᠤ ᠨᠢᠭᠡᠳᠦᠭᠡᠷ ᠤᠳᠠᠭᠠᠨ ᠤ ᠠᠵᠢᠯ ᠤᠨ ᠵᠤᠷᠰᠢᠮᠠᠯ ᠬᠤᠷᠠᠯ ᠬᠤᠷᠠᠯᠳᠤᠭᠤᠯᠵᠤ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠢᠶᠤᠤ ᠬᠤᠩ ᠬᠤᠷᠠᠯ ᠢ ᠡᠷᠭᠢᠯᠡᠵᠦ᠂ ᠲᠣᠪᠴᠢᠶᠠᠨ ᠤ ᠤᠳᠤᠷᠢᠳᠤᠯᠭ᠎ᠠ᠂ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ᠂ ᠲᠣᠪᠴᠢᠶᠠᠨ ᠤ ᠬᠠᠷᠢᠶ᠎ᠠ ᠡᠯ᠎ᠡ ᠨᠢᠭᠡᠴᠢ ᠶᠢᠨ ᠭᠤᠤᠯ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃      ᠬᠤᠷᠠᠯ ᠤᠨ ᠵᠥᠪᠯᠡᠬᠦ ᠵᠦᠢᠯ ᠤᠨ ᠶᠣᠰᠣᠭᠠᠷ ᠬᠡᠰᠡᠭ ᠰᠠᠯᠠᠭ᠎ᠠ ᠲᠠᠰᠤᠭ ᠪᠣᠯᠤᠨ ᠲᠣᠪᠴᠢᠶᠠᠨ ᠤ ᠬᠠᠷᠢᠶ᠎ᠠ ᠨᠢᠭᠡᠴᠢ ᠶᠢᠨ ᠬᠠᠷᠢᠭᠤᠴᠠᠯᠭᠠᠲᠠᠳ ᠣᠶᠢᠷ᠎ᠠ ᠶᠢᠨ ᠬᠤᠶᠠᠷ ᠭᠠᠷᠠᠭ ᠲᠤ ᠠᠵᠢᠯ ᠢᠶᠠᠨ ᠥᠷᠨᠢᠭᠦᠯᠦᠭᠰᠡᠨ ᠪᠠ ᠪᠡᠶᠡᠯᠡᠭᠦᠯᠦᠭᠰᠡᠨ ᠪᠠᠶᠢᠳᠠᠯ᠂ ᠠᠵᠢᠯ ᠢ ᠠᠬᠢᠭᠤᠯᠬᠤ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠳᠠᠷᠠᠭ᠎ᠠ ᠠᠯᠬᠤᠮ  ᠳᠠᠬᠢ ᠠᠵᠢᠯ ᠤᠨ ᠲᠥᠯᠥᠪᠯᠡᠭᠡ ᠶᠢ ᠪᠠᠭᠲᠠᠭᠠᠭᠰᠠᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠲᠣᠪᠴᠢᠶᠠᠨ  ᠤ ᠤᠳᠤᠷᠢᠳᠤᠯᠭ᠎ᠠ ᠠᠴᠠ ᠬᠠᠷᠢᠭᠤ ᠮᠡᠳᠡᠭᠦᠯᠦᠯᠲᠡ ᠶᠢᠨ ᠠᠭᠤᠯᠭ᠎ᠠ ᠪᠠ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ  ᠪᠠᠨ ᠤᠶᠠᠯᠳᠤᠭᠤᠯᠤᠨ ᠦᠨᠡᠯᠡᠯᠲᠡ ᠪᠠ ᠪᠠᠶᠢᠷᠢᠯᠠᠭᠤᠯᠤᠯᠲᠠ ᠬᠢᠵᠦ᠂ ᠡᠯ᠎ᠡ ᠰᠠᠯᠠᠭ᠎ᠠ ᠲᠠᠰᠤᠭ᠂ ᠡᠯ᠎ᠡ ᠨᠢᠭᠡᠴᠢ ᠨᠢ ᠥᠪᠡᠷ ᠤᠨ ᠰᠠᠯᠠᠭ᠎ᠠ ᠮᠥᠴᠢᠷ ᠤᠨ ᠢᠶᠠᠨ ᠭᠤᠣᠯᠯᠠᠨ ᠠᠳᠬᠤᠵᠤ ᠪᠠᠶᠢᠭ᠎ᠠ ᠭᠤᠣᠯᠳᠠᠯᠭ᠎ᠠ ᠲᠠᠢ ᠠᠵᠢᠯ ᠳᠤ ᠴᠢᠭᠯᠡᠭᠦᠯᠦᠨ ᠡᠮᠬᠢᠯᠡᠯᠲᠡ᠂ ᠲᠣᠬᠢᠷᠠᠭᠤᠯᠤᠯᠲᠠ ᠪᠠ ᠨᠠᠶᠢᠳᠠᠪᠤᠷᠢᠵᠢᠭᠤᠯᠤᠯᠲᠠ ᠶᠠᠪᠤᠭᠳᠠᠭᠤᠯᠵᠤ᠂ ᠠᠵᠢᠯ ᠢᠶᠠᠨ ᠬᠤᠴᠣᠷᠤᠭᠳᠠᠭᠤᠯᠵᠤ ᠪᠣᠯᠬᠤ ᠦᠭᠡᠢ᠃ ︽ᠭᠤᠷᠪᠠᠨ ᠡᠷᠬᠡᠪᠰᠢ︾ ᠶᠢ ᠠᠳᠬᠤᠬᠤ ᠬᠡᠷᠡᠭᠲᠡᠶ᠂ ᠲᠤᠬᠠᠶᠢᠯᠠᠪᠠᠯ ᠠᠵᠢᠯ ᠲᠦᠷᠦᠯ ᠤᠨ ᠠᠵᠢᠯ ᠢ ᠠᠳᠬᠤᠬᠤ ᠳᠤ ᠠᠮᠤᠷ ᠲᠥᠪᠰᠢᠨ ᠢ ᠠᠳᠬᠤᠬᠤ ᠬᠡᠷᠡᠭᠲᠡᠶ᠂ ᠲᠤᠬᠠᠶᠢᠯᠠᠭᠰᠠᠨ ᠠᠵᠢᠯ ᠢ ᠠᠳᠬᠤᠬᠤ ᠳᠤ ᠠᠮᠤᠷ ᠲᠦᠪᠰᠢᠨ ᠢ ᠠᠳᠬᠤᠬᠤ ᠬᠡᠷᠡᠭᠲᠡᠢ᠂ ᠦᠢᠯᠡᠳᠪᠦᠷᠢᠯᠡᠯ ᠢ ᠠᠳᠬᠤᠬᠤ ᠳᠤ ᠠᠮᠤᠷ ᠲᠦᠪᠰᠢᠨ ᠠᠳᠬᠤᠵᠤ᠂ ᠠᠶᠤᠯᠭᠦᠢ ᠦᠢᠯᠡᠳᠪᠦᠷᠢᠯᠡᠯ ᠢ ᠴᠢᠬᠤᠯᠠᠴᠢᠯᠠᠬᠤ ᠬᠡᠷᠡᠭᠲᠡᠶ︔ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾᠂ ︽ᠴᠥᠷᠬᠡᠯᠡᠨ ᠠᠵᠢᠯᠯᠠᠬᠤ ᠠᠷᠭ᠎ᠠ︾ ᠶᠢ ᠪᠣᠳᠠᠲᠠᠶ ᠠᠵᠢᠯ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ︔ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠬᠤ ᠶᠢ ᠠᠩᠬᠠᠷᠴᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠪᠡᠯ ᠬᠠᠷᠢᠭᠤᠴᠠᠯᠭ᠎ᠠ  ᠠᠴᠠ ᠬᠡᠯᠲᠦᠷᠢᠭᠦᠯᠵᠦ᠂ ᠲᠤᠰᠢᠶᠠᠯ ᠢᠶᠠᠨ ᠭᠤᠲᠤᠭᠠᠵᠤ ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠴᠢᠩᠭᠠᠳᠬᠠᠪᠠ᠃      ᠲᠣᠪᠴᠢᠶᠠᠨ ᠳᠠᠷᠤᠭ᠎ᠠ ᠵᠢᠶᠣᠣ ᠬᠤᠩ ᠵᠠᠮ ᠲᠡᠭᠡᠭᠡᠪᠦᠷᠢ ᠶᠢᠨ ᠲᠣᠪᠴᠢᠶᠠᠨ ᠤ ᠺᠠᠳ᠋ᠷᠴᠤᠳ ᠤᠨ ᠪᠠᠶᠢᠳᠠᠯ ᠪᠣᠯᠤᠨ ᠰᠠᠬᠢᠯᠭ᠎ᠠ ᠪᠠᠲᠤ ᠶᠢᠨ ᠲᠠᠯ᠎ᠠ ᠳᠤ ᠭᠤᠷᠪᠠᠨ ᠱᠠᠭᠠᠷᠳᠠᠯᠭ᠎ᠠ ᠳᠤᠷᠠᠳᠪᠠ᠃ ᠨᠢᠭᠡ ᠳᠤ᠂ ᠠᠵᠢᠯ ᠤᠨ ᠡᠷᠴᠢ ᠵᠣᠷᠢᠭ ᠢᠶᠠᠨ ᠡᠷᠴᠢᠯᠡᠬᠦ ᠬᠡᠷᠡᠭᠲᠡᠢ᠃ ᠺᠠᠳ᠋ᠷ ᠠᠵᠢᠯᠳᠠᠨ ᠠᠵᠢᠯᠴᠢᠨ ᠤ ᠰᠠᠶᠢᠬᠠᠨ ᠠᠵᠢᠯ ᠤᠨ ᠪᠠᠶᠢᠷᠢ ᠪᠠᠨ ᠡᠭᠡᠯᠵᠢᠯᠡᠭᠦᠯᠵᠦ᠂ ᠰᠢᠨ᠎ᠡ ᠠᠵᠢᠯ ᠤᠨ ᠪᠠᠶᠢᠷᠢ ᠪᠠ ᠠᠵᠢᠯ ᠤᠨ ᠳᠦᠷᠢ ᠳᠤ ᠣᠷᠤᠭᠰᠠᠨ ᠳᠤ ᠴᠢᠭᠯᠡᠭᠦᠯᠵᠦ᠂ ᠲᠣᠪᠴᠢᠶᠠᠨ ᠳᠠᠷᠤᠭ᠎ᠠ ᠵᠢᠶᠤᠤ ᠬᠤᠩ ᠵᠡᠷᠭᠡ ᠲᠦᠷᠪᠡᠨ ᠵᠦᠢᠯ ᠤᠨ ᠡᠷᠴᠢ ᠬᠦᠴᠦᠨ ᠢ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠄ ᠡᠷᠴᠢ ᠵᠣᠷᠢᠭ᠂ ᠭᠠᠪᠰᠢᠭᠠᠢ ᠵᠣᠷᠢᠭ᠂ ᠬᠠᠳᠠᠨ ᠤᠶᠠᠨ ᠵᠣᠷᠢᠭ ᠳᠠᠷᠤᠢ ᠠᠵᠢᠯ ᠤᠨ ᠢᠶᠠᠨ ᠲᠠᠯ᠎ᠠ ᠪᠠᠷ ᠵᠣᠷᠢᠭᠲᠠᠢ ᠬᠢᠵᠦ᠂ ᠬᠦᠴᠢᠷ ᠠᠴᠠ ᠠᠶᠤᠬᠤ ᠦᠭᠡᠢ᠂ ᠳᠥᠪᠡᠭᠳᠡᠯ ᠠᠴᠠ ᠠᠶᠤᠬᠤ ᠦᠭᠡᠢ ᠪᠠᠶᠢᠬᠤ ᠬᠡᠷᠡᠭᠲᠡᠢ︔ ᠵᠣᠷᠢᠭᠲᠠᠶ ᠪᠠᠷ ᠦᠨᠡᠨ ᠢ ᠪᠠᠷᠢᠮᠲᠠᠯᠠᠨ ᠬᠠᠲᠠᠭᠤ ᠲᠠᠢ ᠲᠡᠮᠡᠴᠡᠵᠦ᠂ ᠠᠵᠢᠯ ᠤᠨ ᠴᠢᠨᠠᠷ ᠴᠢᠨᠰᠠᠭ᠎ᠠ ᠪᠠ ᠱᠠᠭᠠᠷᠳᠠᠯᠭ᠎ᠠ ᠪᠠᠨ ᠨᠠᠩ ᠴᠢᠩᠭ᠎ᠠ᠂ ᠨᠠᠩ ᠥᠨᠳᠥᠷ ᠪᠠᠶᠢᠯᠭᠠᠬᠤ ᠬᠡᠷᠡᠭᠲᠡᠶ︔ ᠵᠣᠷᠢᠯᠭ᠎ᠠ ᠳᠠᠭᠠᠨ ᠬᠦᠷᠬᠦ ᠦᠭᠡᠢ ᠪᠣᠯ ᠵᠣᠭᠰᠣᠯ ᠦᠭᠡᠢ ᠠᠵᠢᠯᠯᠠᠬᠤ ᠤᠶᠠᠨ ᠬᠠᠳᠠᠨ ᠵᠣᠷᠢᠭ ᠲᠠᠢ ᠪᠠᠶᠢᠵᠤ᠂ ᠬᠦᠴᠢᠷ ᠪᠡᠷᠬᠡᠰᠢᠶᠡᠯ ᠲᠤᠯᠭᠠᠷᠠᠪᠠᠯ ᠵᠠᠶᠢᠯᠠᠬᠤ ᠦᠭᠡᠢ᠂ ᠠᠶᠤᠬᠤ ᠦᠭᠡᠢ᠂ ᠠᠰᠠᠷ ᠲᠠᠭᠲᠤ ᠶᠢᠨ ᠴᠠᠬᠢᠷᠮ᠎ᠠ ᠶᠢ ᠡᠪᠳᠡᠬᠦ ᠦᠭᠡᠢ ᠪᠣᠯ ᠡᠴᠦᠰ ᠲᠡᠭᠡᠨ ᠪᠤᠴᠠᠭᠠᠬᠤ ᠦᠭᠡᠢ ᠪᠠᠶᠢᠬᠤ ᠬᠡᠷᠡᠭᠲᠡᠢ᠃ ᠬᠤᠶᠠᠷ ᠲᠤ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠪᠠᠷ ᠠᠵᠢᠯ ᠢᠶᠠᠨ ᠲᠦᠯᠬᠢᠨ ᠠᠬᠢᠭᠤᠯᠬᠤ ᠬᠡᠷᠡᠭᠲᠡᠶ᠃ ᠪᠣᠳᠠᠲᠠᠶ ᠠᠵᠢᠯ ᠤᠨ ᠲᠠᠯ᠎ᠠ ᠪᠠᠷ ᠯᠠᠪᠳᠠᠭᠤᠨ ᠪᠠᠲᠤᠲᠠᠢ᠂ ᠵᠣᠷᠢᠭᠲᠠᠢ᠂ ᠤᠷᠢᠳᠠᠪᠡᠷ᠂ ᠪᠦᠲᠦᠮᠵᠢᠲᠡᠢ ᠪᠠᠷ ᠠᠵᠢᠯᠯᠠᠬᠤ ᠬᠡᠷᠡᠭᠲᠡᠶ᠃ ᠯᠠᠪᠳᠠᠭᠤᠨ ᠪᠠᠲᠤᠲᠠᠢ ᠭᠡᠳᠡᠭ ᠪᠣᠯ ᠳᠠᠷᠤᠶ ᠡᠯ᠎ᠡ ᠵᠦᠢᠯ ᠤᠨ ᠠᠵᠢᠯ ᠢ ᠪᠣᠳᠠᠲᠠᠶ ᠠᠴᠠ ᠡᠭᠦᠰᠴᠦ᠂ ᠠᠯᠬᠤᠮ ᠠᠯᠬᠤᠮ ᠢᠶᠠᠷ ᠴᠢᠷᠮᠠᠶᠢᠨ᠂ ᠲᠡᠮᠡᠴᠡᠨ ᠣᠯᠵᠤ᠂ ᠡᠯ᠎ᠡ ᠵᠦᠢᠯ ᠤᠨ ᠠᠵᠢᠯ ᠢ ᠨᠡᠩ ᠪᠠᠲᠤ ᠪᠠᠬᠢ ᠪᠣᠯᠭᠠᠬᠤ ᠶᠠᠪᠤᠳᠠᠯ ᠪᠣᠯᠤᠨ᠎ᠠ᠃ ᠵᠣᠷᠢᠭᠲᠠᠢ ᠭᠡᠳᠡᠭ ᠪᠣᠯ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠬᠤ᠂ ᠵᠣᠷᠢᠭᠲᠠᠢ ᠪᠠᠷ ᠤᠷᠤᠭᠰᠢᠯᠠᠬᠤ ᠪᠠ ᠵᠠᠪᠠᠯ ᠲᠡᠮᠡᠴᠡᠨ ᠤᠯᠬᠤ ᠢᠲᠡᠭᠡᠯ ᠵᠣᠷᠢᠭ ᠢ ᠪᠠᠷᠢᠮᠲᠠᠯᠠᠵᠤ᠂ ᠲᠡᠷᠢᠭᠦᠨ ᠤ ᠪᠠᠶᠢᠷᠢ ᠶᠢ ᠲᠡᠮᠡᠴᠡᠨ ᠤᠯᠬᠤ ᠶᠠᠪᠤᠳᠠᠯ ᠪᠣᠯᠤᠨ᠎ᠠ᠃ ᠤᠷᠢᠳᠠᠪᠡᠷ ᠭᠡᠳᠡᠭ ᠪᠣᠯ ᠡᠷᠲᠡ ᠨᠢᠭᠡ ᠠᠯᠬᠤᠮ ᠠᠷᠭ᠎ᠠ ᠰᠦᠪᠡᠭᠴᠢᠯᠡᠵᠦ᠂ ᠠᠵᠢᠯ ᠳᠠᠭᠠᠨ ᠨᠡᠩ ᠤᠯᠠᠨ ᠴᠠᠭ ᠪᠠ  ᠰᠠᠨᠠᠭᠠᠴᠢᠯᠠᠭ᠎ᠠ ᠲᠡᠮᠡᠴᠡᠨ ᠤᠯᠬᠤ ᠶᠠᠪᠤᠳᠠᠯ ᠪᠣᠯᠤᠨ᠎ᠠ᠃ ᠪᠦᠲᠦᠮᠵᠢᠲᠡᠢ ᠪᠣᠯ ᠳᠠᠷᠤᠶ ᠴᠠᠭ ᠢᠮᠠᠭᠲᠠ ᠴᠥᠬᠦᠷᠡᠰᠢ ᠦᠭᠡᠢ ᠰᠤᠷᠤᠯᠴᠠᠬᠤ ᠴᠢᠳᠠᠪᠤᠷᠢ ᠪᠠᠨ ᠪᠠᠲᠤᠯᠠᠵᠤ᠂ ᠰᠡᠳᠬᠢᠴᠡ ᠪᠠᠨ ᠥᠷᠭᠡᠳᠬᠡᠨ᠂ ᠬᠠᠷᠠᠭ᠎ᠠ ᠪᠠᠨ ᠥᠷᠭᠡᠳᠬᠡᠬᠦ ᠶᠠᠪᠤᠳᠠᠯ ᠪᠣᠯᠤᠨ᠎ᠠ᠃ ᠭᠤᠷᠪᠠ ᠳᠤ᠂ ᠡᠩᠨᠡᠭᠡᠨ ᠤ ᠰᠤᠷᠲᠠᠯ ᠤᠨ ᠴᠢᠳᠠᠪᠤᠷᠢ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠶ᠃ ︽ᠭᠤᠷᠪᠠ ᠶᠢ ᠡᠷᠬᠢᠮᠯᠡᠬᠦ︾ ᠶᠢ ᠡᠷᠡᠰ ᠪᠡᠶᠡᠯᠡᠭᠦᠯᠵᠦ᠂ ᠰᠠᠬᠢᠯᠭ᠎ᠠ ᠪᠠᠲᠤ ᠶᠢ ᠡᠷᠬᠢᠮᠯᠡᠬᠦ᠂ ᠪᠦᠯᠬᠦᠮᠳᠡᠯ ᠢ ᠡᠷᠬᠢᠮᠯᠡᠬᠦ᠂ ᠪᠣᠳᠠᠲᠠᠢ ᠠᠵᠢᠯᠯᠠᠬᠤ ᠶᠢ ᠡᠷᠬᠢᠮᠯᠡᠬᠦ ᠬᠡᠷᠡᠭᠲᠡᠢ᠃ ᠰᠠᠬᠢᠯᠭ᠎ᠠ ᠪᠠᠲᠤ ᠶᠢ ᠡᠷᠬᠢᠮᠯᠡᠬᠦ ᠨᠢ ᠳᠠᠷᠤᠶ ᠰᠠᠬᠢᠯᠭ᠎ᠠ ᠪᠠᠲᠤ ᠶᠢ ᠬᠠᠮᠤᠭ ᠤᠨ ᠲᠡᠷᠢᠭᠦᠨ ᠳᠤ ᠲᠠᠯᠪᠢᠵᠤ᠂ ᠡᠯ᠎ᠡ ᠵᠦᠢᠯ ᠤᠨ ᠲᠦᠷᠢᠮ ᠤᠨ ᠱᠠᠭᠠᠷᠳᠠᠯᠭ᠎ᠠ ᠪᠠ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠡᠯ᠎ᠡ ᠵᠦᠢᠯ ᠤᠨ ᠠᠵᠢᠯ ᠤᠨ ᠥᠨᠳᠥᠷ ᠪᠦᠲᠦᠮᠵᠢᠲᠡᠶ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠠᠪᠤᠳᠠᠯ ᠪᠣᠯᠤᠨ᠎ᠠ᠃ ᠪᠦᠯᠬᠦᠮᠳᠡᠯ ᠢ ᠡᠷᠬᠢᠮᠯᠡᠬᠦ ᠭᠡᠳᠡᠭ ᠨᠢ ᠳᠠᠷᠤᠶ ᠵᠠᠮ ᠲᠡᠭᠡᠭᠡᠪᠦᠷᠢ ᠶᠢᠨ ᠲᠣᠪᠴᠢᠶ᠎ᠠ ᠪᠠᠷ ᠪᠦᠬᠦᠯᠢ ᠴᠣᠭᠴᠠ ᠪᠣᠯᠭᠠᠵᠤ᠂ ᠶᠡᠭᠡ ᠲᠠᠯ᠎ᠠ ᠶᠢᠨ ᠦᠵᠡᠯᠲᠡ ᠶᠢ ᠡᠷᠬᠢᠮᠯᠡᠨ᠂ ᠠᠵᠢᠯ ᠢᠶᠠᠨ ᠬᠤᠪᠢᠶᠠᠷᠢᠯᠠᠭᠰᠠᠨ ᠴᠤ ᠠᠩᠭᠢ ᠪᠠᠨ ᠬᠤᠪᠢᠶᠠᠷᠢᠯᠠᠬᠤ ᠦᠭᠡᠢ᠂ ᠡᠯ᠎ᠡ ᠰᠠᠯᠠᠭ᠎ᠠ ᠲᠠᠰᠤᠭ᠂ ᠡᠯ᠎ᠡ ᠨᠢᠭᠡᠴᠢ ᠨᠦᠭᠦᠳ ᠬᠠᠷᠢᠯᠴᠠᠨ ᠬᠠᠮᠵᠢᠯᠴᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠶᠡᠭᠡ ᠶᠠᠪᠤᠳᠠᠯ ᠳᠤ ᠵᠠᠷᠴᠢᠮ ᠢ ᠡᠷᠬᠢᠮᠯᠡᠵᠦ᠂ ᠪᠠᠭ᠎ᠠ ᠶᠠᠪᠤᠳᠠᠯ ᠳᠤ ᠬᠡᠪ ᠰᠤᠷᠲᠠᠯ ᠢ ᠡᠷᠬᠢᠮᠯᠡᠬᠦ ᠶᠠᠪᠤᠳᠠᠯ ᠪᠣᠯᠤᠨ᠎ᠠ᠃ ᠪᠣᠳᠠᠲᠠᠶ ᠠᠵᠢᠯᠯᠠᠬᠤ  ᠶᠢ ᠡᠷᠬᠢᠮᠯᠡᠬᠦ ᠨᠢ ᠳᠠᠷᠤᠶ ᠠᠵᠢᠯ ᠤᠨ ᠳᠤᠮᠳᠠ ᠪᠠᠨ ᠪᠣᠳᠠᠲᠠᠢ ᠡᠭᠦᠰᠴᠦ᠂ ᠰᠠᠨᠠᠭᠠᠴᠢᠯᠠᠭ᠎ᠠ ᠠᠴᠠ ᠪᠠᠨ ᠨᠢᠭᠡᠳᠦᠭᠡᠷ ᠹᠷᠣᠨᠲ ᠲᠤ ᠬᠦᠷᠴᠦ ᠠᠰᠠᠭᠤᠳᠠᠯ ᠢ ᠢᠯᠡᠷᠡᠭᠦᠯᠦᠨ᠂ ᠠᠰᠠᠭᠤᠳᠠᠯ ᠢ ᠰᠢᠢᠳᠪᠦᠷᠢᠯᠡᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠶᠠᠪᠤᠳᠠᠯ ᠪᠣᠯᠤᠨ᠎ᠠ᠃      ᠬᠤᠷᠠᠯ ᠠᠴᠠ ᠪᠠᠰᠠ ᠪᠤᠰᠤᠳ ᠵᠦᠢᠯᠡᠰ ᠢ ᠪᠠᠶᠢᠷᠢᠯᠠᠭᠤᠯᠪᠠ᠃
 
ᠢᠷᠡᠯᠲᠡ᠄ dhm
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号