ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠶᠠᠪᠤᠳᠠᠯ ᠤᠨ ᠬᠠᠤᠯᠢ ᠬᠡᠷᠡᠭᠵᠢᠭᠦᠯᠵᠦ ᠬᠢᠨᠠᠨ ᠪᠠᠶᠢᠴᠠᠭᠠᠬᠤ ᠶᠡᠷᠦᠩᠬᠡᠶ ᠠᠩᠭᠢ ᠶᠢᠨ ᠰᠢᠯᠢ ᠶᠢᠨ ᠭᠤᠤᠯ ᠤᠨ ᠰᠠᠯᠪᠤᠷᠢ ᠠᠩᠭᠢ ᠠᠴᠠ ︽ᠪᠣᠯᠪᠠᠰᠤᠨ ᠰᠢᠯᠢ ᠶᠢᠨ ᠭᠤᠤᠯ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭᠠᠨ ᠥᠷᠨᠢᠭᠦᠯᠪᠡ
ᠨᠡᠶᠢᠲᠡᠯᠡᠭᠰᠡᠨ ᠴᠠᠭ᠄
2020/4/23
     ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠵᠦ᠂ ᠴᠡᠪᠡᠷ ᠴᠡᠮᠴᠡᠭᠡᠷ᠂ ᠰᠢᠯᠢᠳᠡᠭ ᠲᠠᠭᠠᠯᠠᠮᠵᠢᠲᠠᠢ᠂ ᠪᠣᠯᠪᠠᠰᠤᠨ ᠡᠶ᠎ᠡ ᠵᠣᠬᠢᠴᠠᠯᠲᠤ ᠣᠷᠣᠰᠢᠨ ᠰᠠᠭᠤᠬᠤ ᠣᠷᠴᠢᠨ ᠲᠣᠭᠤᠷᠢᠨ ᠢ ᠪᠣᠶ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠣᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠤᠰᠠᠳᠠ᠂ ᠰᠢᠯᠢ ᠶᠢᠨ ᠭᠤᠤᠯ ᠠᠶᠢᠮᠠᠭ ᠤᠨ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠠᠯᠪᠠᠨ ᠬᠡᠷ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ 4 ᠳ᠋ᠦ᠋ᠭᠡᠷ ᠰᠠᠷ᠎ᠠ ᠶᠢᠨ 11 ᠤ ᠡᠳᠦᠷ᠂ ᠰᠢᠯᠢ ᠶᠢᠨ ᠭᠤᠤᠯ ᠤᠨ ᠵᠠᠰᠠᠮᠠᠯ ᠵᠠᠮ ᠤᠨ ᠶᠠᠪᠤᠳᠠᠯ ᠤᠨ ᠬᠠᠤᠯᠢ ᠬᠡᠷᠡᠭᠵᠢᠭᠦᠯᠵᠦ ᠬᠢᠨᠠᠨ ᠪᠠᠶᠢᠴᠠᠭᠠᠬᠤ ᠰᠠᠯᠪᠤᠷᠢ ᠠᠩᠭᠢ ᠠᠴᠠ ᠰᠠᠶᠢᠨ ᠲᠤᠷᠠᠴᠤᠳ ᠢ ᠵᠣᠬᠢᠶᠠᠨ ᠪᠠᠶᠢᠭᠤᠯᠤᠨ ᠪᠤᠤ ᠯᠢᠶᠡᠨ ᠣᠷᠤᠨ ᠰᠠᠭᠤᠴᠠ ᠶᠢᠨ ᠲᠣᠭᠤᠷᠢᠭ ᠲᠤ ᠭᠦᠨᠵᠡᠭᠡᠶᠢᠷᠡᠨ ︽ᠪᠣᠯᠪᠠᠰᠤᠨ ᠰᠢᠯᠢ ᠶᠢᠨ ᠭᠤᠤᠯ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭᠠᠨ ᠥᠷᠨᠢᠭᠦᠯᠪᠡ᠃
     ᠠᠵᠢᠯᠯᠠᠭᠠᠨ ᠤ ᠶᠠᠪᠤᠴᠠ ᠳᠤ ᠰᠠᠶᠢᠨ ᠳᠤᠷᠠᠴᠤᠳ ᠪᠤᠵᠠᠷ ᠪᠤᠷᠲᠠᠭ ᠠᠴᠠ ᠠᠶᠤᠬᠤ ᠦᠭᠡᠶ᠂ ᠶᠠᠳᠠᠷᠠᠬᠤ ᠠᠴᠠ ᠬᠠᠯᠠᠰᠢᠷᠠᠬᠤ ᠦᠭᠡᠶ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠦᠷᠵᠡ᠂ ᠱᠦᠭᠦᠷ᠂ ᠬᠤᠭ ᠨᠣᠪᠰᠢ ᠶᠢᠨ ᠬᠠᠪᠴᠢᠭᠤᠷ ᠵᠡᠷᠭᠡ  ᠪᠠᠭᠠᠵᠢ ᠬᠡᠷᠡᠭᠰᠡᠯ ᠢᠶᠠᠨ ᠠᠪᠴᠤ᠂ ᠬᠠᠮᠲᠤ ᠪᠠᠷ ᠪᠤᠤ ᠯᠢᠶᠡᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠬᠦᠷᠢᠶᠡᠨ ᠳᠣᠲᠣᠷᠠᠬᠢ ᠦᠨᠴᠦᠭ ᠪᠤᠯᠤᠩ ᠳᠠᠬᠢ ᠠᠮᠢᠳᠤᠷᠠᠯ ᠤᠨ ᠬᠤᠭ ᠨᠣᠪᠰᠢ ᠪᠠ ᠡᠯᠳᠡᠪ ᠶᠠᠭᠤᠮ᠎ᠠ ᠶᠢ ᠭᠤᠤᠯᠳᠠᠯᠭ᠎ᠠ ᠲᠠᠢ ᠴᠡᠪᠡᠷᠯᠡᠭᠰᠡᠨ ᠪᠥᠭᠡᠳ ᠰᠠᠭᠤᠭᠠᠯᠢ ᠠᠷᠠᠳ ᠤᠨ ᠸᠢᠴᠠᠲ ᠬᠤᠯᠪᠤᠭ᠎ᠠ ᠪᠠᠷ ᠳᠠᠮᠵᠢᠭᠤᠯᠤᠨ᠂ ᠣᠯᠠᠨ ᠲᠦᠮᠡᠨ ᠳᠤ ᠣᠷᠴᠢᠨ ᠲᠣᠭᠤᠷᠢᠨ ᠢᠶᠠᠨ ᠰᠠᠶᠢᠲᠤᠷ ᠬᠠᠮᠠᠭᠠᠯᠠᠵᠤ᠂ ᠬᠤᠭ ᠨᠣᠪᠰᠢ ᠶᠢ ᠳᠤᠷ᠎ᠠ ᠪᠠᠨ ᠬᠠᠶᠠᠬᠤ ᠥᠬᠡᠶ᠂ ᠡᠷᠦᠶ ᠬᠤᠷᠤᠶ ᠥᠬᠡᠶ ᠶᠠᠭᠤᠮ᠎ᠠ ᠣᠪᠤᠭᠠᠯᠠᠬᠤ ᠥᠬᠡᠶ᠂ ᠪᠣᠯᠪᠠᠰᠤᠨ ᠶᠣᠰᠣᠷᠬᠠᠭ ᠬᠤᠲᠠ ᠶᠢᠨ ᠠᠷᠠᠳ ᠪᠣᠯᠵᠣ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠠᠮᠲᠤ ᠪᠠᠷ ᠣᠷᠤᠯᠴᠠᠬᠤ ᠬᠡᠷᠡᠭᠲᠡᠶ ᠭᠡᠵᠦ ᠰᠠᠨᠠᠭᠠᠴᠢᠯᠠᠨ ᠤᠷᠢᠶᠠᠯᠠᠪᠠ᠃
     ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭᠠᠨ ᠢ ᠥᠷᠨᠢᠭᠦᠯᠬᠦ ᠪᠠᠷ ᠳᠠᠮᠵᠢᠭᠤᠯᠤᠨ᠂ ᠪᠣᠤ ᠯᠢᠶᠡᠨ ᠣᠷᠤᠨ ᠰᠠᠭᠤᠴᠠ ᠶᠢᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠠᠶᠢᠵᠢᠷᠠᠭᠤᠯᠵᠤ᠂ ᠰᠠᠶᠢᠨ ᠳᠤᠷᠠᠴᠤᠳ ᠠᠴᠠ ᠪᠣᠳᠠᠲᠤ ᠠᠵᠢᠯᠯᠠᠭ᠎ᠠ ᠪᠠᠷ ᠢᠶᠠᠨ ᠰᠠᠭᠤᠭᠠᠯᠢ ᠠᠷᠠᠳ ᠲᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠢᠬᠤᠯᠠ ᠴᠢᠨᠠᠷ ᠢ ᠤᠬᠠᠭᠤᠯᠪᠠ᠃ ᠲᠠᠷᠠᠭᠠᠴᠢ ᠶᠢᠨ ᠠᠯᠬᠤᠮ ᠳᠤ᠂ ᠰᠢᠯᠢ ᠶᠢᠨ ᠭᠤᠤᠯ ᠤᠨ ᠰᠠᠯᠪᠤᠷᠢ ᠠᠩᠭᠢ ᠠᠴᠠ ︽ᠪᠣᠯᠪᠠᠰᠤᠨ ᠰᠢᠯᠢ ᠶᠢᠨ ᠭᠤᠤᠯ︾ ᠪᠥᠬᠦ ᠠᠷᠠᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭᠠᠨ ᠢ ᠦᠷᠭᠦᠯᠵᠢᠯᠡᠨ ᠰᠠᠶᠢᠲᠤᠷ ᠬᠢᠵᠦ᠂ ᠣᠷᠳᠣ ᠬᠤᠭᠤᠴᠠᠭᠠᠨ ᠤ ᠪᠦᠲᠦᠮᠵᠢᠲᠡᠶ ᠦᠢᠯᠡᠴᠢᠯᠡᠭᠡ ᠶᠢ ᠥᠷᠨᠢᠭᠦᠯᠵᠦ᠂ ᠣᠯᠠᠨ ᠲᠦᠮᠡᠨ ᠳᠤ ᠢᠯᠡᠭᠦᠬᠡᠨ ᠪᠣᠳᠠᠲᠤ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠬᠦᠴᠦᠨ ᠨᠡᠮᠡᠷᠢᠯᠡᠬᠦ  ᠪᠠᠷ ᠪᠠᠶᠢᠨ᠎ᠠ᠃  
 
ᠢᠷᠡᠯᠲᠡ᠄ ᠵᠠᠰᠠᠮᠠᠯ ᠵᠠᠮ ᠤᠨ ᠶᠠᠪᠤᠳᠠᠯ ᠤᠨ ᠬᠠᠤᠯᠢ ᠬᠡᠷᠡᠭᠵᠢᠭᠦᠯᠵᠦ ᠬᠢᠨᠠᠨ ᠪᠠᠶᠢᠴᠠᠭᠠᠬᠤ ᠶᠡᠷᠦᠩᠬᠢ ᠠᠩᠭᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号