ᠦᠨ᠎ᠡ ᠲᠥᠯᠥᠪᠦᠷᠢ ᠦᠭᠡᠢ ᠪᠠᠷ ᠴᠢᠰᠤ ᠬᠠᠨᠲᠢᠪᠯᠠᠵᠤ ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠬᠦᠴᠦ ᠪᠠᠨ ᠡᠷᠭᠦᠪᠡ
ᠨᠡᠶᠢᠲᠡᠯᠡᠭᠰᠡᠨ ᠴᠠᠭ᠄
2020/5/18
     ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠦᠯᠦᠭᠡᠯᠡᠯ ᠠᠴᠠ ᠪᠣᠯᠵᠤ᠂ ᠬᠥᠮᠦᠰ ᠤᠨ ᠰᠢᠯᠵᠢᠯᠲᠡ ᠬᠢᠵᠠᠭᠠᠷᠯᠠᠭᠳᠠᠵᠤ᠂ ᠲᠥᠯᠥᠪᠦᠷᠢ ᠦᠭᠡᠢ ᠪᠠᠷ ᠴᠢᠰᠤ ᠬᠠᠨᠲᠢᠪᠯᠠᠭᠴᠢᠳ ᠭᠡᠨᠡᠳᠲᠡ ᠬᠠᠰᠤᠭᠳᠠᠪᠠ᠃ ᠠᠷᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠴᠢᠰᠤ ᠬᠠᠨᠲᠢᠪᠯᠠᠬᠤ ᠦᠷᠳᠡᠭᠡ ᠶᠢᠨ ᠴᠢᠰᠤ ᠬᠠᠨᠲᠢᠪᠯᠠᠬᠤ ᠰᠠᠨᠠᠭᠠᠴᠢᠯᠠᠭ᠎ᠠ ᠶᠢ ᠢᠳᠡᠪᠬᠢᠲᠡᠢ ᠤᠷᠢᠶᠠᠯᠠᠬᠤ ᠶᠢᠨ ᠲᠥᠯᠥᠭᠡ᠂ ᠨᠠᠵᠢ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠭᠠᠵᠠᠷ ᠨᠢ 4 ᠳ᠋ᠦ᠋ᠭᠡᠷ ᠰᠠᠷ᠎ᠠ ᠶᠢᠨ 9 ᠤ ᠦᠳᠡ ᠶᠢᠨ ᠡᠮᠦᠨ᠎ᠡ᠂ ᠬᠡᠰᠡᠭ ᠨᠠᠮ ᠤᠨ ᠭᠡᠰᠢᠭᠦᠨ ᠺᠠᠳ᠋ᠷ ᠵᠢᠴᠢ ᠠᠷᠠᠴᠢᠯᠠᠨ ᠬᠠᠮᠠᠭᠠᠯᠠᠬᠤ ᠠᠵᠢᠯᠳᠡᠨ ᠢ ᠵᠣᠬᠢᠶᠠᠨ ᠪᠠᠶᠢᠭᠤᠯᠵᠤ ᠠᠯᠪᠠᠨ ᠵᠢᠷᠤᠮ ᠤᠨ ᠴᠢᠰᠤ ᠬᠠᠨᠲᠢᠪᠯᠠᠨ᠂ ᠪᠣᠳᠠᠲᠤ ᠠᠵᠢᠯᠯᠠᠭ᠎ᠠ ᠪᠠᠷ ᠢᠶᠠᠨ ᠵᠠᠰᠠᠮᠠᠯ ᠵᠠᠮ ᠤᠨ ᠬᠦᠮᠦᠨ ᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠨᠡᠶᠢᠭᠡᠮ ᠨᠡᠶᠢᠲᠡ ᠳᠤ ᠬᠠᠷᠠᠭᠤᠯᠪᠠ᠃        ᠦᠳᠡ ᠶᠢᠨ ᠡᠮᠦᠨᠡᠬᠢ 8 ᠴᠠᠭ ᠲᠤ᠂ ᠴᠢᠰᠤ ᠬᠠᠨᠲᠢᠪᠯᠠᠬᠤ ᠳᠤ ᠣᠷᠣᠯᠴᠠᠭᠰᠠᠨ ᠪᠥᠬᠦ ᠬᠥᠮᠦᠰ ᠠᠮᠠᠪᠴᠢ ᠵᠡᠭᠦᠵᠦ᠂ ᠤᠬᠠᠮᠰᠠᠷ ᠠᠴᠠ ᠪᠠᠨ ᠵᠠᠶ ᠪᠠᠨ ᠪᠠᠲᠤᠯᠠᠵᠤ᠂ ᠡᠮᠴᠢ ᠰᠤᠪᠢᠯᠠᠭᠴᠢ ᠶᠢᠨ ᠵᠢᠯᠣᠭᠤᠳᠣᠯᠭ᠎ᠠ ᠳᠣᠤᠷ᠎ᠠ᠂ ᠴᠢᠰᠤ ᠬᠠᠨᠲᠢᠪᠯᠠᠬᠤ ᠠᠯᠬᠤᠮ ᠳᠠᠷᠠᠭ᠎ᠠ ᠶᠢᠨ ᠶᠣᠰᠣᠭᠠᠷ ᠳᠡᠰ ᠳᠠᠷᠠᠭᠠᠯᠠᠨ ᠬᠦᠰᠦᠨᠦᠭᠲᠦ ᠲᠠᠭᠯᠠᠨ᠂ ᠴᠢᠰᠤᠨ ᠳᠠᠷᠤᠯᠲᠠ ᠪᠠᠨ ᠬᠡᠮᠵᠢᠵᠦ᠂ ᠴᠢᠰᠤᠨ ᠤ ᠬᠡᠯᠪᠡᠷᠢ  ᠪᠠᠨ ᠪᠠᠶᠢᠴᠠᠭᠠᠨ᠂ ᠰᠢᠭᠰᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠠᠵᠢᠯᠲᠠᠨ ᠠᠵᠢᠯᠴᠢᠨ ᠴᠢᠰᠤ ᠠᠪᠬᠤ ᠭᠠᠵᠠᠷ ᠲᠤ ᠬᠦᠷᠴᠦ᠂ ᠣᠮᠤᠭ ᠪᠠᠭ᠋ᠠᠳᠤᠯ ᠲᠠᠢ ᠪᠠᠷ ᠬᠠᠨᠴᠤᠶ ᠪᠠᠨ ᠰᠢᠮᠠᠯᠠᠵᠤ᠂ ᠥᠪᠡᠷ ᠤᠨ ᠠᠷᠢᠭᠤᠨ ᠴᠢᠰᠤ ᠪᠠᠨ ᠡᠷᠭᠦᠨ᠎ᠡ᠃ ᠡᠳᠡᠭᠡᠷ ᠴᠢᠰᠤ ᠬᠠᠨᠲᠢᠪᠯᠠᠭᠰᠠᠳ ᠤᠨ ᠳᠣᠲᠣᠷ᠎ᠠ ᠤᠯᠠᠨ ᠤᠳᠠᠭ᠎ᠠ ᠴᠢᠰᠤ ᠬᠠᠨᠲᠢᠪᠯᠠᠭᠰᠠᠨ ᠠᠬᠠᠮᠠᠳ ᠨᠥᠬᠦᠳ ᠪᠠᠶᠢᠬᠤ ᠪᠥᠭᠡᠳ ᠪᠠᠰᠠ ᠠᠩᠬ᠎ᠠ ᠤᠳᠠᠭ᠎ᠠ ᠴᠢᠰᠤ ᠬᠠᠨᠲᠢᠪᠯᠠᠵᠤ ᠪᠠᠶᠢᠭ᠎ᠠ ᠵᠠᠯᠠᠭᠤᠴᠤᠳ ᠴᠤ ᠪᠣᠢ᠃ ᠲᠡᠳᠡ ᠭᠠᠯ ᠬᠠᠯᠠᠭᠤᠨ ᠴᠢᠰᠤ ᠪᠠᠷ ᠢᠶᠠᠨ ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠬᠦᠴᠦ ᠨᠡᠮᠡᠷᠢ ᠪᠠᠨ ᠭᠠᠷᠭᠠᠵᠠᠢ᠃    《ᠨᠢᠭᠡ ᠬᠤᠪᠢ ᠴᠢᠰᠤ᠂ ᠲᠦᠮᠡᠨ ᠬᠤᠪᠢ ᠬᠠᠶᠢᠷ᠎ᠠ ᠰᠡᠳᠬᠢᠯᠭᠡ᠂ ᠦᠨ᠎ᠡ ᠲᠥᠯᠥᠪᠦᠷᠢ ᠥᠬᠡᠶ ᠪᠠᠷ ᠴᠢᠰᠤ ᠬᠠᠨᠲᠢᠪᠯᠠᠬᠤ ᠨᠢ ᠬᠠᠮᠤᠭ ᠤᠨ ᠢᠷᠠᠭᠤ ᠠᠯᠳᠠᠷᠲᠠᠶ ᠶᠤᠮ᠃》ᠦᠨ᠎ᠡ ᠲᠥᠯᠥᠪᠦᠷᠢ ᠦᠭᠡᠢ ᠪᠠᠷ ᠣᠯᠠᠨᠲᠠ ᠴᠢᠰᠤ ᠬᠠᠨᠲᠢᠪᠯᠠᠭᠰᠠᠨ ᠶᠡᠭᠡ ᠰᠢᠨᠡᠭᠡᠴᠢ ᠵᠠᠮ ᠤᠨ ᠠᠩᠭᠢ ᠶᠢᠨ ᠳᠠᠷᠤᠭ᠎ᠠ ᠯᠢ ᠶᠠᠨ ᠹᠧᠩ ᠲᠠᠨᠢᠯᠴᠠᠭᠤᠯᠬᠤ ᠳᠠᠭᠠᠨ᠂ ᠲᠡᠷᠡ ᠵᠢᠯ ᠪᠦᠷᠢ ᠦᠨ᠎ᠡ ᠲᠥᠯᠥᠪᠦᠷᠢ ᠦᠭᠡᠢ ᠪᠠᠷ ᠴᠢᠰᠤ ᠬᠠᠨᠲᠢᠪᠯᠡᠬᠤ ᠠᠵᠢᠯᠯᠠᠭ᠎ᠠ ᠳᠤ ᠣᠷᠣᠯᠴᠠᠬᠤ ᠠᠴᠠ ᠭᠠᠳᠠᠨ᠎ᠠ᠂ ᠡᠨᠡ ᠵᠢᠯ ᠪᠠᠰᠠ ᠪᠦᠬᠦ ᠵᠠᠮ ᠤᠨ ᠠᠩᠭᠢ ᠶᠢᠨ ᠠᠵᠢᠯᠲᠠᠨ ᠢᠶᠠᠨ ᠲᠠᠶᠢᠴᠢᠯᠡᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠲᠢᠪᠯᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠠᠶ᠂ ᠬᠢᠵᠢᠭ ᠤᠨ ᠪᠠᠶᠢᠳᠠᠯ ᠲᠣᠤᠷ᠎ᠠ᠂ ᠮᠠᠨ ᠤ ᠵᠠᠮ ᠠᠷᠠᠴᠢᠯᠠᠭᠴᠢ ᠬᠡᠳᠦ᠋ᠢᠪᠡᠷ ᠡᠮᠴᠢ ᠰᠤᠪᠢᠯᠠᠭᠴᠢ ᠲᠠᠢ ᠠᠳᠠᠯᠢ ᠡᠮᠦᠨ᠎ᠡ ᠹᠷᠣᠨᠲ ᠲᠤ ᠣᠴᠢᠵᠤ ᠪᠠᠶᠢᠯᠳᠤᠵᠤ ᠴᠢᠳᠠᠬᠤ ᠦᠭᠡᠢ ᠪᠣᠯᠪᠠᠴᠤ᠂ ᠴᠢᠰᠤ ᠪᠠᠨ ᠬᠠᠨᠲᠢᠪᠯᠠᠬᠤ ᠪᠠᠷ ᠳᠠᠮᠵᠢᠭᠤᠯᠤᠨ ᠨᠡᠶᠢᠭᠡᠮ ᠳᠤ ᠨᠢᠭᠡ ᠬᠤᠪᠢ ᠥᠴᠦᠬᠡᠨ ᠬᠦᠴᠦ ᠭᠠᠷᠭᠠᠵᠤ ᠪᠣᠯᠤᠨ᠎ᠠ ᠭᠡᠵᠡᠶ᠃      ᠲᠣᠰ ᠤᠳᠠᠭᠠᠨ ᠤ ᠠᠵᠢᠯᠯᠠᠭ᠎ᠠ ᠳᠤ᠂ 15 ᠨᠠᠮ ᠤᠨ ᠭᠡᠰᠢᠭᠦᠨ ᠺᠠᠳ᠋ᠷ ᠠᠵᠢᠯᠲᠠᠨ ᠢᠳᠡᠪᠬᠢᠲᠡᠶ ᠨᠡᠷ᠎ᠡ ᠮᠡᠳᠡᠭᠦᠯᠵᠦ᠂ ᠬᠠᠮᠤᠭ ᠰᠡᠭᠦᠯ ᠳᠤᠨᠢ 10 ᠨᠥᠬᠦᠳ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠨ᠂ ᠴᠢᠰᠤ ᠥᠭᠬᠦ ᠬᠦᠰᠡᠯ ᠢᠶᠠᠨ  ᠪᠡᠶᠠᠯᠡᠭᠦᠯᠵᠡᠢ  ᠃ ᠬᠥᠮᠦᠨ ᠪᠦᠷᠢ ᠶᠢᠨ ᠴᠢᠰᠤ ᠥᠭᠬᠦ ᠬᠡᠮᠵᠢᠶ᠎ᠡ 300 ~ 400 ᠮᠢᠯᠢᠯᠢᠲᠷ ᠪᠠᠶᠢᠵᠤ᠂ ᠪᠥᠬᠦ ᠴᠢᠰᠤ ᠥᠭᠬᠦ ᠬᠡᠮᠵᠢᠶ᠎ᠡ 3200 ᠮᠢᠯᠢᠯᠢᠲᠷ ᠲᠤ ᠬᠦᠷᠴᠡᠶ᠃          ᠬᠠᠮᠢᠶᠠᠷᠤᠯᠲᠠ ᠶᠢᠨ ᠭᠠᠵᠠᠷ ᠤᠨ ᠠᠵᠢᠯᠲᠠᠨ ᠠᠵᠢᠯᠴᠢᠨ ᠠᠷᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠴᠢᠰᠤ ᠬᠠᠨᠲᠢᠪᠯᠠᠬᠤ ᠥᠷᠲᠡᠭᠡ ᠳᠤ ᠠᠯᠪᠠᠨ ᠵᠢᠷᠤᠮ ᠤᠨ ᠴᠢᠰᠤ ᠬᠠᠨᠲᠢᠪᠯᠠᠭᠰᠠᠨ ᠠᠬᠤᠢ ᠪᠠᠶᠢᠳᠠᠯ

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠲᠣᠪᠴᠢᠶ᠎ᠠ  
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号