ᠠᠯᠠᠱᠠ ᠠᠶᠢᠮᠠᠭ ᠤᠨ ᠵᠠᠰᠠᠮᠠᠯ ᠵᠠᠮ ᠤᠨ ᠲᠡᠭᠡᠭᠡᠪᠦᠷᠢ ᠶᠢ ᠬᠠᠮᠠᠭᠠᠯᠠᠬᠤ ᠲᠥᠪ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠠᠵᠢᠯ ᠰᠡᠷᠭᠦᠭᠡᠬᠦ ᠳᠤ ᠲᠤᠰᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2020/5/21
     ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢᠳᠡᠪᠬᠢᠲᠡᠶ ᠪᠠᠷ  ᠰᠠᠶᠢᠵᠢᠷᠠᠵᠤ ᠪᠠᠶᠢᠭ᠎ᠠ ᠪᠠ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠬᠢᠴᠠ ᠲᠦᠷᠭᠡᠰᠦᠨ ᠠᠬᠢᠬᠤ ᠶᠢ ᠳᠠᠭᠠᠯᠳᠤᠨ᠂ ᠪᠦᠬᠦ ᠠᠶᠢᠮᠠᠭ ᠤᠨ ᠤᠯᠤᠰ ᠤᠨ ᠪᠠ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠬᠡᠮᠵᠢᠶ᠎ᠡ ᠴᠦ ᠥᠩᠭᠡᠷᠡᠭᠰᠡᠨ ᠤ ᠬᠢ ᠠᠴᠠ ᠪᠠᠨ ᠶᠡᠭᠡ ᠪᠠᠷ ᠨᠡᠮᠡᠭᠳᠡᠵᠡᠶ᠃ ᠠᠵᠢᠯ ᠤᠨ ᠪᠠᠶᠢᠷᠢ ᠳᠤ ᠪᠠᠨ ᠪᠤᠴᠠᠬᠤ᠂ ᠠᠶᠠᠨ ᠵᠠᠮ ᠳᠤ ᠪᠠᠨ ᠪᠤᠴᠠᠬᠤ᠂ ᠰᠤᠷᠭᠠᠭᠤᠯᠢ ᠳᠤ ᠪᠠᠨ ᠪᠤᠴᠠᠬᠤ ᠬᠥᠮᠦᠰ ᠤᠨ ᠠᠮᠤᠷ ᠲᠦᠪᠰᠢᠨ ᠮᠦᠷᠲᠡᠭᠡᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠶᠢᠨ ᠲᠤᠰᠠᠳᠠ᠂ ᠠᠯᠠᠱᠠᠨ ᠠᠶᠢᠮᠠᠭ ᠤᠨ ᠵᠠᠰᠠᠮᠠᠯ ᠵᠠᠮ ᠤᠨ ᠲᠡᠭᠡᠭᠡᠪᠦᠷᠢ ᠶᠢ ᠬᠠᠮᠠᠭᠠᠯᠠᠬᠤ ᠲᠥᠪ ᠠᠴᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠵᠠᠰᠠᠮᠠᠯ ᠵᠠᠮ ᠬᠠᠮᠢᠶᠠᠷᠴᠤ ᠠᠷᠠᠴᠢᠯᠠᠬᠤ ᠢ ᠠᠮᠤᠷ ᠲᠦᠪᠰᠢᠨ ᠢᠶᠠᠷ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠵᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠲᠤᠰᠠᠯᠠᠵᠤ ᠪᠠᠶᠢᠨ᠎ᠠ᠃      ᠡᠨᠡ ᠵᠢᠯ ᠤᠨ ᠬᠠᠪᠤᠷ ᠠᠴᠠ ᠨᠠᠭᠠᠰᠢ᠂ ᠠᠯᠠᠱᠠᠨ ᠠᠶᠢᠮᠠᠭ ᠤᠨ ᠣᠯᠠᠨ ᠭᠠᠵᠠᠷ ᠤᠨ ᠡᠯᠡᠰᠦᠨ ᠰᠢᠭᠤᠷᠭ᠎ᠠ ᠲᠠᠢ ᠠᠭᠤᠷ ᠠᠮᠢᠰᠬᠤᠯ ᠮᠡᠳᠡᠭᠳᠡᠮ᠎ᠡ ᠨᠡᠮᠡᠭᠳᠡᠵᠦ᠂ ᠲᠥᠪ ᠠᠴᠠ ᠬᠠᠮᠢᠶᠠᠷᠴᠤ ᠠᠷᠠᠴᠢᠯᠠᠵᠤ ᠪᠠᠶᠢᠭ᠎ᠠ S228 ︵ᠡᠵᠡᠨ᠎ᠡ ᠬᠤᠰᠢᠭᠤ — ᠵᠢᠨᠴᠠᠩ︶ G331 ︵ᠳ᠋ᠠᠨᠳᠦ᠋ᠩ — ᠠᠯᠲᠠᠶ︶ G307 ︵ᠬᠤᠸᠠᠩ ᠬᠤᠸᠠ ᠭᠠᠷᠠᠮ — ᠱᠠᠨᠳᠠᠨ︶ ᠵᠡᠷᠭᠡ ᠣᠯᠠᠨ ᠭᠤᠤᠯ ᠱᠤᠭᠤᠮ ᠤᠨ ᠵᠠᠰᠠᠮᠠᠯ ᠵᠠᠮ ᠤᠨ ᠵᠠᠷᠢᠮ ᠬᠡᠰᠡᠭ ᠲᠤ ᠬᠠᠶᠠ ᠡᠯᠡᠰᠦᠨ ᠰᠠᠭᠠᠳ ᠭᠠᠷᠴᠤ ᠪᠠᠶᠢᠯ᠎ᠠ᠃ ᠳᠠᠯᠳᠠ ᠭᠡᠮ ᠢ ᠦᠨᠡᠨᠬᠦ ᠠᠷᠢᠯᠭᠠᠵᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠲᠤᠰᠠᠳᠠ᠂ ᠠᠶᠢᠮᠠᠭ ᠤᠨ ᠵᠠᠰᠠᠮᠠᠯ ᠵᠠᠮ ᠤᠨ ᠲᠡᠭᠡᠭᠡᠪᠦᠷᠢ ᠶᠢ ᠬᠠᠮᠠᠭᠠᠯᠠᠬᠤ ᠲᠥᠪ ᠠᠴᠠ ︽ᠭᠠᠮᠰᠢᠭᠲᠤ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠵᠤ ᠵᠠᠪᠳᠤᠨ ᠨᠡᠪᠲᠡᠷᠡᠭᠦᠯᠬᠦ ᠪᠡᠯᠡᠳᠬᠡᠯ ᠲᠥᠰᠦᠯ︾ ᠤᠨ ᠤᠷᠲᠤ ᠬᠤᠭᠤᠴᠠᠭᠠᠨ ᠤ ᠲᠣᠭᠲᠠᠴᠠ ᠶᠢ ᠡᠬᠢᠯᠡᠭᠦᠯᠵᠦ᠂ ᠵᠠᠮ ᠤᠨ ᠭᠠᠳᠠᠷᠭᠤ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠳᠬᠠᠨ᠂ ᠡᠯᠡᠰᠦᠨ ᠰᠠᠭᠠᠳ ᠢ ᠴᠠᠭ ᠲᠤᠬᠠᠶ ᠳᠤ ᠨᠢ ᠠᠷᠢᠯᠭᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠨᠠᠭᠠᠰᠢ ᠴᠠᠭᠠᠰᠢ ᠥᠩᠭᠡᠷᠡᠬᠦ ᠣᠯᠠᠨ ᠲᠦᠮᠡᠨ ᠳᠤ ᠳᠥᠭᠦᠮ ᠳᠥᠲᠡ᠂ ᠰᠠᠭᠠᠳ ᠦᠭᠡᠢ᠂ ᠲᠠᠭᠠᠯᠠᠮᠵᠢᠲᠠᠶ ᠲᠡᠷᠭᠡ ᠶᠠᠪᠤᠬᠤ ᠣᠷᠴᠢᠨ ᠨᠦᠭᠦᠴᠡᠯ ᠢ ᠬᠠᠩᠭᠠᠵᠤ ᠦᠭᠵᠡᠢ᠃      ᠡᠭᠦᠨ ᠳᠤ᠂ ᠡᠯᠡᠰᠦᠨ ᠰᠠᠭᠠᠳ ᠨᠡᠯᠢᠶᠡᠳ ᠬᠦᠨᠳᠦ ᠨᠣᠴᠢᠲᠠᠶ S228 ︵ᠡᠵᠡᠨ᠎ᠡ ᠬᠤᠰᠢᠭᠤ — ᠵᠢᠨᠴᠠᠩ︶᠂ G331 ︵ᠳ᠋ᠠᠨᠳᠦ᠋ᠩ — ᠠᠯᠲᠠᠶ︶ ᠶᠢᠨ ᠬᠡᠰᠡᠭ ᠤᠨ ᠵᠠᠷᠢᠮ ᠬᠡᠰᠡᠭ ᠲᠤ᠂ ᠲᠥᠪ ᠤᠨ ᠬᠠᠷᠢᠶ᠎ᠠ ᠪᠠᠳᠠᠶ ᠶᠢᠨ ᠬᠢᠷᠡᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ ᠪᠣᠯᠤᠨ ᠳᠠᠯᠠᠶᠢᠬᠦᠪ ᠤᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ ᠠᠴᠠ ᠡᠯᠡᠰᠦ ᠶᠢ ᠴᠡᠪᠡᠷᠰᠢᠭᠦᠯᠬᠦ ᠠᠵᠢᠯ ᠤᠨ ᠴᠤᠪᠤᠷᠠᠯ ᠢᠶᠠᠨ ᠨᠠᠷᠢᠢᠯᠢᠭᠵᠢᠭᠤᠯᠵᠤ᠂ ᠠᠮᠠᠷᠬᠠᠨ ᠡᠯᠡᠰᠦᠨ ᠰᠠᠭᠠᠳ ᠭᠠᠷᠬᠤ ᠵᠠᠮ ᠤᠨ ᠬᠡᠰᠡᠭ ᠢ ᠬᠢᠨᠠᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠪᠠᠨ ᠴᠠᠭ ᠲᠤᠬᠠᠶ ᠳᠤ ᠨᠢ ᠰᠡᠯᠪᠢᠨ ᠵᠠᠰᠠᠵᠤ᠂ ᠠᠮᠤᠷ ᠲᠦᠪᠰᠢᠨ ᠤ ᠰᠡᠷᠡᠮᠵᠢ ᠶᠢᠨ ᠲᠡᠮᠳᠡᠭ ᠲᠠᠯᠪᠢᠬᠤ ᠵᠡᠷᠭᠡ ᠠᠷᠭ᠎ᠠ ᠬᠡᠮᠵᠢᠶ᠎ᠡ ᠠᠪᠴᠤ᠂ ᠰᠠᠭᠠᠳ ᠢᠯᠡᠷᠡᠭᠰᠡᠨ ᠳᠠᠷᠤᠢ ᠳᠤ ᠨᠢ ᠴᠡᠪᠡᠷᠯᠡᠬᠦ ᠶᠢ ᠭᠦᠢᠴᠡᠳᠭᠡᠬᠦ ᠪᠠᠷ ᠴᠢᠷᠮᠠᠶᠢᠵᠤ ᠪᠠᠶᠢᠨ᠎ᠠ᠃ ᠡᠭᠦᠨ ᠤ ᠬᠠᠮᠲᠤ᠂ ᠡᠯᠡᠰᠦᠨ ᠰᠠᠭᠠᠳ ᠠᠮᠠᠷᠬᠠᠨ ᠡᠭᠦᠰᠳᠡᠭ ᠵᠠᠮ ᠤᠨ ᠬᠡᠰᠡᠭ ᠲᠤ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠬᠤ ᠲᠥᠰᠦᠯ ᠢ ᠲᠣᠭᠲᠠᠭᠠᠵᠤ᠂ ᠪᠦᠲᠦᠮᠵᠢᠲᠡᠶ ᠪᠠᠷ ᠰᠢᠢᠳᠪᠦᠷᠢᠯᠡᠨ ᠵᠠᠰᠠᠬᠤ ᠠᠷᠭ᠎ᠠ ᠬᠡᠮᠵᠢᠶ᠎ᠡ ᠠᠪᠴᠤ᠂ ᠵᠠᠰᠠᠮᠠᠯ ᠵᠠᠮ ᠤᠨ ᠡᠯᠡᠰᠦᠨ ᠰᠠᠭᠠᠳ ᠤᠨ ᠭᠠᠢ ᠭᠠᠮᠰᠢᠭ ᠢ ᠤᠯᠠᠮ ᠨᠢᠭᠡ ᠠᠯᠬᠤᠮ ᠪᠠᠭᠠᠰᠬᠠᠵᠤ ᠪᠠᠶᠢᠨ᠎ᠠ᠃       ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ 3 ᠳ᠋ᠤᠭᠠᠷ ᠰᠠᠷ᠎ᠠ ᠠᠴᠠ ᠨᠠᠭᠠᠰᠢ᠂ ᠠᠷᠠᠴᠢᠯᠠᠨ ᠬᠠᠮᠠᠭᠠᠯᠠᠬᠤ ᠨᠢᠭᠡᠴᠢ ᠠᠴᠠ ᠨᠡᠶᠢᠲᠡ 20 ᠭᠠᠷᠤᠢ ᠤᠳᠠᠭ᠎ᠠ ᠡᠯᠡᠰᠦ ᠶᠢ ᠴᠡᠪᠡᠷᠯᠡᠵᠦ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠢ ᠬᠢᠵᠦ᠂ ᠡᠯᠡᠰᠦ ᠶᠢ ᠴᠡᠪᠡᠷᠯᠡᠬᠦ ᠮᠠᠰᠢᠨ ᠢ 35 ᠰᠠᠤᠷᠢ ᠡᠭᠡᠯᠵᠢ ᠲᠣᠮᠢᠯᠠᠵᠤ᠂ ᠠᠵᠢᠯᠲᠠᠨ ᠢ 128 ᠠᠵᠢᠯ ᠤᠨ ᠡᠳᠦᠷ ᠳᠠᠶᠢᠴᠢᠯᠠᠵᠤ᠂ 6580 ᠺᠥᠪ ᠮᠧᠲᠷ ᠡᠯᠡᠰᠦ ᠶᠢ ᠴᠡᠪᠡᠷᠯᠡᠨ ᠠᠷᠢᠯᠭᠠᠪᠠ᠃      ᠲᠠᠷᠠᠭᠠᠴᠢ ᠶᠢᠨ ᠠᠯᠬᠤᠮ ᠳᠤ᠂ ᠠᠯᠠᠱᠠ ᠠᠶᠢᠮᠠᠭ ᠤᠨ ᠵᠠᠰᠠᠮᠠᠯ ᠵᠠᠮ ᠤᠨ ᠲᠡᠭᠡᠭᠡᠪᠦᠷᠢ ᠶᠢ ᠬᠠᠮᠠᠭᠠᠯᠠᠬᠤ ᠲᠥᠪ ᠠᠴᠠ ᠵᠠᠰᠠᠮᠠᠯ ᠵᠠᠮ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠵᠠᠮ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠨᠡᠶᠢᠲᠡᠯᠡᠨ᠎ᠡ᠃ ᠵᠠᠮ ᠤᠨ ᠭᠠᠳᠠᠷᠭᠤ ᠶᠢᠨ ᠬᠠᠮᠢᠶᠠᠷᠤᠯᠲᠠ ᠡᠵᠡᠮᠳᠡᠯ ᠢ ᠰᠤᠯᠠᠷᠠᠭᠤᠯᠤᠯ ᠦᠭᠡᠢ ᠴᠢᠩᠭᠠᠳᠬᠠᠵᠤ᠂ ᠬᠠᠪᠤᠷ ᠤᠨ ᠤᠯᠠᠷᠢᠯ ᠤᠨ ᠵᠠᠮ ᠤᠨ ᠪᠠᠶᠢᠳᠠᠯ ᠢ ᠰᠡᠷᠭᠦᠭᠡᠬᠦ ᠪᠠ ᠵᠠᠮ ᠤᠨ ᠬᠡᠪᠴᠢᠶᠡᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠶᠡᠭᠡ ᠪᠠᠷ ᠥᠷᠨᠢᠭᠦᠯᠵᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠪᠦᠬᠦ ᠬᠦᠴᠦᠨ ᠢᠶᠠᠷ ᠬᠠᠪᠰᠤᠷᠤᠨ ᠬᠦᠴᠦᠯᠡᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号