ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ ᠨᠢ ᠬᠤᠤᠯᠢᠨ ᠭᠤᠤᠯ ᠠᠴᠠ ᠠᠯᠳᠠᠷ ᠬᠥᠷᠬᠦ S101 ᠨᠢᠭᠡᠳᠦᠭᠡᠷ ᠳᠡᠰ ᠤᠨ ᠵᠠᠰᠠᠮᠠᠯ ᠵᠠᠮ ᠤᠨ ᠲᠥᠷᠥᠯ ᠵᠦᠢᠯ ︵ᠬᠢᠩᠭᠠᠨ ᠠᠶᠢᠮᠠᠭ ᠤᠨ ᠬᠡᠰᠡᠭ︶ ᠤᠨ ᠪᠠᠷᠢᠯᠭ᠎ᠠ ᠳᠤ ᠶᠠᠰᠤ ᠴᠢᠨᠠᠷ ᠤᠨ ᠬᠢᠨᠠᠨ ᠲᠣᠭᠲᠠᠭᠠᠬᠤ ᠮᠡᠳᠡᠭᠦᠯᠦᠯᠲᠡ ᠶᠢ ᠳᠠᠭᠤᠰᠬᠠᠪᠠ
ᠨᠡᠶᠢᠲᠡᠯᠡᠭᠰᠡᠨ ᠴᠠᠭ᠄
2020/5/22
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ ᠨᠢ ᠬᠤᠤᠯᠢᠨ ᠭᠤᠤᠯ ᠠᠴᠠ ᠠᠯᠳᠠᠷ ᠬᠥᠷᠬᠦ S101 ᠨᠢᠭᠡᠳᠦᠭᠡᠷ ᠳᠡᠰ ᠤᠨ ᠵᠠᠰᠠᠮᠠᠯ ᠵᠠᠮ ︵ᠬᠢᠩᠭᠠᠨ ᠠᠶᠢᠮᠠᠭ ᠤᠨ ᠬᠡᠰᠡᠭ︶ ᠤᠨ ᠲᠥᠷᠥᠯ ᠵᠦᠢᠯ ᠤᠨ ᠪᠠᠷᠢᠯᠭ᠎ᠠ ᠳᠤ ᠶᠠᠰᠤ ᠴᠢᠨᠠᠷ ᠤᠨ ᠬᠢᠨᠠᠨ ᠲᠣᠭᠲᠠᠭᠠᠬᠤ ᠭᠤᠶᠤᠴᠢᠯᠠᠯ ᠵᠢᠴᠢ ᠡᠮᠵᠢᠭ ᠵᠡᠷᠡᠮᠳᠡᠭ ᠪᠠᠷᠢᠯᠭ᠎ᠠ ᠳᠤ ᠬᠠᠷᠢᠭᠤᠴᠠᠯᠭ᠎ᠠ ᠡᠭᠦᠷᠭᠡᠯᠡᠬᠦ ᠬᠤᠭᠤᠴᠠᠭᠠᠨ ᠳᠠᠬᠢ ᠶᠠᠰᠤ ᠴᠢᠨᠠᠷ ᠤᠨ ᠠᠰᠠᠭᠤᠳᠠᠯ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠦᠨᠳᠦᠰᠦᠯᠡᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠪᠠᠶᠢᠷᠢᠯᠠᠭᠤᠯᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ  ᠶᠢᠨ ᠪᠠᠷᠢᠯᠭ᠎ᠠ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ ᠨᠢ ᠲᠥᠷᠥᠯ ᠵᠦᠢᠯ ᠤᠨ ᠥᠮᠴᠢᠲᠡᠨ ᠤ ᠬᠠᠩᠭᠠᠭᠰᠠᠨ ᠪᠠᠷᠢᠯᠭ᠎ᠠ ᠶᠢ ᠰᠢᠯᠭᠠᠨ ᠬᠤᠷᠢᠶᠠᠵᠤ ᠠᠪᠬᠤ ᠠᠴᠠ ᠡᠮᠦᠨᠡᠬᠢ ᠶᠠᠰᠤ ᠴᠢᠨᠠᠷ ᠤᠨ ᠪᠠᠶᠢᠴᠠᠭᠠᠨ ᠰᠢᠨᠵᠢᠭᠰᠡᠨ ᠮᠠᠳᠡᠭᠦᠯᠦᠯᠲᠡ ᠶᠢ ᠦᠨᠳᠦᠰᠦᠯᠡᠨ᠂ ᠥᠩᠭᠡᠷᠡᠭᠰᠡᠨ ᠵᠢᠯ ᠤᠳ ᠤᠨ ᠲᠤᠰ ᠲᠥᠷᠥᠯ ᠵᠦᠢᠯ ᠤᠨ ᠠᠬᠤᠢ ᠲᠠᠯᠠᠪᠤᠷ ᠵᠢᠴᠢ ᠳᠣᠲᠣᠭᠠᠳᠤ ᠦᠢᠯᠡᠰ ᠤᠨ ᠮᠠᠲ᠋ᠧᠷᠢᠶᠠᠯ ᠢ ᠪᠠᠶᠢᠴᠠᠭᠠᠭᠰᠠᠨ ᠪᠠᠶᠢᠳᠠᠯ ᠲᠠᠢ ᠤᠶᠠᠯᠳᠤᠭᠤᠯᠵᠤ᠂ ︽ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠵᠤ ᠰᠢᠯᠭᠠᠷᠠᠭᠤᠯᠬᠤ ᠪᠠᠷᠢᠮᠵᠢᠶ᠎ᠠ︾ ᠪᠣᠯᠤᠨ ︽ᠵᠠᠰᠠᠮᠠᠯ ᠵᠠᠮ ᠤᠨ ᠪᠠᠷᠢᠯᠭ᠎ᠠ ᠳᠠᠭᠤᠰᠬᠤ ︵ᠲᠤᠰᠢᠶᠠᠬᠤ︶ ᠠᠵᠢᠯ ᠢ ᠰᠢᠯᠭᠠᠨ ᠠᠪᠬᠤ ᠠᠷᠭ᠎ᠠ ᠶᠢᠨ ᠬᠡᠷᠡᠭᠵᠢᠭᠦᠯᠬᠦ ᠨᠠᠷᠢᠨ ᠳᠦᠷᠢᠮ︾ ᠤᠨ ᠲᠣᠭᠲᠠᠭᠠᠯ ᠢ ᠴᠢᠩᠭ᠎ᠠ ᠵᠢᠷᠤᠮᠯᠠᠨ᠂ ᠬᠤᠣᠯᠢᠨ ᠭᠤᠤᠯ ᠠᠴᠠ ᠠᠯᠳᠠᠷ ᠬᠦᠷᠬᠦ S101 ᠨᠢᠭᠡᠳᠦᠭᠡᠷ ᠳᠡᠰ ᠤᠨ ᠵᠠᠰᠠᠮᠠᠯ ᠵᠠᠮ ︵ᠬᠢᠩᠭᠠᠨ ᠠᠶᠢᠮᠠᠭ ᠤᠨ ᠬᠡᠰᠡᠭ︶ ᠤᠨ ᠲᠥᠷᠥᠯ  ᠵᠦᠢᠯ ᠤᠨ ᠪᠠᠷᠢᠯᠭ᠎ᠠ ᠳᠤ ᠶᠠᠰᠤ ᠴᠢᠨᠠᠷ ᠤᠨ ᠬᠢᠨᠠᠨ ᠲᠣᠭᠲᠠᠭᠠᠬᠤ ᠠᠵᠢᠯ ᠢ ᠴᠠᠭ ᠲᠤᠬᠠᠶ ᠳᠤ ᠨᠢ ᠪᠡᠶᠡᠯᠡᠭᠦᠯᠵᠦ᠂ ᠬᠤᠤᠯᠢᠨ ᠭᠤᠤᠯ ᠠᠴᠠ ᠠᠯᠳᠠᠷ ᠬᠦᠷᠬᠦ S101 ᠨᠢᠭᠡᠳᠦᠭᠡᠷ ᠳᠡᠰ ᠤᠨ ᠵᠠᠰᠠᠮᠠᠯ ᠵᠠᠮ ︵ᠬᠢᠩᠭᠠᠨ ᠠᠶᠢᠮᠠᠭ ᠤᠨ ᠬᠡᠰᠡᠭ︶ ᠤᠨ ᠲᠥᠷᠥᠯ  ᠵᠦᠢᠯ ᠤᠨ ᠪᠠᠷᠢᠯᠭ᠎ᠠ ᠳᠤ ᠶᠠᠰᠤ ᠴᠢᠨᠠᠷ ᠤᠨ ᠬᠢᠨᠠᠨ ᠲᠣᠭᠲᠠᠭᠠᠭᠰᠠᠨ ᠬᠤᠪᠢ ᠨᠢ 91.5 ᠪᠣᠯᠤᠨ᠎ᠠ᠃ ᠪᠠᠷᠢᠯᠭ᠎ᠠ ᠶᠢᠨ ᠶᠠᠰᠤ ᠴᠢᠨᠠᠷ ᠲᠤ ᠰᠢᠯᠭᠠᠷᠠᠭᠤᠯᠤᠭᠰᠠᠨ ᠵᠡᠷᠭᠡ ᠳᠡᠰ ᠨᠢ ᠰᠢᠯᠢᠳᠡᠭ ᠰᠠᠶᠢᠨ ᠪᠠᠶᠢᠵᠤ᠂ ᠲᠣᠰ ᠲᠦᠷᠦᠯ ᠵᠦᠢᠯ ᠤᠨ ᠪᠠᠷᠢᠯᠭ᠎ᠠ ᠶᠢ ᠰᠢᠯᠭᠠᠨ ᠬᠤᠷᠢᠶᠠᠵᠤ ᠠᠪᠬᠤ ᠶᠢ ᠠᠬᠢᠭᠤᠯᠤᠨ᠂ ᠤᠷᠤᠭᠰᠢᠲᠠᠶ ᠶᠠᠪᠤᠭᠳᠠᠭᠤᠯᠬᠤ ᠳᠤ ᠰᠠᠭᠤᠷᠢ ᠲᠠᠯᠪᠢᠵᠤ ᠥᠭᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号