ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠵᠠᠮ ᠤᠨ ᠶᠠᠪᠤᠳᠠᠯ ᠤᠨ ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ ᠶᠡᠷᠦᠩᠬᠡᠶ ᠠᠩᠭᠢ ᠶᠢᠨ ᠰᠢᠯᠢ ᠶᠢᠨ ᠭᠤᠤᠯ ᠰᠠᠯᠪᠤᠷᠢ ᠠᠩᠭᠢ ᠭᠠᠰᠢᠭᠤᠳᠠᠬᠤ ᠠᠵᠢᠯᠯᠠᠭ᠎ᠠ ᠥᠷᠨᠢᠭᠦᠯᠵᠦ ᠰᠢᠨ᠎ᠡ ᠲᠢᠲᠢᠮᠯᠢᠭ ᠬᠢᠵᠢᠭ ᠤᠨ ᠪᠠᠶᠢᠳᠠᠯ ᠢ ᠡᠰᠡᠷᠭᠦᠴᠡᠨ ᠳᠠᠷᠤᠬᠤ ᠳᠤ ᠪᠡᠶ᠎ᠡ ᠦᠷᠡᠭᠳᠡᠭᠰᠡᠨ ᠪᠠᠭᠠᠲᠤᠷᠴᠤᠳ ᠪᠠ ᠨᠠᠰᠤ ᠨᠥᠭᠴᠢᠭᠰᠡᠨ ᠠᠬ᠎ᠠ ᠳᠡᠭᠦᠤ ᠨᠡᠷ ᠢᠶᠠᠨ ᠭᠠᠰᠢᠭᠤᠳᠠᠨ ᠳᠤᠷᠠᠰᠬᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/5/22
     4 ᠳ᠋ᠦ᠋ᠭᠡᠷ ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠰᠢᠯᠢ ᠶᠢᠨ ᠭᠤᠤᠯ ᠤᠨ ᠵᠠᠰᠠᠮᠠᠯ ᠵᠠᠮ ᠤᠨ ᠵᠠᠮ ᠤᠨ ᠶᠠᠪᠤᠳᠠᠯ ᠤᠨ ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ ᠰᠠᠯᠪᠤᠷᠢ ᠠᠩᠭᠢ ᠶᠢᠨ ᠪᠠᠶᠢᠭᠤᠯᠭ᠎ᠠ ᠵᠢᠴᠢ ᠵᠠᠮ ᠤᠨ ᠶᠠᠪᠤᠳᠠᠯ ᠤᠨ ᠶᠡᠭᠡ ᠠᠩᠭᠢ ᠨᠤᠭᠤᠳ ᠭᠠᠰᠢᠭᠤᠳᠠᠬᠤ ᠶᠣᠰᠣᠯᠠᠯ ᠶᠠᠪᠤᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠲᠡᠮᠡᠴᠡᠯ ᠳᠤ ᠪᠡᠶ᠎ᠡ ᠦᠷᠡᠭᠳᠡᠭᠰᠡᠨ ᠪᠠᠭᠠᠲᠤᠷᠴᠤᠳ ᠪᠣᠯᠤᠨ ᠨᠠᠰᠤ ᠨᠥᠭᠴᠢᠭᠰᠡᠨ ᠠᠬ᠎ᠠ ᠳᠡᠭᠦᠤ ᠨᠡᠷ ᠢᠶᠠᠨ ᠭᠦᠨ᠎ᠡ ᠭᠠᠰᠢᠭᠤᠳᠠᠪᠠ᠃
     ᠦᠳᠡ ᠶᠢᠨ ᠡᠮᠦᠨᠡᠬᠢ 10 ᠴᠠᠭ ᠲᠤ᠂ ᠪᠠᠶᠢᠭᠤᠯᠭ᠎ᠠ ᠶᠢᠨ ᠪᠦᠬᠦ ᠺᠠᠲᠠᠷ ᠠᠵᠢᠯᠲᠠᠳ ᠠᠯᠪᠠᠨ ᠠᠰᠠᠷ ᠤᠨ ᠡᠮᠦᠨ᠎ᠡ ᠲᠥᠪ ᠵᠣᠭᠰᠤᠵᠤ᠂ ᠠᠭᠠᠷ ᠢ ᠰᠡᠷᠭᠡᠶᠢᠯᠡᠬᠦ ᠰᠡᠷᠡᠮᠵᠢ ᠶᠢᠨ ᠳᠣᠬᠢᠶ᠎ᠠ ᠳᠤᠤᠭᠠᠷᠴᠤ᠂ ᠣᠯᠠᠨ ᠢᠶᠠᠷ ᠢᠶᠠᠨ ᠪᠦᠬᠦᠶᠢᠨ ᠵᠣᠭᠰᠤᠵᠤ᠂3 ᠮᠢᠨᠦ᠋ᠲ ᠨᠠᠮᠠᠨᠴᠢᠯᠠᠨ᠂ ᠬᠢᠵᠢᠭ ᠤᠨ ᠪᠠᠶᠢᠳᠠᠯ ᠢ ᠡᠰᠡᠷᠭᠦᠴᠡᠬᠦ ᠬᠠᠲᠠᠭᠤ ᠴᠢᠩᠭ᠎ᠠ ᠲᠡᠮᠡᠴᠡᠯ  ᠤᠨ ᠳᠤᠮᠳᠠ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠡᠮᠨᠡᠯᠭᠡ ᠶᠢᠨ ᠠᠵᠢᠯᠳᠠᠨ᠂ ᠺᠠᠳ᠋ᠷ ᠠᠵᠢᠯᠳᠠᠨ ᠠᠵᠢᠯᠴᠢᠨ᠂ ᠨᠡᠶᠢᠭᠡᠮ ᠲᠣᠭᠤᠷᠢᠭ ᠤᠨ ᠠᠵᠢᠯᠳᠠᠨ ᠵᠢᠴᠢ ᠵᠣᠯ ᠪᠤᠰᠤ ᠪᠠᠷ ᠠᠳᠡᠭᠳᠡᠭᠰᠡᠨ ᠠᠬ᠎ᠠ ᠳᠡᠭᠦᠦ ᠨᠡᠷ ᠢ ᠭᠦᠨ᠎ᠡ ᠭᠠᠰᠢᠭᠤᠳᠠᠵᠤ ᠪᠠᠶᠢᠬᠤ ᠪᠠᠨ ᠢᠯᠡᠳᠬᠡᠪᠡ᠃ ᠦᠨᠳᠦᠰᠦᠨ ᠱᠠᠲᠤᠨ ᠳᠠᠬᠢ ᠵᠠᠮ ᠤᠨ ᠶᠠᠪᠤᠳᠠᠯ ᠤᠨ ᠡᠯ᠎ᠡ ᠶᠡᠭᠡ ᠠᠩᠭᠢ  ᠶᠢᠨ ᠬᠢᠨ ᠲᠤᠭ ᠢᠶᠠᠨ ᠬᠠᠭᠠᠰ ᠪᠠᠭᠤᠯᠭᠠᠨ ᠭᠠᠰᠢᠭᠤᠳᠠᠬᠤ᠂ ᠬᠠᠮᠲᠤ ᠳᠤ ᠪᠠᠨ ᠨᠠᠮᠠᠨᠴᠢᠯᠠᠨ ᠭᠠᠰᠢᠭᠤᠳᠠᠬᠤ᠂ ᠬᠠᠤᠯᠢ ᠬᠡᠷᠡᠭᠵᠢᠭᠦᠯᠬᠦ ᠮᠠᠰᠢᠨ ᠲᠡᠷᠭᠡᠨ ᠤ ᠪᠦᠷᠢᠶ᠎ᠡ ᠲᠠᠭᠤ ᠵᠢᠴᠢ ᠰᠦᠯᠵᠢᠶᠡᠨ ᠳᠡᠭᠡᠷ᠎ᠡ ᠭᠠᠰᠢᠭᠤᠳᠠᠬᠤ ᠬᠡᠯᠪᠡᠷᠢ ᠪᠠᠷ ᠬᠢᠵᠢᠭ  ᠢ ᠡᠰᠡᠷᠭᠦᠴᠡᠨ ᠪᠡᠶ᠎ᠡ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠭᠠᠰᠢᠭᠤᠳᠠᠯ ᠢᠶᠠᠨ ᠢᠯᠡᠳᠬᠡᠪᠡ᠃
     ᠲᠥᠷᠦ ᠣᠷᠤᠨ ᠤ ᠶᠡᠭᠡ ᠤᠴᠢᠷ ᠪᠣᠯᠪᠠᠰᠤ ᠳᠠᠬᠢᠯ ᠤᠨ ᠶᠣᠰᠤ ᠪᠠ ᠳᠠᠶᠢᠨ ᠤ ᠶᠠᠪᠤᠳᠠᠯ ᠪᠣᠯᠠᠢ᠃ ᠭᠠᠰᠢᠭᠤᠳᠠᠨ ᠳᠤᠷᠠᠰᠬᠠᠬᠤ ᠪᠣᠯ ᠨᠠᠩ ᠰᠠᠶᠢᠨ ᠢᠶᠠᠷ ᠤᠷᠤᠭᠰᠢᠯᠠᠬᠤ ᠶᠢᠨ ᠲᠥᠯᠥᠭᠡ ᠶᠤᠮ᠂ ᠬᠢᠵᠢᠭ ᠤᠨ ᠪᠠᠶᠢᠳᠠᠯ ᠳᠠᠭᠤᠰᠤᠭᠠᠳᠤᠢ᠂ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠮᠥᠨ ᠯᠡ ᠬᠦᠨᠳᠦ ᠬᠡᠴᠡᠭᠦᠤ ᠪᠠᠶᠢᠨ᠎ᠠ᠃ ᠠᠮᠢ ᠨᠠᠰᠤ  ᠶᠢ ᠳᠡᠭᠡᠳᠦᠯᠡᠨ ᠬᠠᠶᠢᠷᠠᠯᠠᠵᠤ᠂ ᠪᠠᠭᠠᠲᠤᠷᠴᠤᠳ ᠢ ᠳᠤᠷᠠᠰᠤᠨ ᠰᠠᠨᠠᠭᠠᠯᠵᠠᠬᠤ ᠳᠤ᠂ ᠪᠢᠳᠡ ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠨᠢᠭᠲᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢᠨ ︽ᠬᠤᠣᠰ ᠢᠯᠠᠯᠲᠠ︾ ᠶᠢ ᠣᠯᠬᠤ ᠳᠤ ᠡᠷᠭᠦᠭᠡᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠪᠠᠷ ᠬᠦᠴᠦᠯᠡᠨ ᠴᠢᠷᠮᠠᠶᠢᠬᠤ ᠬᠡᠷᠡᠭᠲᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号