ᠥᠪᠥᠷ ᠮᠣᠩᠭᠤᠯ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ︽ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠡᠬᠡ ᠪᠢᠴᠢᠭ ᠵᠣᠬᠢᠶᠠᠨ ᠪᠢᠴᠢᠬᠦ᠂ ᠠᠯᠪᠠᠯᠠᠬᠤ ᠤᠷ᠎ᠠ ᠴᠢᠳᠠᠪᠤᠷᠢ︾ ᠭᠡᠬᠦ ᠭᠤᠷᠪᠠᠨ ᠵᠦᠢᠯ ᠤᠨ ᠠᠵᠢᠯ ᠤᠨ ᠪᠠᠶᠢᠷᠢᠨ ᠳᠠᠬᠢ ᠰᠣᠷᠢᠵᠤ ᠮᠥᠷᠦ᠋ᠢᠴᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/5/22
     ᠺᠣᠮᠫᠠᠨᠢ ᠶᠢᠨ ᠪᠦᠬᠦ ᠠᠵᠢᠯᠳᠠᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠪᠣᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠵᠢᠯᠲᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠺᠣᠮᠫᠠᠨᠢ ᠶᠢᠨ ᠠᠵᠢᠯᠳᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ᠠᠮᠵᠢᠯᠲᠠ ᠪᠦᠲᠦᠮᠵᠢ ᠪᠠᠨ ᠦᠵᠡᠭᠦᠯᠬᠦ᠂ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ᠂ ᠠᠳᠠᠯᠢᠳᠬᠠᠨ ᠰᠤᠷᠴᠤ ᠲᠠᠭᠠᠨ ᠰᠤᠷᠴᠤ᠂ ᠬᠠᠪᠰᠤᠷᠤᠨ ᠳᠡᠮᠵᠢᠵᠦ ᠳᠠᠪᠠᠨ ᠭᠠᠷᠬᠤ ᠱᠠᠭᠠᠷᠳᠠᠯᠭ᠎ᠠ ᠶᠢ ᠦᠢᠯᠡᠳᠦᠯᠭᠡᠵᠢᠭᠦᠯᠦᠨ᠂ ᠺᠣᠮᠫᠠᠨᠢ ᠶᠢᠨ ᠤᠯᠤᠰ ᠲᠦᠷᠦ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠲᠤᠰᠬᠠᠢ ᠮᠡᠷᠭᠡᠵᠢᠯ ᠤᠨ ᠪᠠᠶᠢᠭᠤᠯᠤᠯᠲᠠ ᠵᠡᠷᠭᠡ ᠶᠡᠷᠦᠩᠬᠡᠶᠢᠯᠡᠭᠰᠡᠨ ᠴᠢᠳᠠᠪᠤᠷᠢ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠺᠣᠮᠫᠠᠨᠢ ᠶᠢᠨ ᠪᠦᠬᠦ ᠠᠵᠢᠯᠳᠠᠨ ᠤ ᠬᠡᠷᠡᠭᠵᠢᠭᠦᠯᠬᠦ ᠬᠦᠴᠦᠨ᠂ ᠪᠠᠶᠢᠯᠳᠤᠬᠤ ᠬᠦᠴᠦᠨ ᠪᠣᠯᠤᠨ ᠨᠢᠭᠲᠠᠷᠠᠯ ᠤᠨ ᠬᠦᠴᠦᠨ  ᠢ ᠬᠦᠴᠦᠯᠡᠨ ᠳᠡᠭᠡᠭᠰᠢᠯᠡᠭᠦᠯᠬᠦ ᠪᠠᠷ᠂ ᠺᠣᠮᠫᠠᠨᠢ ᠶᠢᠨ ᠨᠠᠮ ᠤᠨ ᠬᠤᠷᠢᠶ᠎ᠠ ᠪᠦᠬᠦ ᠺᠣᠮᠫᠠᠨᠢ ᠳᠤ ︽ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ᠂ ᠡᠬᠡ ᠪᠢᠴᠢᠭ ᠢ ᠵᠣᠬᠢᠶᠠᠨ ᠪᠢᠴᠢᠬᠦ᠂ ᠠᠯᠪᠠᠯᠠᠬᠤ ᠤᠷ᠎ᠠ ᠴᠢᠳᠠᠪᠤᠷᠢ︾ ᠭᠤᠷᠪᠠᠨ ᠵᠦᠢᠯ ᠤᠨ ᠠᠵᠢᠯ ᠤᠨ  ᠪᠠᠶᠢᠷᠢᠨ ᠳᠠᠬᠢ ᠰᠣᠷᠢᠵᠤ ᠮᠥᠷᠦ᠋ᠢᠴᠡᠬᠦ ᠠᠵᠢᠯᠯᠠᠭ᠎ᠠ ᠥᠷᠨᠢᠭᠦᠯᠦᠨ᠂ ᠲᠤᠰ ᠠᠵᠢᠯᠯᠠᠭ᠎ᠠ ᠶᠢ ᠺᠣᠮᠫᠠᠨᠢ ᠶᠢᠨ ᠠᠵᠢᠯᠴᠢᠨ ᠤ ᠡᠪᠯᠡᠯ ᠠᠴᠠ ᠵᠣᠬᠢᠶᠠᠨ ᠪᠠᠶᠢᠭᠤᠯᠵᠤ ᠳᠠᠭᠠᠭᠠᠴᠢᠯᠠᠨ ᠡᠷᠬᠢᠯᠡᠪᠡ᠃      ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢᠨ ᠮᠥᠷᠦ᠋ᠢᠴᠡᠭᠡᠨ ᠢ  ᠦᠷᠨᠢᠭᠦᠯᠪᠡ᠂ ᠨᠢᠭᠡ ᠳᠤ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠪᠠ ᠨᠠᠮᠴᠢ ᠴᠢᠨᠠᠷ ᠤᠨ ᠪᠣᠯᠪᠠᠰᠤᠷᠠᠯ ᠢᠶᠠᠨ ᠳᠠᠪᠲᠠᠨ ᠪᠣᠯᠪᠠᠰᠤᠷᠠᠭᠤᠯᠬᠤ ᠲᠠᠯ᠎ᠠ ᠪᠠᠷ ᠰᠢᠨ᠎ᠡ ᠰᠠᠨᠠᠭ᠎ᠠ ᠠᠬᠤᠢ ᠪᠠᠨ ᠳᠡᠭᠡᠭᠰᠢᠯᠡᠭᠦᠯᠵᠦ᠂ ᠪᠦᠬᠦ ᠠᠵᠢᠯᠲᠠᠨ ᠢ ᠬᠦᠳᠦᠯᠦᠨ ᠳᠠᠭᠠᠭᠤᠯᠵᠤ ᠪᠠᠶᠢᠭᠠᠳ ︽ᠲᠦᠷᠪᠡᠨ ᠦᠵᠡᠯ ᠤᠬᠠᠮᠰᠠᠷ︾ ᠢ ᠲᠦᠷᠦᠭᠦᠯᠡᠨ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤ ᠪᠤᠢ ᠪᠣᠯᠭᠠᠵᠤ᠂ ᠤᠯᠤᠰ ᠲᠦᠷᠦ ᠶᠢᠨ ᠲᠠᠯ᠎ᠠ ᠪᠠᠷ ᠵᠠᠳᠠᠯᠬᠤ ᠰᠡᠳᠬᠢᠬᠦ ᠪᠠ ᠠᠰᠠᠭᠤᠳᠠᠯ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠪᠡ᠃ ᠬᠤᠶᠠᠷ ᠲᠤ ᠲᠤᠰᠬᠠᠶ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠪᠠ ᠶᠡᠷᠦᠩᠬᠡᠶᠢᠯᠡᠭᠰᠡᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠳᠠᠪᠰᠢᠯᠲᠠ ᠲᠠᠢ ᠪᠣᠯᠵᠣ᠂ ᠦᠪᠡᠰᠦᠪᠡᠨ ᠰᠤᠷᠤᠯᠴᠠᠬᠤ ᠶᠢ ᠵᠣᠬᠢᠶᠠᠨ ᠪᠠᠶᠢᠭᠤᠯᠵᠤ᠂ ᠲᠥᠪᠯᠡᠷᠡᠭᠦᠯᠵᠦ ᠡᠭᠡᠯᠵᠢᠯᠡᠨ ᠪᠣᠯᠪᠠᠰᠤᠷᠠᠭᠤᠯᠬᠤ ᠪᠠᠷ ᠳᠠᠮᠵᠢᠭᠤᠯᠤᠨ᠂ ᠪᠥᠬᠦ ᠠᠵᠢᠯᠲᠠᠨ ᠤ ᠡᠵᠡᠩᠨᠡᠯᠲᠡ ᠬᠠᠮᠢᠶᠠᠷᠤᠯᠲᠠ ᠶᠢᠨ ᠦᠨᠳᠦᠰᠦᠨ ᠱᠠᠭᠠᠷᠳᠠᠯᠭ᠎ᠠ᠂ ᠦᠨᠳᠦᠰᠦᠨ ᠲᠥᠷᠥ ᠶᠢᠨ ᠪᠣᠳᠣᠯᠭ᠎ᠠ᠂ ᠦᠨᠳᠦᠰᠦᠨ ᠲᠠᠰ ᠳᠠᠷᠠᠭᠠᠯᠠᠯ᠂ ᠦᠨᠳᠦᠰᠦᠨ ᠲᠦᠷᠢᠮ ᠢ ᠪᠥᠬᠦ ᠲᠠᠯ᠎ᠠ ᠪᠠᠷ ᠡᠵᠡᠮᠰᠢᠬᠦ ᠶᠢ ᠨᠢ ᠠᠬᠢᠭᠤᠯᠵᠤ᠂ ᠠᠵᠢᠯᠲᠠᠳ ᠤᠨ ᠮᠡᠳᠡᠯᠭᠡ  ᠶᠢᠨ ᠨᠥᠭᠡᠴᠡ ᠶᠢ ᠨᠡᠮᠡᠭᠳᠡᠭᠦᠯᠦᠨ᠂ ᠬᠠᠷᠠᠭ᠎ᠠ ᠶᠢ ᠨᠢ ᠥᠷᠭᠡᠳᠬᠡᠨ᠎ᠡ᠃ ᠭᠤᠷᠪᠠ ᠳᠤ ᠣᠯᠠᠨ ᠵᠦᠢᠯ ᠤᠨ ᠬᠡᠯᠪᠡᠷᠢ ᠪᠠᠷ ᠲᠥᠷᠥ ᠶᠢᠨ ᠪᠣᠳᠣᠯᠭ᠎ᠠ ᠲᠤᠬᠠᠶᠢᠯᠠᠭᠰᠠᠨ ᠠᠵᠢᠯ ᠤᠨ ᠪᠠᠶᠢᠷᠢᠨ ᠳᠤ ᠪᠣᠯᠪᠠᠰᠤᠷᠠᠭᠤᠯᠬᠤ᠂ ᠠᠯᠪᠠᠯᠠᠬᠤ ᠤᠷ᠎ᠠ ᠴᠢᠳᠠᠪᠤᠷᠢ ᠶᠢᠨ ᠤᠷᠤᠯᠳᠤᠭᠠᠨ ᠵᠡᠷᠭᠡ ᠠᠵᠢᠯᠯᠠᠭ᠎ᠠ ᠳᠤ ᠴᠢᠭᠯᠡᠭᠦᠯᠦᠨ᠂ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠨᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠬᠤ ᠠᠵᠢᠯ ᠤᠨ ᠴᠢᠨᠠᠷᠵᠢᠭᠤᠨ ᠬᠥᠭᠵᠢᠬᠦ ᠶᠢᠨ ᠠᠬᠢᠭᠤᠯᠪᠠ᠃      ᠡᠬᠡ ᠪᠢᠴᠢᠭ ᠵᠣᠬᠢᠶᠠᠨ ᠪᠢᠴᠢᠬᠦ ᠤᠷ᠎ᠠ ᠴᠢᠳᠠᠪᠤᠷᠢ ᠶᠢᠨ ᠮᠥᠷᠦ᠋ᠢᠴᠡᠭᠡᠨ ᠦᠷᠨᠢᠭᠦᠯᠪᠡ᠃ ᠨᠢᠭᠡ ᠳᠤ ᠠᠵᠢᠯᠲᠠᠳ ᠤᠨ ᠠᠵᠢᠯᠴᠢᠨ ᠤ ᠨᠣᠮ ᠤᠩᠰᠢᠬᠤ ᠳᠤᠷᠠᠲᠠᠶ᠂ ᠰᠠᠶᠢᠨ ᠨᠣᠮ ᠤᠩᠰᠢᠬᠤ᠂ ᠴᠢᠳᠠᠮᠠᠭᠠᠶ ᠰᠡᠳᠬᠢᠨ ᠪᠣᠳᠤᠯᠬᠢᠯᠠᠬᠤ ᠪᠠ ᠬᠠᠷᠢᠯᠴᠠᠬᠤ ᠰᠣᠯᠢᠯᠴᠠᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠮᠡᠳᠡᠯᠭᠡ ᠶᠢᠨ ᠨᠥᠭᠡᠴᠡ ᠪᠠᠨ ᠪᠠᠶᠠᠯᠢᠭᠵᠢᠭᠤᠯᠤᠨ᠂ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ᠂ ᠲᠤᠬᠠᠶᠢᠯᠠᠭᠰᠠᠨ ᠠᠵᠢᠯ ᠤᠨ ᠴᠢᠳᠠᠪᠤᠷᠢ᠂ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠬᠤ ᠴᠢᠳᠠᠪᠤᠷᠢ ᠢ ᠨᠢ ᠳᠡᠭᠡᠭᠰᠢᠯᠡᠭᠦᠯᠵᠦ᠂ ᠡᠬᠡ ᠪᠢᠴᠢᠭ ᠢ ᠵᠣᠬᠢᠶᠠᠨ ᠪᠢᠴᠢᠬᠦ ᠶᠢᠨ ᠶᠡᠷᠦᠩᠬᠡᠶᠢᠯᠡᠭᠰᠡᠨ ᠴᠢᠨᠠᠷ᠂ ᠰᠢᠨ᠎ᠡ ᠶᠢ ᠡᠭᠦᠳᠬᠦ ᠴᠢᠨᠠᠷ᠂ ᠡᠮᠬᠢ ᠵᠢᠷᠤᠮ ᠲᠠᠢ ᠪᠠᠶᠢᠬᠤ ᠴᠢᠨᠠᠷ ᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠤᠨ ᠲᠣᠭᠲᠠᠭᠤᠨ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠪᠠ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠬᠤᠶᠠᠷ ᠲᠤ ᠬᠢᠨᠠᠮᠠᠭᠠᠢ ᠰᠤᠷᠤᠯᠴᠠᠵᠤ ᠰᠤᠳᠤᠯᠤᠨ ᠶᠠᠷᠢᠯᠴᠠᠵᠤ ᠰᠣᠯᠢᠯᠴᠠᠬᠤ ᠪᠠᠷ ᠳᠠᠮᠵᠢᠨ ᠦᠰᠦᠭ ᠪᠢᠴᠢᠭ ᠢᠶᠠᠷ ᠢᠯᠡᠳᠬᠡᠬᠦ ᠴᠢᠳᠠᠪᠤᠷᠢ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠷᠠᠭ᠎ᠠ ᠶᠢ ᠨᠢ ᠥᠷᠭᠡᠳᠬᠡᠵᠦ᠂ ᠰᠡᠳᠬᠢᠮᠵᠢ ᠶᠢ ᠨᠢ ᠴᠢᠯᠦᠭᠡᠲᠡᠢ ᠪᠣᠯᠭᠠᠨ᠂ ᠵᠥᠪᠳᠡᠨ ᠶᠠᠷᠢᠯᠴᠠᠵᠤ ᠰᠣᠯᠢᠯᠴᠠᠬᠤ ᠪᠠᠷ ᠪᠦᠲᠦᠭᠡᠯᠴᠢ ᠰᠡᠳᠬᠢᠬᠦᠢ᠂ ᠭᠦᠨ ᠭᠦᠨᠵᠡᠭᠡᠢ ᠦᠵᠡᠯ ᠰᠠᠨᠠᠭᠠᠨ ᠤ ᠣᠶᠢᠯᠠᠭᠠᠭᠳᠠᠬᠤᠨ ᠲᠠᠢ ᠪᠣᠯᠭᠠᠪᠠ᠃ ᠭᠤᠷᠪᠠ ᠳᠤ ᠠᠵᠢᠯᠲᠠᠳ ᠤᠨ ᠠᠵᠢᠯ ᠢᠶᠠᠨ ᠰᠡᠳᠬᠢᠨ ᠲᠥᠯᠥᠪᠯᠡᠬᠦ᠂ ᠠᠰᠠᠭᠤᠳᠠᠯ ᠢ ᠪᠣᠳᠣᠯᠬᠢᠯᠠᠬᠤ ᠵᠢᠴᠢ ᠵᠣᠬᠢᠶᠠᠨ ᠪᠢᠴᠢᠬᠦ ᠶᠡᠷᠦᠩᠬᠡᠶᠢᠯᠡᠭᠰᠡᠨ ᠴᠢᠳᠠᠪᠤᠷᠢ ᠪᠠ ᠬᠢᠷᠢ ᠲᠦᠪᠰᠢᠨ ᠢ ᠨᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠰᠠᠶᠢᠨ ᠡᠭᠦᠷᠭᠡᠯᠡᠵᠦ ᠵᠣᠷᠢᠭᠲᠠᠶ ᠲᠡᠮᠡᠴᠡᠬᠦ︾ ᠪᠠ ︽ᠪᠣᠳᠠᠲᠤ ᠦᠷ᠎ᠡ ᠪᠦᠲᠦᠮᠵᠢ ᠪᠠᠷ  ᠴᠢᠳᠠᠪᠤᠷᠢ ᠪᠠᠨ ᠮᠦᠷᠦᠶᠢᠴᠡᠬᠦ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠠᠵᠢᠯᠴᠢ ᠬᠢᠴᠢᠶᠡᠩᠭᠦᠶ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠰᠢᠯᠢᠳᠡᠭ ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠬᠡᠪ ᠰᠤᠷᠲᠠᠯ ᠢ ᠬᠥᠮᠦᠵᠢᠭᠦᠯᠵᠦ᠂ ᠠᠵᠢᠯᠲᠠᠳ ᠤᠨ ᠰᠠᠨᠠᠭᠠᠴᠢᠯᠠᠭᠠᠲᠤ ᠴᠢᠨᠠᠷ᠂ ᠢᠳᠡᠪᠬᠢᠵᠢᠯ ᠪᠠ ᠪᠦᠲᠦᠭᠡᠯᠴᠢ ᠴᠢᠨᠠᠷ ᠢ ᠨᠢ ᠴᠢᠩᠭᠠᠷᠠᠭᠤᠯᠤᠨ᠂ ︽ᠪᠢᠴᠢᠬᠦ ᠳᠤ ᠪᠠᠨ ᠰᠠᠶᠢᠨ︾ ᠪᠠ ︽ᠣᠯᠠᠨ ᠠᠪᠢᠶᠠᠰ︾ ᠲᠠᠢ ᠪᠣᠯᠭᠠᠬᠤ ᠪᠠᠷ ᠬᠦᠮᠦᠵᠢᠭᠦᠯᠪᠡ᠃      ᠠᠯᠪᠠᠯᠠᠬᠤ ᠠᠵᠢᠯᠯᠠᠭᠠᠨ ᠤ ᠤᠷ᠎ᠠ ᠴᠢᠳᠠᠪᠤᠷᠢ ᠶᠢᠨ ᠮᠥᠷᠦ᠋ᠢᠴᠡᠭᠡᠨ ᠦᠷᠨᠢᠭᠦᠯᠪᠡ᠃ ᠨᠢᠭᠡ ᠳᠤ ᠦᠨᠳᠦᠰᠦᠨ ᠲᠤᠬᠠᠶᠢᠯᠠᠭᠰᠠᠨ ᠠᠵᠢᠯ᠂ ᠦᠨᠳᠦᠰᠦᠨ ᠤᠷ᠎ᠠ ᠴᠢᠳᠠᠪᠤᠷᠢ  ᠶᠢ ᠨᠢ ᠳᠡᠭᠡᠭᠰᠢᠯᠡᠭᠦᠯᠵᠦ᠂ ᠠᠯᠪᠠᠯᠠᠬᠤ ᠠᠵᠢᠯᠯᠠᠭᠠᠨ ᠤ ᠲᠥᠷᠥᠯ ᠤᠨ ᠵᠥᠭᠡᠯᠡᠨ ᠬᠡᠷᠡᠭᠰᠡᠯ ᠪᠠ ᠳᠠᠭᠤᠨ ᠳᠠᠪᠲᠠᠮᠵᠢ᠂ ᠸᠢᠳᠢᠣ᠋᠂ ᠵᠢᠷᠤᠭ ᠤᠨ ᠵᠥᠭᠡᠯᠡᠨ ᠬᠡᠷᠡᠭᠰᠡᠯ ᠵᠡᠷᠭᠡ ᠶᠢ ᠪᠥᠬᠦ ᠲᠠᠯ᠎ᠠ ᠪᠠᠷ ᠪᠣᠯᠪᠠᠰᠤᠷᠠᠩᠭᠤᠶ ᠡᠵᠡᠮᠰᠢᠭᠦᠯᠪᠡ᠃ ᠬᠤᠶᠠᠷ ᠲᠤ ᠰᠣᠷᠣᠭᠰᠠᠨ ᠢᠶᠠᠨ ᠬᠡᠷᠡᠭᠯᠡᠬᠦ᠂ ᠰᠤᠷᠴᠤ ᠬᠡᠷᠡᠭᠯᠡᠬᠦ  ᠶᠢ ᠤᠶᠠᠯᠳᠤᠭᠤᠯᠬᠤ ᠲᠠᠯ᠎ᠠ ᠪᠠᠷ ᠠᠵᠢᠯᠯᠠᠬᠤ ᠪᠠ ᠦᠢᠯᠡᠳᠦᠯᠭᠡᠵᠢᠭᠦᠯᠬᠦ᠂ ᠭᠤᠤᠯᠳᠠᠯᠭ᠎ᠠ ᠲᠠᠢ ᠠᠵᠢᠯ᠂ ᠤᠬᠠᠭᠤᠯᠤᠨ ᠲᠠᠨᠢᠯᠴᠠᠭᠤᠯᠬᠤ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠦᠨᠳᠦᠰᠦᠨ ᠠᠯᠪᠠᠯᠠᠬᠤ ᠠᠵᠢᠯᠯᠠᠭᠠᠨ ᠤ ᠤᠷ᠎ᠠ ᠴᠢᠳᠠᠪᠤᠷᠢ ᠶᠢ ᠡᠳᠦᠷ ᠲᠤᠲᠤᠮ ᠤᠨ ᠠᠵᠢᠯ᠂ ᠭᠤᠤᠯᠳᠠᠯᠭ᠎ᠠ ᠲᠠᠢ ᠠᠵᠢᠯ ᠤᠨ ᠤᠬᠠᠭᠤᠯᠤᠨ ᠲᠠᠨᠢᠯᠴᠠᠭᠤᠯᠬᠤ᠂ ᠵᠣᠬᠢᠶᠠᠨ ᠪᠠᠶᠢᠭᠤᠯᠬᠤ ᠠᠵᠢᠯ ᠤᠨ ᠰᠢᠨ᠎ᠡ ᠶᠢ ᠡᠭᠦᠳᠬᠦ ᠦᠢᠯᠡᠳᠦᠯᠭᠡ ᠳᠤ ᠬᠡᠷᠡᠭᠯᠡᠵᠦ᠂ ᠰᠢᠨ᠎ᠡ ᠤᠷ᠎ᠠ ᠴᠢᠳᠠᠪᠤᠷᠢ  ᠪᠠᠷ ᠡᠵᠡᠩᠨᠡᠯᠲᠡ ᠶᠢᠨ ᠠᠵᠢᠯ ᠳᠤ ᠪᠠᠨ ᠰᠢᠨ᠎ᠡ ᠵᠢᠳᠬᠦᠯ ᠴᠢᠷᠮᠠᠶᠢᠯᠭ᠎ᠠ ᠲᠠᠢ ᠪᠣᠯᠭᠠᠪᠠ᠃ ᠭᠤᠷᠪᠠ ᠳᠤ ᠵᠡᠪᠰᠡᠭ ᠤᠨ ᠮᠥᠷᠦ᠋ᠢᠴᠡᠭᠡᠨ ᠢᠶᠠᠷ ᠰᠤᠷᠤᠯᠭ᠎ᠠ ᠶᠢᠨ ᠦᠷ᠎ᠡ ᠪᠦᠲᠦᠮᠵᠢ ᠶᠢ ᠨᠢ ᠰᠢᠯᠭᠠᠨ ᠪᠠᠶᠢᠴᠠᠭᠠᠬᠤ ᠪᠠᠷ ᠳᠠᠮᠵᠢᠨ᠂ ᠦᠷ᠎ᠡ ᠪᠦᠲᠦᠮᠵᠢ ᠪᠠ ᠦᠢᠯᠡᠳᠦᠯᠭᠡ ᠶᠢᠨ ᠦᠷ᠎ᠡ ᠪᠦᠲᠦᠮᠵᠢ ᠲᠠᠢ ᠨᠢ ᠤᠶᠠᠯᠳᠤᠭᠤᠯᠵᠤ᠂ ᠤᠷ᠎ᠠ ᠴᠢᠳᠠᠪᠤᠷᠢ ᠶᠢᠨ ᠡᠵᠡᠮᠰᠢᠬᠦ ᠬᠢᠭᠡᠳ ᠶᠡᠷᠦᠩᠬᠡᠶᠢᠯᠡᠭᠰᠡᠨ ᠬᠡᠪ ᠪᠣᠯᠪᠠᠰᠤᠷᠠᠯ ᠤᠨ ᠵᠡᠷᠭᠡ ᠪᠠᠷ ᠳᠡᠭᠡᠭᠰᠢᠯᠡᠭᠦᠯᠵᠦ᠂ ᠠᠵᠢᠯ ᠤᠨ ᠴᠢᠳᠠᠪᠤᠷᠢ ᠬᠢᠭᠡᠳ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ ᠵᠡᠷᠭᠡ ᠪᠠᠷ ᠳᠡᠭᠡᠭᠰᠢᠯᠡᠬᠦ ᠶᠢ ᠠᠬᠢᠭᠤᠯᠪᠠ᠃ ︵ᠰᠦᠨ ᠰᠢᠤᠸᠠᠢ ᠹᠧᠢ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号