ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ ᠠᠴᠠ ᠪᠥᠬᠦ ᠣᠷᠣᠨ ᠤ ᠭᠤᠤᠯᠳᠠᠯᠭ᠎ᠠ ᠲᠠᠢ ᠵᠠᠰᠠᠮᠠᠯ ᠵᠠᠮ ᠤᠨ ︽ᠵᠠᠭᠤᠨ ᠣᠨ ᠤ ᠠᠮᠤᠷ ᠲᠠᠶᠢᠪᠤᠡᠭ ᠴᠢᠨᠠᠷ ᠴᠢᠨᠰᠠᠭ᠎ᠠ  ᠲᠠᠢ ᠪᠠᠷᠢᠯᠭ᠎ᠠ︾ ᠤᠨ ᠪᠥᠲᠥᠭᠡᠨ ᠪᠠᠶᠢᠭᠤᠯᠤᠯᠲᠠ ᠶᠢ ᠰᠣᠳᠤᠯᠠᠨ ᠶᠠᠷᠢᠯᠴᠠᠪᠠ
ᠨᠡᠶᠢᠲᠡᠯᠡᠭᠰᠡᠨ ᠴᠠᠭ᠄
2020/5/22
     4 ᠳ᠋ᠦ᠋ᠭᠡᠷ ᠰᠠᠷ᠎ᠠ ᠶᠢᠨ 7 ᠤ ᠡᠳᠦᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠤᠨ ︽︿ ᠵᠠᠭᠤᠨ ᠣᠨ ᠤ ᠠᠮᠤᠷ ᠲᠠᠶᠢᠪᠤᠡᠭ ᠴᠢᠨᠠᠷ ᠴᠢᠨᠰᠠᠭ᠎ᠠ ᠲᠠᠢ ᠪᠠᠷᠢᠯᠭ᠎ᠠ﹀ ᠶᠢᠨ ᠪᠦᠲᠦᠭᠡᠨ ᠪᠠᠶᠢᠭᠤᠯᠤᠯᠲᠠ ᠶᠢᠨ ᠰᠤᠳᠤᠯᠤᠨ ᠠᠬᠢᠭᠤᠯᠬᠤ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ ᠨᠢ ᠲᠣᠪᠴᠢᠶᠠᠨ ᠤ ᠭᠤᠷᠪᠠᠳᠤᠭᠠᠷ ᠳᠠᠪᠬᠤᠷᠭ᠎ᠠ ᠳᠠᠬᠢ ᠬᠤᠷᠠᠯ ᠤᠨ ᠬᠡᠷ ᠲᠤ 2020 ᠣᠨ ᠤ ᠪᠥᠬᠦ ᠣᠷᠣᠨ ᠤ ᠭᠤᠤᠯᠳᠠᠯᠭ᠎ᠠ ᠲᠠᠢ ᠵᠠᠰᠠᠮᠠᠯ ᠵᠠᠮ ᠤᠨ ︽ᠵᠠᠭᠤᠨ ᠣᠨ ᠤ ᠠᠮᠤᠷ ᠲᠠᠶᠢᠪᠤᠡᠭ ᠴᠢᠨᠠᠷ ᠴᠢᠨᠰᠠᠭ᠎ᠠ ᠲᠠᠢ ᠪᠠᠷᠢᠯᠭ᠎ᠠ︾ ᠶᠢᠨ ᠪᠥᠲᠥᠭᠡᠨ ᠪᠠᠶᠢᠭᠤᠯᠤᠯᠲᠠ ᠶᠢ ᠰᠤᠳᠤᠯᠤᠨ ᠶᠠᠷᠢᠯᠴᠠᠭᠰᠠᠨ ᠪᠦᠭᠡᠳ᠂ ᠬᠤᠷᠠᠯ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶᠠᠨ ᠤ 2020 ᠣᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠤᠨ ᠲᠥᠯᠥᠪᠯᠡᠭᠡ︾ ᠶᠢ ᠶᠠᠷᠢᠯᠴᠠᠵᠤ᠂ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠪᠡ᠃ ᠡᠭᠦᠨ ᠤ ᠬᠠᠮᠲᠤ᠂ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠤᠨ ᠬᠠᠷᠠᠯᠲᠠ᠂ ᠠᠵᠢᠯ ᠤᠨ ᠲᠣᠭᠲᠠᠴᠠ ᠶᠢ ᠲᠣᠳᠤᠷᠬᠠᠶᠢᠯᠠᠵᠤ᠂ ᠶᠠᠰᠤ ᠴᠢᠨᠠᠷ ᠲᠤ ᠬᠢᠨᠠᠯᠲᠠ ᠲᠠᠯᠪᠢᠬᠤ ᠭᠤᠤᠯᠳᠠᠯᠭ᠎ᠠ ᠲᠠᠢ ᠡᠭᠦᠷᠭᠡ ᠶᠢ ᠲᠣᠳᠤᠷᠬᠠᠶᠢᠯᠠᠭᠰᠠᠨ ᠤ ᠳᠠᠭᠠᠤ ᠳᠤ᠂ ᠭᠥᠭᠦᠷᠭᠡ ᠪᠠ ᠨᠦᠬᠡᠨ ᠵᠠᠮ ᠤᠨ ᠪᠠᠷᠢᠯᠭ᠎ᠠ ᠶᠢᠨ ᠳᠠᠭᠠᠭᠠᠮᠠᠭᠠᠶ ᠡᠯᠮᠧᠨᠧᠲᠲᠦ ᠮᠠᠲ᠋ᠧᠷᠢᠶᠠᠯ᠂ ᠪᠦᠲᠦᠴᠡ ᠶᠢᠨ ᠵᠢᠷᠤᠭ ᠲᠥᠯᠥᠪᠯᠡᠭᠡ᠂ ᠮᠡᠷᠭᠡᠵᠢᠯ ᠤᠨ ᠪᠠᠷᠢᠮᠵᠢᠶ᠎ᠠ᠂ ᠪᠠᠷᠢᠯᠭ᠎ᠠ ᠶᠢᠨ ᠵᠢᠷᠤᠮᠵᠢᠯ ᠵᠡᠷᠭᠡ ᠲᠠᠯ᠎ᠠ ᠪᠠᠷ ᠰᠤᠳᠤᠯᠤᠨ ᠶᠠᠷᠢᠯᠴᠠᠵᠤ᠂ ᠬᠥᠭᠦᠷᠭᠡ ᠪᠠ ᠨᠦᠬᠡᠨ ᠵᠠᠮ ᠤᠨ ︽ᠵᠠᠭᠤᠨ ᠣᠨ ᠤ ᠠᠮᠤᠷ ᠲᠠᠶᠢᠪᠤᠡᠭ ᠴᠢᠨᠠᠷ ᠴᠢᠨᠰᠠᠭ᠎ᠠ ᠲᠠᠢ ᠪᠠᠷᠢᠯᠭ᠎ᠠ︾ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠬᠤ ᠳᠤ ᠴᠢᠭᠯᠡᠯ ᠢᠶᠠᠨ ᠲᠣᠭᠲᠠᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号