ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ ᠨᠢ ᠵᠢᠨᠢᠩ ᠬᠤᠲᠠ ᠶᠢᠨ ᠵᠡᠭᠦᠨ ᠬᠤᠲᠠ ᠲᠣᠭᠤᠷᠢᠬᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠠᠷᠢᠯᠭ᠎ᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠬᠠᠵᠤ ᠶᠠᠰᠤ ᠴᠢᠨᠠᠷ ᠲᠤ ᠬᠢᠨᠠᠨ ᠲᠣᠭᠲᠠᠭᠠᠯᠲᠠ ᠬᠢᠬᠦ ᠮᠡᠳᠡᠭᠦᠯᠦᠯᠲᠡ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2020/5/22
    ︽ᠵᠠᠰᠠᠮᠠᠯ ᠵᠠᠮ ᠤᠨ ᠪᠠᠷᠢᠯᠭ᠎ᠠ ᠳᠠᠭᠤᠰᠤᠭᠰᠠᠨ ︵ᠲᠤᠰᠢᠶᠠᠭᠰᠠᠨ︶ ᠠᠵᠢᠯ ᠢ ᠰᠢᠯᠭᠠᠨ ᠬᠤᠷᠢᠶᠠᠬᠤ ᠠᠷᠭ᠎ᠠ  ᠶᠢ ᠬᠡᠷᠡᠭᠵᠢᠭᠦᠯᠬᠦ ᠨᠠᠷᠢᠨ ᠳᠦᠷᠢᠮ︾᠂ ︽ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠪᠠᠶᠢᠴᠠᠭᠠᠵᠤ ᠦᠨᠡᠯᠡᠨ ᠲᠣᠭᠲᠠᠭᠠᠬᠤ ᠪᠠᠷᠢᠮᠵᠢᠶ᠎ᠠ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ 4 ᠳ᠋ᠦ᠋ᠭᠡᠷ ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ ᠨᠢ ᠲᠥᠷᠦᠯ ᠵᠦᠢᠯ ᠤᠨ ᠥᠮᠴᠢᠲᠡᠨ ᠤ ᠬᠠᠩᠭᠠᠭᠰᠠᠨ ᠪᠠᠷᠢᠯᠭ᠎ᠠ ᠳᠠᠭᠤᠰᠤᠭᠰᠠᠨ ᠠᠵᠢᠯ ᠢ ᠰᠢᠯᠭᠠᠨ ᠬᠤᠷᠢᠶᠠᠬᠤ ᠠᠴᠠ ᠡᠮᠦᠨᠡᠬᠢ ᠶᠠᠰᠤ ᠴᠢᠨᠠᠷ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠪᠠ ᠠᠵᠢᠯ ᠳᠠᠭᠤᠰᠤᠭᠰᠠᠨ ᠢ ᠰᠢᠯᠭᠠᠨ ᠬᠤᠷᠢᠶᠠᠭᠰᠠᠨ ᠮᠡᠳᠡᠭᠦᠯᠦᠯᠲᠡ ᠶᠢ ᠦᠨᠳᠦᠰᠦᠯᠡᠨ᠂ ᠲᠤᠬᠠᠶ ᠶᠢᠨ ᠲᠠᠯᠠᠪᠤᠷ ᠤᠨ ᠭᠤᠤᠯᠳᠠᠯᠭ᠎ᠠ ᠲᠠᠢ ᠣᠷᠣᠨ ᠪᠠᠶᠢᠷᠢ ᠵᠢᠴᠢ ᠳᠣᠲᠤᠭᠠᠳᠤ ᠠᠵᠢᠯ ᠤᠨ ᠮᠠᠲ᠋ᠧᠷᠢᠶᠠᠯ ᠢ ᠰᠤᠭᠤᠴᠢᠨ ᠪᠠᠶᠢᠴᠠᠭᠠᠵᠤ᠂ ᠵᠢᠨᠢᠩ ᠤᠨ ᠵᠡᠭᠦᠨ ᠬᠤᠲᠠ ᠲᠣᠭᠤᠷᠢᠬᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠤᠨ ᠪᠠᠷᠢᠯᠭ᠎ᠠ ᠲᠤᠰᠢᠶᠠᠭᠰᠠᠨ ᠶᠠᠰᠤ ᠴᠢᠨᠠᠷ ᠤᠨ ᠰᠢᠯᠭᠠᠨ ᠲᠣᠭᠲᠠᠭᠠᠯᠲᠠ ᠶᠢ ᠴᠠᠭ ᠲᠤᠬᠠᠶ ᠳᠤ ᠨᠢ ᠪᠡᠶᠡᠯᠡᠭᠦᠯᠵᠦ᠂ ᠲᠣᠰ ᠲᠥᠷᠥᠯ ᠵᠦᠢᠯ ᠤᠨ ᠪᠠᠷᠢᠯᠭ᠎ᠠ ᠶᠢᠨ ᠶᠠᠰᠤ ᠴᠢᠨᠠᠷ  ᠤᠨ ᠰᠢᠯᠭᠠᠨ ᠲᠣᠭᠲᠠᠭᠠᠯᠲᠠ ᠶᠢᠨ ᠬᠤᠪᠢ ᠨᠢ 90.4 ᠪᠠᠶᠢᠵᠤ᠂ ᠪᠠᠷᠢᠯᠭ᠎ᠠ ᠶᠢᠨ ᠶᠠᠰᠤ ᠴᠢᠨᠠᠷ ᠤᠨ ᠰᠢᠯᠭᠠᠨ ᠲᠣᠭᠲᠠᠭᠠᠯᠲᠠ ᠶᠢᠨ ᠲᠠᠰ ᠨᠢ ᠰᠢᠯᠢᠳᠡᠭ ᠪᠣᠯᠪᠠ᠃      ᠵᠢᠨᠢᠩ ᠬᠤᠲᠠ ᠶᠢᠨ ᠵᠡᠭᠦᠨ ᠬᠤᠲᠠ ᠲᠣᠭᠤᠷᠢᠬᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠤᠨ ᠪᠠᠷᠢᠯᠭ᠎ᠠ ᠳᠠᠭᠤᠰᠬᠠᠬᠤ ᠶᠠᠰᠤ ᠴᠢᠨᠠᠷ ᠤᠨ ᠬᠢᠨᠠᠨ ᠲᠣᠭᠲᠠᠭᠠᠬᠤ ᠠᠵᠢᠯ ᠤᠨ ᠮᠡᠳᠡᠭᠦᠯᠦᠯᠲᠡ ᠶᠢ ᠴᠠᠭ ᠲᠤᠬᠠᠶ ᠳᠤ ᠨᠢ  ᠪᠡᠶᠡᠯᠡᠭᠦᠯᠦᠭᠰᠡᠨ ᠨᠢ᠂ ᠲᠣᠰ ᠲᠥᠷᠥᠯ ᠵᠦᠢᠯ ᠤᠨ ᠪᠠᠷᠢᠯᠭ᠎ᠠ ᠳᠠᠭᠤᠰᠬᠠᠭᠰᠠᠨ ᠢ ᠰᠢᠯᠭᠠᠨ ᠬᠤᠷᠢᠶᠠᠬᠤ ᠶᠢ ᠠᠬᠢᠭᠤᠯᠬᠤ ᠳᠤ ᠭᠦᠢᠴᠡᠳ ᠪᠡᠯᠡᠳᠬᠡᠯ ᠬᠢᠵᠦ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠬᠤᠷᠳᠤ  ᠶᠢᠨ ᠵᠠᠰᠠᠮᠠᠯ ᠵᠠᠮ ᠤᠨ ᠲᠣᠤᠷ ᠤᠨ ᠲᠥᠯᠥᠪᠵᠢᠭᠦᠯᠭᠡ ᠶᠢ ᠲᠦᠷᠭᠡᠳᠬᠡᠨ ᠬᠡᠷᠡᠭᠵᠢᠭᠦᠯᠬᠦ ᠪᠠ ᠥᠪᠡᠷᠲᠡᠭᠡᠨ ᠵᠠᠰᠠᠬᠤ ᠣᠷᠣᠨ ᠤ ᠭᠤᠤᠯ ᠱᠤᠭᠤᠮ ᠤᠨ ᠵᠠᠰᠠᠮᠠᠯ ᠵᠠᠮ ᠤᠨ ᠲᠣᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号