ᠰᠢ ᠶᠢᠨ ᠫᠢᠩ ᠬᠠᠷᠢᠭᠤ ᠵᠠᠬᠢᠳᠠᠯ ᠢᠯᠡᠭᠡᠵᠦ ᠦᠬᠠᠨ ᠤ ᠳ᠋ᠦᠩ ᠬᠤ᠋ ᠰᠢᠨ᠎ᠡ ᠬᠤᠳᠠ ᠨᠡᠶᠢᠭᠡᠮ ᠲᠣᠭᠤᠷᠢᠭ ᠤᠨ ᠪᠦᠬᠦ ᠨᠡᠶᠢᠭᠡᠮ ᠲᠣᠭᠤᠷᠢᠭ ᠤᠨ ᠠᠵᠢᠯᠲᠠᠳ ᠢ ᠵᠣᠷᠢᠭᠵᠢᠭᠤᠯᠪᠠ
ᠨᠡᠶᠢᠲᠡᠯᠡᠭᠰᠡᠨ ᠴᠠᠭ᠄
2020/9/30
     ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠵᠢᠯ ᠢ ᠨᠠᠷᠢᠯᠢᠭ ᠪᠣᠳᠠᠲᠠᠶ ᠠᠳᠬᠤᠬᠤ ᠬᠡᠷᠡᠭᠲᠡᠶ᠃      ᠪᠦᠬᠦ ᠰᠡᠳᠬᠢᠯ ᠪᠦᠬᠦ ᠰᠡᠳᠬᠢᠯᠭᠡ ᠪᠠᠷ ᠢᠶᠠᠨ ᠠᠷᠠᠳ ᠲᠦᠮᠡᠨ ᠳᠤ ᠦᠢᠯᠡᠴᠢᠯᠡᠨ᠎ᠡ      ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠭᠡ᠂ ᠳᠤᠮᠳᠠᠳᠤ ᠤᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 4 ᠳ᠋ᠦ᠋ᠭᠡᠷ ᠰᠠᠷ᠎ᠠ ᠶᠢᠨ 8 ᠤ ᠡᠳᠦᠷ ᠦᠬᠠᠨ ᠬᠤᠲᠠ ᠶᠢᠨ ᠳ᠋ᠦᠩ ᠬᠤ᠋ ᠬᠤᠲᠠ ᠶᠢᠨ ᠰᠢᠨ᠎ᠡ ᠬᠤᠲᠠ ᠨᠡᠶᠢᠭᠡᠮ ᠲᠣᠭᠤᠷᠢᠭ ᠤᠨ ᠪᠦᠬᠦ ᠠᠵᠢᠯᠲᠠᠳ ᠲᠤ ᠬᠠᠷᠢᠭᠤ ᠵᠠᠬᠢᠳᠠᠯ ᠢᠯᠡᠭᠡᠵᠦ᠂ ᠬᠤᠲᠠ ᠬᠥᠳᠡᠭᠡ ᠶᠢᠨ ᠥᠷᠭᠡᠨ ᠣᠯᠠᠨ ᠨᠡᠶᠢᠭᠡᠮ ᠲᠣᠭᠤᠷᠢᠭ  ᠤᠨ ᠠᠵᠢᠯᠲᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠡᠴᠡᠯ ᠤᠨ ᠳᠤᠮᠳᠠ ᠦᠵᠡᠭᠦᠯᠦᠭᠰᠡᠨ ᠴᠢᠬᠤᠯᠠ ᠦᠢᠯᠡᠳᠦᠯ ᠢ ᠳᠠᠬᠢᠨᠲᠠ ᠨᠤᠲᠠᠯᠠᠵᠤ᠂ ᠲᠡᠳᠡᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠬᠡᠭᠰᠡᠨ ᠪᠥᠭᠡᠳ ᠲᠡᠳᠡᠨ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠳᠠᠶᠢᠯᠠᠯᠳᠤᠭᠠᠨ᠂ ᠪᠦᠬᠦ ᠲᠠᠯ᠎ᠠ ᠶᠢᠨ ᠳᠠᠶᠢᠯᠠᠯᠳᠤᠭᠠᠨ᠂ ᠬᠤᠷᠢᠭᠯᠠᠨ ᠴᠣᠬᠢᠬᠤ ᠳᠠᠶᠢᠯᠠᠯᠳᠤᠭᠠᠨ ᠢ ᠲᠤᠶᠢᠯᠪᠤᠷᠢᠲᠠᠢ ᠢᠯᠠᠬᠤ ᠳᠤ ᠳᠠᠬᠢᠨᠲᠠ ᠰᠢᠨ᠎ᠡ ᠭᠠᠪᠢᠶ᠎ᠠ ᠪᠠᠶᠢᠭᠤᠯᠬᠤ ᠶᠢ ᠵᠣᠷᠢᠭᠵᠢᠭᠤᠯᠵᠠᠶ᠃      ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠪᠢ ᠦᠬᠠᠨ ᠠᠴᠠ ᠬᠠᠷᠢᠵᠤ ᠢᠷᠡᠭᠰᠡᠨ ᠤ ᠲᠠᠷᠠᠭ᠎ᠠ᠂ ᠦᠬᠠᠨ ᠤ ᠺᠠᠲᠠᠷ ᠣᠯᠠᠨ ᠲᠥᠮᠡᠨ ᠢ ᠢᠮᠠᠭᠲᠠ ᠰᠠᠨᠠᠭᠠᠯᠵᠠᠵᠤ ᠪᠣᠢ᠂ ᠲᠠᠨ ᠤ ᠨᠡᠶᠢᠭᠡᠮ ᠲᠣᠭᠤᠷᠢᠭ ᠢ ᠪᠠᠭᠲᠠᠭᠠᠭᠰᠠᠨ ᠦᠬᠠᠨ ᠤ ᠡᠯ᠎ᠡ ᠨᠡᠶᠢᠭᠡᠮ ᠲᠣᠭᠤᠷᠢᠭ ᠤᠨ ᠠᠮᠢᠳᠤᠷᠠᠯ ᠶᠠᠭ ᠠᠯᠬᠤᠮ ᠠᠯᠬᠤᠮ ᠢᠶᠠᠷ ᠬᠡᠪ ᠤᠨ ᠪᠠᠶᠢᠳᠠᠯ ᠳᠠᠭᠠᠨ ᠣᠷᠣᠵᠤ ᠪᠠᠶᠢᠭ᠎ᠠ  ᠶᠢ ᠬᠠᠷᠠᠭᠠᠳ᠂ ᠪᠢ ᠮᠠᠰᠢ ᠪᠠᠶᠠᠷᠯᠠᠵᠤ ᠪᠠᠶᠢᠨ᠎ᠠ᠃      ᠰᠢ ᠶᠢᠨ ᠫᠢᠩ ᠵᠢᠭᠠᠬᠤ ᠳᠠᠭᠠᠨ᠂ ᠡᠨᠡ ᠤᠳᠠᠭᠠᠨ ᠤ ᠤᠷᠢᠳ ᠡᠮᠦᠨ᠎ᠡ ᠪᠠᠶᠢᠭ᠎ᠠ ᠥᠬᠡᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠡᠴᠡᠯ ᠤᠨ ᠳᠤᠮᠳᠠ᠂ ᠬᠤᠲᠠ ᠬᠥᠳᠡᠭᠡ ᠶᠢᠨ ᠥᠷᠭᠡᠨ ᠣᠯᠠᠨ ᠨᠡᠶᠢᠭᠡᠮ ᠲᠣᠭᠤᠷᠢᠭ ᠤᠨ ᠠᠵᠢᠯᠲᠠᠳ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠳᠤ ᠣᠷᠣᠯᠴᠠᠭᠰᠠᠨ ᠡᠯ᠎ᠡ ᠲᠠᠯ᠎ᠠ ᠶᠢᠨ ᠬᠥᠮᠦᠰ ᠲᠠᠢ ᠬᠠᠮᠲᠤ ᠪᠠᠷ ᠠᠶᠤᠯ ᠲᠦᠭᠰᠢᠭᠦᠷᠢ ᠠᠴᠠ ᠠᠶᠤᠬᠤ ᠥᠬᠡᠶ᠂ ᠪᠦᠯᠬᠦᠮᠳᠡᠨ ᠲᠡᠮᠡᠴᠡᠵᠦ᠂ ᠢᠯᠠᠩᠭᠤᠶ᠎ᠠ ᠨᠡᠶᠢᠭᠡᠮ ᠲᠣᠭᠤᠷᠢᠭ ᠤᠨ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠳ ᠪᠡᠶ᠎ᠡ ᠪᠠᠷ ᠢᠶᠠᠨ ᠬᠡᠪ ᠲᠦᠷᠢᠮ ᠪᠣᠯᠵᠣ᠂ ᠬᠤᠰᠢᠭᠤᠷᠠᠨ ᠭᠠᠪᠰᠢᠭᠠᠶᠢᠯᠠᠵᠤ᠂ ᠬᠠᠮᠲᠤᠷᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠬᠦᠴᠦᠷᠬᠡᠭ ᠶᠡᠭᠡ ᠬᠦᠴᠦᠨ ᠢ ᠪᠣᠢ ᠪᠣᠯᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠳᠠᠶᠢᠯᠠᠯᠳᠤᠭᠠᠨ ᠤ ᠠᠤᠭ᠎ᠠ ᠬᠦᠴᠦᠨ ᠢ ᠭᠦᠢᠴᠡᠳ ᠢᠯᠡᠷᠡᠭᠦᠯᠪᠡ᠃      ᠰᠢ ᠶᠢᠨ ᠫᠢᠩ ᠤᠨ ᠴᠢᠩᠭᠠᠳᠬᠠᠭᠰᠠᠨ ᠨᠢ᠂ ᠦᠬᠠᠨ ᠡᠳᠦᠭᠡ ᠨᠢᠭᠡᠨᠲᠡ ᠦᠬᠠᠨ ᠠᠴᠠ ᠰᠠᠯᠵᠤ ᠬᠤᠪᠸᠢ  ᠠᠴᠠ ᠰᠠᠯᠬᠤ ᠵᠠᠮ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠬᠦᠴᠦᠨ ᠦᠭᠡᠢ ᠪᠣᠯᠭᠠᠭᠰᠠᠨ ᠪᠣᠯᠪᠠᠴᠤ ᠰᠡᠷᠭᠡᠶᠢᠯᠡᠨ ᠡᠵᠡᠮᠳᠡᠬᠦ ᠡᠭᠦᠷᠭᠡ ᠶᠢ ᠰᠤᠯᠠᠷᠠᠭᠤᠯᠵᠤ ᠪᠣᠯᠬᠤ ᠦᠭᠡᠢ᠃ ᠨᠡᠶᠢᠭᠡᠮ ᠲᠣᠭᠤᠷᠢᠭ ᠨᠢ ᠮᠥᠨ ᠴᠦ ᠭᠠᠳᠠᠨ᠎ᠠ  ᠠᠴᠠ ᠣᠷᠤᠭᠤᠯᠬᠤ ᠶᠢ ᠰᠡᠷᠭᠡᠶᠢᠯᠡᠵᠦ᠂ ᠳᠣᠲᠣᠭᠠᠳᠤ ᠳᠤ ᠳᠠᠬᠢᠨ ᠢᠯᠡᠷᠡᠬᠦ ᠶᠢ ᠰᠡᠷᠭᠡᠶᠢᠯᠡᠬᠦ ᠴᠢᠬᠤᠯᠠ ᠰᠡᠷᠭᠡᠶᠢᠯᠡᠯᠲᠡ ᠶᠢᠨ ᠱᠤᠭᠤᠮ ᠪᠣᠯᠤᠨ᠎ᠠ᠂ ᠵᠠᠩᠭᠢᠯᠠᠭ᠎ᠠ ᠨᠢ ᠰᠢᠨ᠎ᠡ ᠪᠠᠶᠢᠳᠠᠯ ᠳᠣᠣᠷᠠᠬᠢ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠶᠠᠪᠤᠳᠠᠯ ᠪᠣᠯᠤᠨ᠎ᠠ᠃ ᠲᠠᠨᠠᠷ ᠢ ᠬᠦᠰᠡᠬᠦ ᠨᠢ ᠦᠷᠭᠦᠯᠵᠢᠯᠡᠨ ᠪᠠᠶᠢᠯᠳᠤᠬᠤ ᠰᠤᠷᠲᠠᠯ ᠵᠶ᠋ᠠᠨ‌‍ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠨᠠᠷᠢᠯᠢᠭ ᠪᠣᠳᠠᠲᠠᠢ ᠠᠳᠬᠤᠨ᠂ ᠰᠡᠳᠬᠢᠯ ᠵᠢᠷᠦᠬᠡᠨ ᠠᠴᠠ ᠪᠠᠨ ᠤᠯᠠᠨ ᠲᠦᠮᠡᠨ ᠳᠤ ᠦᠢᠯᠡᠴᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ᠂ ᠬᠤᠷᠢᠭᠯᠠᠨ ᠴᠣᠬᠢᠬᠤ ᠳᠠᠶᠢᠯᠠᠯᠳᠤᠭᠠᠨ ᠢ ᠲᠤᠶᠢᠯᠪᠤᠷᠢᠲᠠᠢ ᠢᠯᠠᠬᠤ ᠳᠤ ᠲᠠᠬᠢᠨ ᠰᠢᠨ᠎ᠡ ᠭᠠᠪᠢᠶ᠎ᠠ ᠪᠠᠶᠢᠭᠤᠯᠲᠤᠭᠠᠢ᠃      ᠨᠡᠶᠢᠭᠡᠮ ᠲᠣᠭᠤᠷᠢᠭ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠡᠮᠦᠨ᠎ᠡ ᠹᠷᠣᠨᠲ ᠪᠣᠯᠤᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠪᠦᠬᠦ ᠤᠯᠤᠰ ᠤᠨ 400 ᠭᠠᠷᠤᠢ ᠲᠦᠮᠡᠨ ᠨᠡᠶᠢᠭᠡᠮ ᠲᠣᠭᠤᠷᠢᠭ ᠤᠨ ᠠᠵᠢᠯᠲᠠᠨ ᠨᠢᠭᠡᠳᠦᠭᠡᠷ ᠹᠷᠣᠨᠲ ᠢ ᠪᠠᠲᠤ ᠰᠠᠬᠢᠵᠤ᠂ 65 ᠲᠦᠮᠡᠨ ᠬᠤᠲᠠ ᠬᠥᠳᠡᠭᠡ ᠶᠢᠨ ᠨᠡᠶᠢᠭᠡᠮ ᠲᠣᠭᠤᠷᠢᠭ ᠨᠢ ᠬᠢᠵᠢᠭ ᠤᠨ ᠪᠠᠶᠢᠳᠠᠯ ᠢ ᠬᠢᠨᠠᠨ ᠬᠡᠮᠵᠢᠬᠦ᠂ ᠣᠷᠣᠵᠤ ᠭᠠᠷᠬᠤ ᠶᠢ ᠬᠠᠮᠢᠶᠠᠷᠬᠤ᠂ ᠤᠬᠠᠭᠤᠯᠤᠨ ᠬᠦᠮᠦᠵᠢᠭᠦᠯᠬᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠦᠴᠢᠷᠳᠡᠯ ᠢ ᠬᠠᠪᠰᠤᠷᠤᠨ ᠲᠡᠳᠬᠦᠬᠦ ᠵᠡᠷᠭᠡ ᠠᠵᠢᠯ ᠢ ᠬᠢᠵᠦ᠂ ᠬᠢᠵᠢᠭ ᠤᠨ ᠪᠠᠶᠢᠳᠠᠯ ᠤᠨ ᠥᠷᠭᠡᠵᠢᠨ ᠳᠡᠯᠭᠡᠷᠡᠬᠦ ᠶᠢ ᠬᠤᠷᠢᠭᠯᠠᠬᠤ᠂ ᠣᠯᠠᠨ ᠲᠦᠮᠡᠨ ᠤ ᠠᠮᠢᠳᠤᠷᠠᠯ ᠢ ᠪᠠᠲᠤᠯᠠᠬᠤ ᠳᠤ ᠴᠢᠬᠤᠯᠠ ᠪᠦᠬᠦᠢ ᠬᠤᠪᠢ ᠨᠡᠮᠡᠷᠢ ᠪᠠᠨ ᠦᠵᠡᠭᠦᠯᠵᠡᠶ᠃ ᠶᠡᠷᠦᠩᠬᠡᠢ ᠱᠦᠵᠢ ᠰᠢ ᠶᠢᠨ ᠫᠢᠩ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠠᠨ ᠤᠳᠠᠭ᠎ᠠ ᠴᠢᠬᠤᠯᠠ ᠵᠢᠭᠠᠪᠤᠷᠢ ᠥᠭᠴᠦ᠂ ᠨᠡᠶᠢᠭᠡᠮ ᠲᠣᠭᠤᠷᠢᠭ ᠤᠨ ᠠᠵᠢᠯᠲᠠᠳ ᠢ ᠦᠨᠡᠯᠡᠨ ᠨᠤᠲᠠᠯᠠᠭᠰᠠᠨ ᠪᠥᠭᠡᠳ ᠪᠠᠰᠠ ᠤᠷᠢᠳ ᠬᠤᠵᠢᠳ ᠪᠡᠭᠡᠵᠢᠩ ᠬᠤᠳᠠ ᠶᠢᠨ ᠠᠨ ᠬᠤᠸᠠ ᠯᠢ ᠨᠡᠶᠢᠭᠡᠮ ᠲᠣᠭᠤᠷᠢᠭ᠂ ᠦᠬᠠᠨ ᠬᠤᠳᠠ ᠶᠢᠨ ᠳ᠋ᠦᠩ ᠬᠤ᠋ ᠰᠢᠨ᠎ᠡ ᠬᠤᠲᠠ ᠨᠡᠶᠢᠭᠡᠮ ᠲᠣᠭᠤᠷᠢᠭ ᠲᠤ ᠰᠢᠨᠵᠢᠯᠡᠨ ᠪᠠᠶᠢᠴᠠᠭᠠᠵᠤ ᠲᠣᠬᠤᠨᠢᠭᠤᠯᠪᠠ᠃ ᠣᠶᠢᠷ᠎ᠠ ᠳᠤ᠂ ᠦᠬᠠᠨ ᠬᠤᠲᠠ ᠶᠢᠨ ᠳ᠋ᠦᠩ ᠬᠤ᠋ ᠰᠢᠨ᠎ᠡ ᠬᠤᠲᠠ ᠨᠡᠶᠢᠭᠡᠮ ᠲᠣᠭᠤᠷᠢᠭ ᠤᠨ ᠪᠥᠬᠦ ᠠᠵᠢᠯᠲᠠᠨ ᠶᠡᠷᠦᠩᠬᠡᠶ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠶᠡᠷᠦᠩᠬᠡᠶ ᠱᠦᠵᠢ ᠪᠣᠯᠤᠨ ᠨᠠᠮ ᠤᠨ ᠲᠥᠪ ᠬᠤᠷᠢᠶ᠎ᠠ ᠳᠤ ᠪᠠᠶᠠᠷᠯᠠᠨ ᠲᠠᠯᠠᠷᠬᠠᠭᠰᠠᠨ ᠰᠡᠳᠬᠢᠯᠭᠡ ᠪᠠᠨ ᠢᠯᠡᠳᠬᠡᠭᠰᠡᠨ ᠪᠦᠭᠡᠳ ᠪᠠᠲᠤ ᠪᠠᠬᠢᠯᠡᠯᠲᠡ ᠪᠠᠨ ᠦᠷᠭᠦᠯᠵᠢᠯᠡᠨ ᠰᠠᠶᠢᠲᠤᠷ ᠰᠠᠬᠢᠵᠤ᠂ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠡᠷᠡᠰ ᠵᠣᠷᠢᠭ ᠢᠶᠠᠨ ᠢᠯᠡᠳᠬᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号