ᠴᠢᠩ ᠱᠦᠶ ᠾᠧ ᠰᠢᠶᠠᠨ ᠤ ᠬᠠᠭᠤᠴᠢᠨ 109 ᠤᠯᠤᠰ ᠤᠨ ᠵᠠᠮ ᠤᠨ ᠲᠢᠶᠠᠨ ᠵᠢᠩ ᠠᠴᠠ ᠯᠦ ᠼᠤᠤ ᠭᠧ ᠳ᠋ᠦᠩ ᠬᠥᠷᠬᠦ ᠬᠡᠰᠡᠭ ᠤᠨ ᠬᠥᠳᠡᠭᠡ ᠲᠣᠰᠬᠤᠨ ᠤ ᠵᠠᠮ ᠢ ᠬᠠᠲᠠᠭᠤᠷᠠᠭᠤᠯᠬᠤ ᠪᠠᠷᠢᠯᠭ᠎ᠠ ᠶᠢᠨ ᠠᠵᠢᠯ ᠬᠢᠬᠦ ᠳᠠᠭᠠᠭᠠᠴᠢᠯᠠᠯᠲᠠ ᠵᠠᠷᠯᠠᠬᠤ ᠠᠯᠪᠠᠨ ᠵᠠᠷ
ᠨᠡᠶᠢᠲᠡᠯᠡᠭᠰᠡᠨ ᠴᠠᠭ᠄
2021/1/28
ᠴᠢᠩ ᠱᠦᠶ ᠾᠧ ᠰᠢᠶᠠᠨ ᠤ ᠬᠠᠭᠤᠴᠢᠨ 109 ᠤᠯᠤᠰ ᠤᠨ ᠵᠠᠮ ᠤᠨ ᠲᠢᠶᠠᠨ ᠵᠢᠩ ᠠᠴᠠ ᠯᠦ ᠼᠤᠤ ᠭᠧ ᠳ᠋ᠦᠩ ᠬᠦᠷᠬᠦ ᠬᠡᠰᠡᠭ ᠤᠨ ᠬᠥᠳᠡᠭᠡ ᠲᠣᠰᠬᠤᠨ ᠤ ᠵᠠᠮ ᠢ ᠬᠠᠲᠠᠭᠤᠷᠠᠭᠤᠯᠬᠤ ᠪᠠᠷᠢᠯᠭ᠎ᠠ ᠶᠢᠨ ᠠᠵᠢᠯ ᠳᠠᠭᠠᠭᠠᠴᠢᠯᠠᠯᠲᠠ ᠵᠠᠷᠯᠠᠬᠤ ᠠᠯᠪᠠᠨ ᠵᠠᠷ ᠲᠥᠷᠥᠯ ᠵᠦᠢᠯ ᠤᠨ ᠳ᠋ᠤᠭᠠᠷ᠄ ᠬᠥᠬᠡᠬᠤᠲᠠ ᠵᠠᠮ ᠪᠠᠯᠠ ᠵᠠᠮ ᠦᠰᠦᠭ [ 2020 ]- ᠵᠠᠮ ᠬᠠᠷᠢᠯᠴᠠᠭ᠎ᠠ- ᠢᠯᠡ ᠨᠡᠶᠢᠲᠡᠯᠡᠬᠦ - 0025  1 . ᠳᠠᠭᠠᠭᠠᠴᠢᠯᠠᠯᠲᠠ ᠵᠠᠷᠯᠠᠬᠤ ᠨᠥᠬᠦᠴᠡᠯ  ᠴᠢᠩ ᠱᠦᠶ ᠾᠧ ᠰᠢᠶᠠᠨ ᠤ ᠬᠠᠭᠤᠴᠢᠨ 109 ᠤᠯᠤᠰ ᠤᠨ ᠵᠠᠮ ᠤᠨ ᠲᠢᠶᠠᠨ ᠵᠢᠩ ᠠᠴᠠ ᠯᠦ ᠼᠤᠤ ᠭᠧ ᠳ᠋ᠦᠩ ᠬᠥᠷᠬᠦ ᠬᠡᠰᠡᠭ ᠤᠨ ᠬᠥᠳᠡᠭᠡ ᠲᠣᠰᠬᠤᠨ ᠤ ᠵᠠᠮ ᠢ ᠬᠠᠲᠠᠭᠤᠷᠠᠭᠤᠯᠬᠤ ᠪᠠᠷᠢᠯᠭ᠎ᠠ ᠶᠢ ᠨᠢᠭᠡᠨᠲᠡ ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ︽ᠴᠢᠩ ᠱᠦᠶ ᠾᠧ ᠰᠢᠶᠠᠨ ᠤ ᠬᠠᠭᠤᠴᠢᠨ 109 ᠤᠯᠤᠰ ᠤᠨ ᠵᠠᠮ ᠤᠨ ᠲᠢᠶᠠᠨ ᠵᠢᠩ ᠠᠴᠠ ᠯᠦ ᠼᠤᠤ ᠭᠧ ᠳ᠋ᠦᠩ ᠬᠥᠷᠬᠦ ᠬᠡᠰᠡᠭ ᠤᠨ ᠬᠥᠳᠡᠭᠡ ᠲᠣᠰᠬᠤᠨ ᠤ ᠵᠠᠮ ᠢ ᠬᠠᠲᠠᠭᠤᠷᠠᠭᠤᠯᠬᠤ ᠪᠠᠷᠢᠯᠭ᠎ᠠ ᠶᠢᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠵᠢᠷᠤᠭ ᠢ ᠵᠢᠷᠤᠵᠤ ᠲᠥᠯᠥᠪᠯᠡᠭᠰᠡᠨ ᠴᠣᠬᠤᠯᠠᠪᠤᠷᠢ︾ ︵ᠬᠥᠬᠡᠬᠤᠲᠠ ᠵᠠᠮ  ᠲᠠᠷᠬᠠᠭᠠᠭᠰᠠᠨ [ 2020 ] 487 ᠳ᠋ᠤᠭᠠᠷ ᠲᠣᠭᠠᠲᠤ︶ ᠶᠢᠨ ᠪᠢᠴᠢᠭ ᠮᠠᠲ᠋ᠧᠷᠢᠶᠠᠯ ᠳᠤ ᠵᠥᠪᠰᠢᠶᠡᠷᠡᠪᠡ᠃ ᠳᠠᠭᠠᠭᠠᠴᠢᠯᠠᠯᠲᠠ ᠵᠠᠷᠯᠠᠭᠴᠢ ︵ᠲᠥᠷᠥᠯ ᠵᠦᠢᠯ ᠤᠨ ᠥᠮᠴᠢᠲᠡᠨ︶ ᠪᠣᠯ ᠴᠢᠩ ᠱᠦᠶ ᠾᠧ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠣᠯᠤᠨ᠎ᠠ᠂ ᠪᠠᠷᠢᠯᠭ᠎ᠠ ᠶᠢᠨ ᠬᠡᠷᠡᠭᠰᠡᠬᠦ ᠪᠠᠯᠠ ᠮᠥᠩᠭᠦ ᠶᠢᠨ ᠢᠷᠡᠯᠲᠡ ᠳᠤ ᠤᠯᠤᠰ ᠤᠨ ᠥᠮᠴᠢᠯᠡᠯ ᠤᠨ ᠪᠠᠯᠠ ᠣᠷᠣᠭᠤᠯᠤᠯᠲᠠ 100% ︵ᠡᠭᠦᠨ ᠳᠤ᠄ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠨᠢ 100%᠂ ᠥᠪᠡᠰᠦᠪᠡᠨ ᠴᠤᠭᠯᠠᠭᠤᠯᠤᠭᠰᠠᠨ ᠨᠢ 0.00%︶ ᠪᠠᠶᠢᠵᠤ᠂ ᠤᠯᠤᠰ ᠤᠨ ᠥᠮᠴᠢᠯᠡᠯ ᠤᠨ ᠪᠤᠰᠤ ᠪᠠᠯᠠ ᠣᠷᠣᠭᠤᠯᠤᠯᠲᠠ ᠨᠢ 0.00% ᠪᠠᠶᠢᠵᠤ᠂ ᠪᠠᠷᠢᠯᠭ᠎ᠠ ᠳᠤ 1873 . 9918 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠃ ᠳᠠᠭᠠᠭᠠᠴᠢᠯᠠᠯᠲᠠ ᠵᠠᠷᠯᠠᠬᠤ ᠣᠷᠣᠯᠠᠭᠴᠢ ᠪᠣᠯ ᠵᠥᠩ ᠳ᠋ᠡ ᠢᠦᠶ ᠴᠧᠨ ᠲᠥᠷᠥᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠃ ᠲᠥᠷᠥᠯ ᠵᠦᠢᠯ ᠨᠢ ᠳᠠᠭᠠᠭᠠᠴᠢᠯᠠᠯᠲᠠ ᠵᠠᠷᠯᠠᠬᠤ ᠨᠥᠬᠦᠴᠡᠯ ᠢ ᠨᠢᠭᠡᠨᠲᠡ ᠪᠦᠷᠢᠯᠳᠦᠭᠦᠯᠵᠦ᠂ ᠡᠳᠦᠭᠡ ᠲᠤᠰ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠳᠤ ᠢᠯᠡ ᠪᠠᠷ ᠳᠠᠭᠠᠭᠠᠴᠢᠯᠠᠯᠲᠠ ᠵᠠᠷᠯᠠᠵᠤ ᠪᠠᠶᠢᠨ᠎ᠠ᠃2 . ᠲᠥᠷᠥᠯ ᠵᠦᠢᠯ ᠤᠨ ᠲᠦᠢᠮᠣ ᠪᠠᠶᠢᠳᠠᠯ ᠪᠠ ᠳᠠᠭᠠᠭᠠᠴᠢᠯᠠᠯᠲᠠ ᠵᠠᠷᠯᠠᠬᠤ ᠬᠡᠪᠴᠢᠶ᠎ᠡ 2.1 ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠦᠢᠮᠣ ᠪᠠᠶᠢᠳᠠᠯ᠂ ᠪᠠᠷᠢᠮᠵᠢᠶ᠎ᠠ᠄  ᠡᠬᠢᠯᠡᠯᠲᠡ ᠶᠢᠨ ᠴᠡᠭ ᠨᠢ ᠲᠢᠶᠠᠨ ᠵᠢᠩ ᠲᠣᠰᠬᠤᠨ᠂ ᠲᠡᠭᠦᠰᠭᠡᠯ ᠤᠨ ᠴᠡᠭ ᠨᠢ ᠯᠦ ᠼᠤᠤ ᠭᠧ ᠳ᠋ᠦᠩ ᠲᠣᠰᠬᠤᠨ ᠳᠤ ᠪᠠᠶᠢᠷᠢᠯᠠᠵᠤ᠂ ᠪᠥᠬᠦ ᠣᠷᠳᠣ ᠨᠢ 15.1 ᠺᠢᠯᠣᠮᠧᠲᠷ ᠪᠣᠯᠤᠨ᠎ᠠ᠃ ᠵᠠᠮ ᠱᠤᠭᠤᠮ ᠨᠢ ᠭᠠᠳᠢᠷ᠎ᠠ ᠶᠢᠨ ᠭᠤᠤ᠂  ᠱᠤᠸᠠᠩ ᠲᠠᠢ ᠽᠢ ᠲᠣᠰᠬᠤᠨ᠂ ᠵᠢᠵᠢᠭ ᠵᠢᠶᠦᠦ ᠨᠢ ᠭᠧᠦ ᠪᠣᠯᠤᠨ ᠬᠤᠩ ᠲᠤ ᠭᠧᠦ ᠵᠡᠷᠭᠡ 4 ᠲᠣᠰᠬᠤᠨ ᠢᠶᠠᠷ ᠳᠠᠷᠠᠭᠠᠯᠠᠨ ᠥᠩᠭᠡᠷᠡᠵᠦ᠂ ᠵᠢᠷᠤᠭ ᠲᠥᠯᠥᠪᠯᠡᠭᠡ ᠶᠢᠨ ᠪᠠᠷᠢᠮᠵᠢᠶ᠎ᠠ ᠨᠢ ᠭᠤᠷᠪᠠᠳᠤᠭᠠᠷ ᠳᠡᠰ ᠤᠨ ᠵᠠᠰᠠᠮᠠᠯ ᠵᠠᠮ᠂ ᠵᠠᠮ ᠤᠨ ᠰᠠᠭᠤᠷᠢ ᠶᠢᠨ ᠥᠷᠭᠡᠨ ᠨᠢ 8.5 ᠮᠧᠲᠷ᠂ ᠵᠠᠮ ᠤᠨ ᠭᠠᠳᠠᠷᠭᠤ ᠶᠢᠨ ᠥᠷᠭᠡᠨ ᠨᠢ 7.0 ᠮᠧᠲᠷ᠂ ᠵᠠᠮ ᠤᠨ ᠭᠠᠳᠠᠷᠭᠤ ᠨᠢ 18 ᠰᠡᠨᠲ᠋ᠢᠮᠧᠲᠷ ᠤᠨ ᠱᠦᠢᠨᠢ ᠶᠢᠨ ᠬᠤᠯᠢᠮᠠᠭ ᠰᠢᠪᠠᠷ ᠤᠨ ᠳᠠᠪᠬᠤᠷᠭ᠎ᠠ ᠪᠣᠯᠤᠨ᠎ᠠ᠃ ᠬᠠᠭᠤᠴᠢᠨ ᠵᠠᠮ ᠤᠨ ᠪᠠᠶᠢᠳᠠᠯ᠄ ᠬᠠᠭᠤᠴᠢᠨ ᠵᠠᠮ ᠤᠨ ᠭᠠᠳᠠᠷᠭᠤ ᠶᠢᠨ ᠳᠠᠪᠬᠤᠷᠭ᠎ᠠ ᠨᠢ 4 ᠰᠡᠨᠲ᠋ᠢᠮᠧᠲᠷ ᠤᠨ AC-16 ᠨᠠᠷᠢᠨ ᠮᠥᠬᠦᠯᠢᠭᠲᠦ ᠪᠠᠷᠤᠭᠰᠢᠨ ᠪᠧᠲ᠋ᠤᠨ ᠤ ᠳᠠᠪᠬᠤᠷᠭ᠎ᠠ᠂ ᠦᠨᠳᠦᠰᠦᠨ ᠳᠠᠪᠬᠤᠷᠭ᠎ᠠ ᠨᠢ 20 ᠰᠡᠨᠲ᠋ᠢᠮᠧᠲᠷ ᠤᠨ ᠱᠦᠢᠨᠢ ᠲᠣᠭᠲᠠᠭᠤᠨ ᠬᠡᠮᠬᠡᠷᠬᠡᠶ ᠴᠢᠯᠠᠭᠤ᠂ ᠳᠡᠪᠢᠰᠦᠭᠰᠡᠨ ᠳᠠᠪᠬᠤᠷᠭ᠎ᠠ ᠨᠢ 20 ᠰᠡᠨᠲ᠋ᠢᠮᠧᠲᠷ ᠤᠨ ᠵᠤᠵᠠᠭᠠᠨ ᠪᠠᠶᠢᠭᠠᠯᠢ ᠶᠢᠨ ᠬᠠᠶᠢᠷ ᠴᠢᠯᠠᠭᠤ ᠪᠣᠯᠤᠨ᠎ᠠ᠃ ᠣᠯᠠᠩᠬᠢ ᠬᠠᠭᠤᠴᠢᠨ ᠵᠠᠮ ᠤᠨ ᠰᠠᠭᠤᠷᠢ ᠶᠢᠨ ᠪᠠᠶᠢᠳᠠᠯ ᠰᠠᠶᠢᠨ᠃ ᠲᠣᠰ ᠵᠠᠮ ᠤᠨ ᠬᠡᠰᠡᠭ ᠪᠠᠶᠢᠭᠤᠯᠤᠭᠳᠠᠵᠤ ᠲᠡᠷᠭᠡ ᠨᠡᠪᠲᠡᠷᠡᠭᠡᠳ ᠨᠢᠭᠡᠨᠲᠡ ᠣᠯᠠᠨ ᠵᠢᠯ ᠪᠣᠯᠵᠤ᠂ ᠶᠡᠬᠡᠩᠬᠢ ᠬᠡᠰᠡᠭ ᠵᠠᠮ ᠤᠨ ᠡᠵᠡᠩᠨᠡᠯᠲᠡ ᠶᠢᠨ ᠪᠠᠶᠢᠳᠠᠯ ᠰᠠᠶᠢᠨ ᠪᠠᠶᠢᠨ᠎ᠠ᠃ ᠣᠶᠢᠷ᠎ᠠ ᠶᠢᠨ ᠵᠢᠯ ᠤᠨ ᠵᠠᠮ ᠬᠠᠷᠢᠯᠴᠠᠭᠠᠨ ᠤ ᠨᠡᠮᠡᠭᠳᠡᠬᠦ ᠶᠢ ᠳᠠᠭᠠᠯᠳᠤᠨ᠂ ᠬᠡᠰᠡᠭ ᠵᠠᠮ ᠤᠨ ᠬᠡᠰᠡᠭ ᠤᠨ ᠵᠠᠮ ᠤᠨ ᠭᠠᠳᠠᠷᠭᠤ ᠶᠢᠨ ᠡᠪᠡᠳᠴᠢᠨ ᠤ ᠬᠥᠨᠥᠭᠡᠯ ᠲᠦᠷᠭᠡᠨ ᠨᠡᠮᠡᠭᠳᠡᠵᠦ᠂ ᠵᠠᠮ ᠡᠪᠳᠡᠭᠳᠡᠬᠦ ᠨᠢ ᠵᠢᠭᠳᠡ ᠪᠤᠰᠤ᠂ ᠵᠠᠮ ᠤᠨ ᠬᠠᠵᠠᠭᠤ ᠬᠡᠰᠡᠭ ᠡᠪᠳᠡᠭᠳᠡᠬᠦ ᠪᠠ ᠵᠠᠮ ᠴᠥᠮᠥᠷᠡᠬᠦ᠂ ᠵᠠᠮ ᠤᠨ ᠰᠠᠭᠤᠷᠢ ᠤᠷᠪᠠᠭ᠋ᠤ ᠦᠵᠡᠭᠳᠡᠯ ᠭᠠᠷᠴᠤ ᠪᠠᠶᠢᠨ᠎ᠠ᠃ 2.2 ᠳᠠᠭᠠᠭᠠᠴᠢᠯᠠᠯᠲᠠ ᠶᠢᠨ ᠬᠡᠰᠡᠭ ᠤᠨ ᠬᠤᠪᠢᠶᠠᠷᠢᠯᠠᠯ ᠵᠢᠴᠢ ᠳᠠᠭᠠᠭᠠᠴᠢᠯᠠᠯᠲᠠ ᠵᠠᠷᠯᠠᠬᠤ ᠬᠡᠪᠴᠢᠶ᠎ᠡᠲᠤᠰ ᠲᠥᠷᠥᠯ ᠵᠦᠢᠯ ᠤᠨ ᠪᠠᠷᠢᠯᠭ᠎ᠠ ᠪᠠᠷᠢᠬᠤ ᠳᠠᠭᠠᠭᠠᠴᠢᠯᠠᠯᠲᠠ ᠵᠠᠷᠯᠠᠬᠤ ᠳᠤ 1 ᠳᠠᠭᠠᠭᠠᠴᠢᠯᠠᠯᠲᠠ ᠶᠢᠨ ᠬᠡᠰᠡᠭ ᠭᠠᠷᠭᠠᠵᠤ᠂ ᠳᠠᠭᠠᠭᠠᠴᠢᠯᠠᠯᠲᠠ ᠵᠠᠷᠯᠠᠬᠤ ᠬᠡᠪᠴᠢᠶᠡᠨ ᠲᠤ ᠳᠠᠭᠠᠭᠠᠴᠢᠯᠠᠯᠲᠠ ᠶᠢᠨ ᠬᠡᠰᠡᠭ ᠤᠨ ᠬᠡᠪᠴᠢᠶᠡᠨ ᠳᠣᠲᠣᠷᠠᠬᠢ ᠵᠠᠮ ᠤᠨ ᠰᠠᠭᠤᠷᠢ᠂ ᠵᠠᠮ ᠤᠨ ᠭᠠᠳᠠᠷᠭᠤ᠂ ᠬᠠᠪᠲᠠᠭᠠᠢ ᠰᠣᠯᠪᠢᠴᠠᠯ᠂ ᠵᠠᠮ ᠬᠠᠷᠢᠯᠴᠠᠭᠠᠨ ᠤ ᠠᠮᠤᠷ ᠲᠦᠪᠰᠢᠨ ᠤ ᠲᠦᠭᠦᠭᠡᠷᠦᠮᠵᠢ ᠬᠢᠭᠡᠳ ᠨᠣᠭᠤᠭᠠᠷᠠᠭᠤᠯᠤᠯᠲᠠ ᠵᠡᠷᠭᠡ ᠪᠠᠷᠢᠯᠭ᠎ᠠ ᠶᠢ ᠬᠡᠷᠡᠭᠵᠢᠭᠦᠯᠬᠦ᠂ ᠪᠡᠶᠡᠯᠡᠭᠦᠯᠬᠦ ᠵᠢᠴᠢ ᠳᠤᠲᠠᠭᠳᠠᠯ ᠢ ᠨᠢ ᠰᠡᠯᠪᠢᠨ ᠵᠠᠰᠠᠬᠤ ᠶᠢ ᠪᠠᠭᠲᠠᠨ᠎ᠠ᠂ ᠪᠣᠳᠠᠲᠠᠢ ᠳᠠᠭᠠᠭᠠᠴᠢᠯᠠᠯᠲᠠ ᠶᠢᠨ ᠬᠡᠰᠡᠭ ᠢ ᠬᠤᠪᠢᠶᠠᠭᠰᠠᠨ ᠪᠠᠶᠢᠳᠠᠯ ᠢ ᠳᠣᠣᠷᠠᠬᠢ ᠬᠦᠰᠦᠨᠦᠭᠲᠦ ᠳᠤ ᠦᠵᠡ᠄
2.3 ᠲᠥᠯᠥᠪᠯᠡᠭᠰᠡᠨ ᠠᠵᠢᠯ ᠤᠨ ᠬᠤᠭᠤᠴᠠᠭ᠎ᠠ᠄ 2021 ᠣᠨ ᠤ 3 ᠳ᠋ᠤᠭᠠᠷ ᠰᠠᠷ᠎ᠠ ᠶᠢᠨ 15 ᠤ ᠡᠳᠦᠷ ᠠᠵᠢᠯ ᠢᠶᠠᠨ ᠡᠬᠢᠯᠡᠭᠦᠯᠵᠦ᠂ 2021 ᠣᠨ ᠤ 11 ᠳ᠋ᠦ᠋ᠭᠡᠷ ᠰᠠᠷ᠎ᠠ ᠶᠢᠨ 15 ᠤ ᠡᠳᠦᠷ ᠠᠵᠢᠯ ᠢᠶᠠᠨ ᠳᠠᠭᠤᠰᠬᠠᠨ᠎ᠠ᠂ ᠨᠡᠶᠢᠲᠡ 246 ᠴᠠᠭ ᠤᠯᠠᠷᠢᠯ ᠤᠨ ᠡᠳᠦᠷ ᠢ ᠥᠩᠭᠡᠷᠡᠭᠡᠨ᠎ᠡ᠃ ᠳᠤᠲᠠᠭᠳᠠᠯ ᠤᠨ ᠬᠠᠷᠢᠭᠤᠴᠠᠯᠭ᠎ᠠ ᠶᠢᠨ ᠬᠤᠭᠤᠴᠠᠭ᠎ᠠ ᠨᠢ 2 ᠵᠢᠯ᠃ ᠳᠡᠭᠡᠷ᠎ᠡ ᠳᠤᠷᠠᠳᠤᠭᠰᠠᠨ ᠠᠵᠢᠯ ᠡᠬᠢᠯᠡᠭᠦᠯᠬᠦ᠂ ᠠᠵᠢᠯ ᠳᠠᠭᠤᠰᠬᠠᠬᠤ ᠡᠳᠦᠷ ᠬᠤᠭᠤᠴᠠᠭ᠎ᠠ ᠶᠢ ᠵᠥᠪᠬᠡᠨ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠶᠢᠨ ᠨᠢᠭᠡᠳᠦᠯᠲᠡᠶ ᠪᠠᠷᠢᠮᠵᠢᠶ᠎ᠠ ᠪᠣᠯᠭᠠᠵᠤ᠂ ᠪᠣᠳᠠᠲᠠᠶ ᠠᠵᠢᠯ ᠡᠬᠢᠯᠡᠭᠦᠯᠬᠦ ᠡᠳᠦᠷ ᠬᠤᠭᠤᠴᠠᠭ᠎ᠠ ᠶᠢ ᠲᠥᠷᠥᠯ ᠵᠦᠢᠯ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ 2.4 ᠪᠠᠷᠢᠯᠭ᠎ᠠ ᠶᠢᠨ ᠶᠠᠰᠤ ᠴᠢᠨᠠᠷ᠂ ᠠᠮᠤᠷ ᠲᠦᠪᠰᠢᠨ ᠤ ᠱᠠᠭᠠᠷᠳᠠᠯᠭ᠎ᠠ᠄  ᠪᠠᠷᠢᠯᠭ᠎ᠠ ᠪᠠᠨ ᠲᠤᠰᠢᠶᠠᠵᠤ ᠰᠢᠯᠭᠠᠨ ᠠᠪᠬᠤ ᠶᠢᠨ ᠶᠠᠰᠤ ᠴᠢᠨᠠᠷ ᠤᠨ ᠦᠨᠡᠯᠡᠯᠲᠡ᠄ ᠬᠢᠷᠢ ᠲᠡᠩᠴᠡᠭᠰᠡᠨ ᠪᠠᠶᠢᠬᠤ ᠬᠡᠷᠡᠭᠲᠡᠢ︔ ᠪᠠᠷᠢᠯᠭ᠎ᠠ ᠳᠠᠭᠤᠰᠴᠤ ᠰᠢᠯᠭᠠᠨ ᠠᠪᠬᠤ ᠶᠢᠨ ᠶᠠᠰᠤ ᠴᠢᠨᠠᠷ ᠤᠨ ᠦᠨᠡᠯᠡᠯᠲᠡ᠄ ᠰᠢᠯᠢᠳᠡᠭ ᠰᠠᠶᠢᠨ ᠪᠠᠶᠢᠬᠤ ᠬᠡᠷᠡᠭᠲᠡᠢ᠃  ᠠᠮᠤᠷ ᠲᠦᠪᠰᠢᠨ ᠤ ᠱᠠᠭᠠᠷᠳᠠᠯᠭ᠎ᠠ᠄ ᠠᠶᠤᠯᠭᠦᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠦᠢᠯᠡᠳᠪᠦᠷᠢᠯᠡᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠠᠳᠡᠯ ᠭᠠᠷᠬᠤ ᠦᠭᠡᠶ ᠪᠠᠶᠢᠬᠤ ᠶᠢ  ᠦᠨᠡᠨ ᠬᠦ ᠪᠠᠲᠤᠯᠠᠬᠤ ᠬᠡᠷᠡᠭᠲᠡᠶ᠃3 . ᠳᠠᠭᠠᠭᠠᠴᠢᠯᠠᠯᠲᠠ ᠬᠦᠯᠢᠶᠡᠭᠴᠢ ᠶᠢᠨ ᠬᠢᠷᠢ ᠬᠡᠮ ᠤᠨ ᠱᠠᠭᠠᠷᠳᠠᠯᠭ᠎ᠠ  3.1 ᠤᠯᠤᠰ ᠤᠨ ᠳᠣᠲᠣᠭᠠᠳᠤ ᠶᠢᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠵᠢᠴᠢ ᠬᠦᠴᠦᠨ ᠲᠠᠢ ᠡᠵᠡᠩᠨᠡᠯᠲᠡ ᠶᠢᠨ ᠦᠨᠡᠮᠯᠡᠯ᠂ ᠳᠣᠣᠷᠠᠬᠢ ᠬᠢᠷᠢ ᠬᠡᠮ ᠤᠨ ᠨᠥᠬᠦᠴᠡᠯ ᠢ ᠪᠦᠷᠢᠯᠳᠦᠭᠦᠯᠦᠭᠰᠡᠨ ᠪᠥᠭᠡᠳ ᠠᠵᠢᠯᠲᠠᠨ᠂ ᠲᠥᠬᠦᠭᠡᠷᠦᠮᠵᠢ᠂ ᠪᠡᠯᠡ ᠮᠥᠩᠭᠦ ᠵᠡᠷᠭᠡ ᠲᠠᠯ᠎ᠠ ᠪᠠᠷ ᠵᠣᠬᠢᠴᠠᠩᠭᠤᠶ ᠴᠢᠳᠠᠪᠤᠷᠢ ᠲᠠᠢ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠪᠦᠬᠦᠨ᠂ ᠳᠡᠭᠡᠷ᠎ᠡ ᠳᠤᠷᠠᠳᠤᠭᠰᠠᠨ ᠵᠣᠬᠢᠴᠠᠩᠭᠤᠶ ᠳᠠᠭᠠᠭᠠᠴᠢᠯᠠᠯᠲᠠ ᠶᠢᠨ ᠬᠡᠰᠡᠭ ᠲᠤ ᠳᠠᠭᠠᠭᠠᠴᠢᠯᠠᠯᠲᠠ ᠬᠦᠯᠢᠶᠡᠵᠦ ᠪᠣᠯᠤᠨ᠎ᠠ᠄ ① ᠪᠦᠳᠦᠭᠡᠠ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠣᠯᠭᠤᠭᠰᠠᠨ ᠵᠠᠰᠠᠮᠠᠯ ᠵᠡᠮ ᠤᠨ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠬᠤ ᠭᠤᠷᠪᠠᠳᠤᠭᠠᠷ ᠳᠡᠰ ᠠᠴᠠ ᠳᠡᠭᠡᠭᠰᠢᠬᠢ ᠬᠢᠷᠢ ᠬᠡᠮ ᠲᠠᠢ ᠪᠠᠶᠢᠬᠤ ᠬᠡᠷᠡᠭᠲᠡᠢ︔ ② ᠣᠶᠢᠷ᠎ᠠ ᠶᠢᠨ 5 ᠵᠢᠯ ᠤᠨ ᠳᠣᠲᠣᠷ᠎ᠠ ︵2016 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠳᠠᠭᠠᠭᠠᠴᠢᠯᠠᠯᠲᠠ ᠬᠦᠯᠢᠶᠡᠬᠦ ᠡᠳᠦᠷ ᠳᠠᠭᠤᠰᠬᠤ ᠡᠳᠦᠷ ᠬᠦᠷᠲᠡᠯ᠎ᠡ︶ ᠠᠳᠠᠭ ᠲᠤ ᠪᠠᠨ 3 ᠵᠦᠢᠯ ᠤᠨ 1000 ᠲᠦᠮᠡ ᠠᠴᠠ ᠳᠡᠭᠡᠭᠰᠢᠬᠢ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ︵ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠᠭᠲᠠᠨ᠎ᠠ︶᠂ ︵ᠶᠡᠷᠦᠩᠬᠡᠶᠢᠯᠡᠨ ᠳᠠᠭᠠᠭᠠᠴᠢᠯᠠᠭᠰᠠᠨ ᠪᠤᠶᠤ ᠬᠤᠪᠢᠶᠠᠨ ᠳᠠᠭᠠᠭᠠᠴᠢᠯᠠᠭᠰᠠᠨ ᠠᠵᠢᠯ ᠤᠨ ᠠᠮᠵᠢᠯᠲᠠ ᠪᠦᠲᠦᠮᠵᠢ ᠳᠤ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠬᠢᠬᠦ ᠠᠭᠤᠯᠭ᠎ᠠ ᠶᠢ ᠪᠠᠭᠲᠠᠭᠠᠭᠰᠠᠨ ᠪᠠᠶᠢᠪᠠᠯ ᠪᠠᠰᠠ ᠵᠦᠪᠰᠢᠶᠡᠷᠡᠨ᠎ᠡ︶ ᠢ ᠪᠡᠶᠡᠯᠡᠭᠦᠯᠬᠦ ᠬᠡᠷᠡᠭᠲᠡᠶ᠃ ᠪᠤᠰᠤᠳ ᠬᠢᠷᠢ ᠬᠡᠮ ᠤᠨ ᠱᠠᠭᠠᠷᠳᠠᠯᠭ᠎ᠠ ᠶᠢ ᠳᠠᠭᠠᠭᠠᠴᠢᠯᠠᠯᠲᠠ ᠵᠠᠷᠯᠠᠬᠤ ᠠᠯᠪᠠᠨ ᠵᠠᠷ ᠤᠨ ᠳᠠᠭᠠᠯᠳᠤᠭᠤᠯᠤᠯ ᠳᠤ ᠨᠠᠷᠢᠨ ᠦᠵᠡ᠃ ᠳᠠᠭᠠᠭᠠᠴᠢᠯᠠᠯᠲᠠ ᠬᠦᠯᠢᠶᠡᠭᠴᠢ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠪᠦᠬᠦ ᠤᠯᠤᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ︵http://glxy.mot.gov.cn︶︾ ᠳᠠᠬᠢ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠬᠢᠬᠦ ᠬᠢᠷᠢ ᠬᠡᠮ ᠤᠨ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠳᠤ ᠣᠷᠤᠬᠤ ᠬᠡᠷᠡᠭᠲᠡᠶ ᠮᠥᠷᠲᠡᠭᠡᠨ ᠳᠠᠭᠠᠭᠠᠴᠢᠯᠠᠯᠲᠠ ᠬᠦᠯᠢᠶᠡᠭᠴᠢ ᠶᠢᠨ ᠨᠡᠷ᠎ᠡ ᠪᠣᠯᠤᠨ ᠬᠢᠷᠢ ᠬᠡᠮ ᠨᠢ ᠲᠤᠰ ᠨᠡᠷᠡᠰ ᠤᠨ ᠵᠢᠭᠰᠠᠭᠠᠯᠲᠠ ᠳᠠᠬᠢ ᠵᠣᠬᠢᠴᠠᠩᠭᠤᠶ ᠠᠵᠤ ᠠᠬᠤᠶᠢᠯᠠᠯ ᠤᠨ ᠨᠡᠷ᠎ᠡ ᠪᠣᠯᠤᠨ ᠬᠢᠷᠢ ᠬᠡᠮ ᠲᠠᠢ ᠪᠦᠷᠢᠮᠦᠰᠦᠨ ᠠᠳᠠᠯᠢ ᠪᠠᠶᠢᠬᠤ ᠬᠡᠷᠡᠭᠲᠡᠶ᠃3.2 ᠲᠤᠰ ᠤᠳᠠᠭᠠᠨ ᠤ ᠳᠠᠭᠠᠭᠠᠴᠢᠯᠠᠯᠲᠠ ᠵᠠᠷᠯᠠᠬᠤ ᠳᠤ ᠬᠤᠯᠪᠣᠭᠠᠲᠤ ᠴᠣᠭᠴᠠ ᠶᠢᠨ ᠳᠠᠭᠠᠭᠠᠴᠢᠯᠠᠯᠲᠠ ᠬᠦᠯᠢᠶᠡᠬᠦ ᠶᠢ ᠬᠦᠯᠢᠶᠡᠨ ᠠᠪᠬᠤ ᠦᠭᠡᠢ 3.3 ᠳᠠᠭᠠᠭᠠᠴᠢᠯᠠᠯᠲᠠ ᠵᠠᠷᠯᠠᠭᠴᠢ ᠲᠠᠢ ᠠᠰᠢᠭ ᠬᠤᠣᠷ ᠤᠨ ᠬᠠᠷᠢᠴᠠᠭ᠎ᠠ ᠲᠠᠢ ᠪᠠᠶᠢᠵᠤ ᠳᠠᠭᠠᠭᠠᠴᠢᠯᠠᠯᠲᠠ ᠵᠠᠷᠯᠠᠬᠤ ᠶᠢᠨ ᠲᠥᠪ ᠭᠤᠣᠯᠴᠢ ᠴᠢᠨᠠᠷ ᠢ ᠨᠥᠯᠥᠭᠡᠯᠡᠵᠦ ᠮᠡᠳᠡᠬᠦ ᠨᠢᠭᠡᠴᠢ ᠳᠠᠭᠠᠭᠠᠴᠢᠯᠠᠯᠲᠠ ᠳᠤ ᠣᠷᠣᠯᠴᠠᠵᠤ ᠪᠣᠯᠬᠤ ᠦᠭᠡᠢ᠃ ᠨᠢᠭᠡᠴᠢ ᠶᠢᠨ ᠬᠠᠷᠢᠭᠤᠴᠠᠯᠭᠠᠲᠠᠨ ᠨᠢ ᠠᠳᠠᠯᠢ ᠨᠢᠭᠡ ᠬᠥᠮᠦᠨ ᠪᠤᠶᠤ ᠬᠤᠪᠢ ᠡᠵᠡᠮᠳᠡᠬᠦ᠂ ᠬᠠᠮᠢᠶᠠᠷᠤᠯᠲᠠ ᠶᠢᠨ ᠬᠠᠷᠢᠴᠠᠭ᠎ᠠ ᠲᠠᠢ ᠠᠳᠠᠯᠢ ᠪᠤᠰᠤ  ᠨᠢᠭᠡᠴᠢ ᠨᠢ ᠠᠳᠠᠯᠢ ᠨᠢᠭᠡ ᠳᠠᠭᠠᠭᠠᠴᠢᠯᠠᠯᠲᠠ ᠶᠢᠨ ᠬᠡᠰᠡᠭ ᠤᠨ ᠳᠠᠭᠠᠭᠠᠴᠢᠯᠠᠯᠲᠠ ᠳᠤ ᠣᠷᠣᠯᠴᠠᠵᠤ ᠪᠣᠯᠬᠤ ᠥᠬᠡᠶ᠂ ᠡᠰᠡ ᠲᠡᠭᠡᠪᠡᠯ᠂ ᠬᠠᠮᠢᠶ᠎ᠠ ᠪᠥᠬᠦᠶ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠬᠤ ᠨᠢ ᠴᠥᠮ ᠬᠦᠴᠦᠨ ᠥᠬᠡᠶ ᠪᠣᠯᠤᠨ᠎ᠠ᠃ 3.4 ︽ᠢᠲᠡᠭᠡᠮᠵᠢ ᠶᠢᠨ ᠳᠤᠮᠳᠠᠳᠤ ᠤᠯᠤᠰ︾ ᠤᠨ ᠰᠦᠯᠵᠢᠶ᠎ᠡ ︵http://www.creditchina.gov.cn/︶ ᠳᠤ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠲᠤ ᠵᠢᠭᠰᠠᠭᠠᠭᠳᠠᠭᠰᠠᠨ ᠳᠠᠭᠠᠭᠠᠴᠢᠯᠠᠯᠲᠠ ᠬᠦᠯᠢᠶᠡᠭᠴᠢ ᠨᠢ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠵᠤ ᠪᠣᠯᠬᠤ ᠦᠭᠡᠢ᠃ 3.5 ︽ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠰᠢᠰᠲ᠋ᠧᠮ︾ http://gsxt.saic.gov.cn/︶ ᠳᠤ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠨ ᠠᠵᠤ ᠠᠬᠤᠶᠢᠯᠠᠯ ᠤᠨ ᠨᠡᠷᠡᠰ ᠲᠤ ᠵᠢᠭᠰᠠᠭᠠᠭᠳᠠᠭᠰᠠᠨ ᠳᠠᠭᠠᠭᠠᠴᠢᠯᠠᠯᠲᠠ ᠬᠦᠯᠢᠶᠡᠭᠴᠢ ᠨᠢ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠵᠤ ᠪᠣᠯᠬᠤ ᠦᠭᠡᠢ᠃4 ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠤᠯᠬᠤ 4.1 ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠣᠯᠬᠤ ᠨᠢ ᠣᠯᠬᠤ ᠴᠠᠭ᠄ 2021 ᠣᠨ ᠤ 1 ᠳ᠋ᠦ᠋ᠭᠡᠷ ᠰᠠᠷ᠎ᠠ ᠶᠢᠨ 19 ᠤ ᠡᠳᠦᠷ ᠠᠴᠠ 2021 ᠣᠨ ᠤ 1 ᠳ᠋ᠦ᠋ᠭᠡᠷ ᠰᠠᠷ᠎ᠠ ᠶᠢᠨ 25 ᠤ ᠡᠳᠦᠷ ᠤᠨ 17᠄ 00 ᠬᠦᠷᠲᠡᠯ᠎ᠡ ︵ᠪᠡᠭᠡᠵᠢᠩ ᠤᠨ ᠴᠠᠭ︶︔ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠬᠤᠳᠠᠯᠳᠤᠨ ᠠᠪᠬᠤ ᠠᠷᠭ᠎ᠠ ᠮᠠᠶ᠋ᠢᠭ᠄ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠰᠦᠯᠵᠢᠶᠡᠨ ᠳᠡᠭᠡᠷ᠎ᠡ ᠠᠷᠠᠯᠵᠢᠶᠠᠯᠠᠬᠤ ᠰᠢᠰᠲ᠋ᠧᠮ ᠤᠨ ᠰᠦᠯᠵᠢᠶᠡᠨ ᠳᠡᠭᠡᠷ᠎ᠡ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠤᠨ ᠵᠠᠷᠤᠳᠠᠯ ᠢ ᠲᠤᠰᠢᠶᠠᠭᠰᠠᠨ ᠤ ᠳᠠᠷᠠᠭ᠎ᠠ᠂ ᠰᠠᠶ᠋ᠢ ᠡᠯᠧᠺᠲᠷᠣᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠪᠠᠭᠤᠯᠭᠠᠨ ᠠᠪᠴᠤ᠂ ᠬᠥᠬᠡ ᠵᠢᠷᠤᠭ ᠤᠨ ᠪᠢᠴᠢᠭ ᠮᠠᠲ᠋ᠧᠷᠢᠶᠠᠯ ᠢ ᠪᠠᠭᠤᠯᠭᠠᠨ ᠠᠪᠬᠤ ᠠᠷᠭ᠎ᠠ ᠮᠠᠶ᠋ᠢᠭ ᠢ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠪᠠᠭᠤᠯᠭᠠᠨ ᠠᠪᠬᠤ ᠨᠢᠭᠤᠷ ᠲᠤ ᠨᠠᠷᠢᠪᠴᠢᠯᠠᠨ ᠦᠵᠡ︔ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ︵ᠬᠥᠬᠡ ᠵᠢᠷᠤᠭ ᠪᠠᠭᠲᠠᠨ᠎ᠠ︶ ᠤᠨ ᠢᠵᠢ ᠪᠦᠷᠢ ᠶᠢᠨ ᠬᠤᠳᠠᠯᠳᠤᠬᠤ ᠦᠨ᠎ᠡ ᠨᠢ ᠠᠷᠠᠳ ᠤᠨ ᠵᠣᠭᠤᠰ ᠢᠶᠠᠷ 2000 ᠲᠥᠭᠦᠷᠢᠭ᠂ ᠶᠠᠮᠠᠷ ᠰᠢᠯᠲᠠᠭᠠᠨ ᠠᠴᠠ ᠪᠣᠯᠤᠭᠰᠠᠨ ᠴᠤ ᠬᠤᠳᠠᠯᠳᠤᠭᠰᠠᠨ ᠤ ᠳᠠᠷᠠᠭᠠᠬᠢ ᠵᠣᠭᠤᠰ ᠢ ᠪᠤᠴᠠᠭᠠᠵᠤ ᠥᠭᠬᠦ ᠥᠬᠡᠶ ᠨᠢᠭᠡᠨᠲᠡ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠬᠥᠮᠥᠷᠭᠡ ᠳᠤ ᠤᠷᠤᠭᠰᠠᠨ ᠠᠵᠤ ᠠᠬᠤᠶᠢᠯᠠᠯ ᠨᠢ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠳᠣᠲᠣᠷ᠎ᠠ ᠪᠠᠨ ᠰᠦᠯᠵᠢᠶᠡᠨ ᠳᠡᠭᠡᠷ᠎ᠡ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠬᠤᠳᠠᠯᠳᠤᠨ ᠠᠪᠬᠤ ᠶᠢᠨ ᠬᠠᠮᠲᠤ ᠪᠠᠭᠤᠯᠭᠠᠨ ᠠᠪᠴᠤ᠂ ᠬᠥᠮᠥᠷᠭᠡ ᠳᠤ ᠣᠷᠣᠭᠤᠯᠤᠭᠰᠠᠨ ᠥᠬᠡᠶ ᠠᠵᠤ ᠠᠬᠤᠶᠢᠯᠠᠯ ᠡᠷᠬᠡᠪᠰᠢ ᠬᠥᠮᠥᠷᠭᠡ ᠳᠤ ᠣᠷᠣᠭᠤᠯᠬᠤ ᠭᠠᠷᠳᠠᠮ ᠢ ᠭᠦᠢᠴᠡᠳᠭᠡᠪᠡᠯ ᠰᠠᠶ᠋ᠢ ᠪᠠᠭᠤᠯᠭᠠᠨ ᠠᠪᠴᠤ ᠪᠣᠯᠤᠨ᠎ᠠ᠃ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠪᠠᠭᠤᠯᠭᠠᠬᠤ ᠳᠤ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠲᠣᠭᠲᠠᠭᠰᠠᠨ ᠴᠠᠭ ᠤᠨ ᠳᠣᠲᠣᠷ᠎ᠠ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠤᠭᠰᠠᠨ ᠪᠦᠲᠦᠮᠵᠢ ᠪᠠᠷ ᠪᠠᠷᠢᠮᠵᠢᠶ᠎ᠠ ᠪᠣᠯᠭᠠᠨ᠎ᠠ᠃ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠣᠯᠤᠭᠰᠠᠨ ᠱᠠᠲᠤᠨ ᠳᠤ ᠳᠠᠭᠠᠭᠠᠴᠢᠯᠠᠯᠲᠠ ᠵᠠᠷᠯᠠᠭᠴᠢ ᠨᠢ ᠠᠷᠠᠯᠵᠢᠶᠠᠨ ᠤ ᠰᠢᠰᠲ᠋ᠧᠮ ᠳᠤ ᠬᠢᠷᠢ ᠬᠡᠮ ᠢ ᠬᠢᠨᠠᠨ ᠬᠠᠷᠭᠤᠭᠤᠯᠬᠤ ᠥᠬᠡᠶ᠂ ᠳᠠᠭᠠᠭᠠᠴᠢᠯᠠᠯᠲᠠ ᠬᠦᠯᠢᠶᠡᠭᠴᠢ ᠨᠢ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠬᠢᠷᠢ ᠬᠡᠮ ᠤᠨ ᠬᠠᠮᠤᠭ ᠤᠨ ᠳᠣᠤᠷ᠎ᠠ ᠱᠠᠭᠠᠷᠳᠠᠯᠭ᠎ᠠ ᠶᠢ ᠬᠠᠩᠭᠠᠭᠰᠠᠨ ᠡᠰᠡᠬᠦ ᠶᠢ ᠥᠪᠡᠰᠦᠪᠡᠨ ᠨᠤᠲᠠᠯᠠᠬᠤ ᠬᠡᠷᠡᠭᠲᠡᠶ᠂ ᠡᠰᠡ ᠲᠡᠭᠡᠪᠡᠯ ᠶᠠᠮᠠᠷᠪᠠ ᠦᠷ᠎ᠡ ᠳ᠋ᠦᠩ ᠢ ᠳᠠᠭᠠᠭᠠᠴᠢᠯᠠᠯᠲᠠ ᠬᠦᠯᠢᠶᠡᠭᠴᠢ ᠨᠢ ᠥᠪᠡᠰᠦᠪᠡᠨ ᠬᠠᠷᠢᠭᠤᠴᠠᠵᠤ᠂ ᠳᠠᠭᠠᠭᠠᠴᠢᠯᠠᠯᠲᠠ ᠬᠦᠯᠢᠶᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠳ᠋ᠦᠩᠨᠡᠯᠲᠡ ᠶᠢ ᠳᠠᠭᠠᠭᠠᠴᠢᠯᠠᠯᠲᠠ ᠦᠨᠡᠯᠡᠬᠦ ᠦᠶ᠎ᠡ ᠶᠢᠨ ᠬᠢᠷᠢ ᠬᠡᠮ ᠤᠨ ᠬᠢᠨᠠᠯᠲᠠ ᠶᠢᠨ ᠦᠷ᠎ᠡ ᠳ᠋ᠦᠩ ᠢᠶᠠᠷ ᠪᠠᠷᠢᠮᠵᠢᠶ᠎ᠠ ᠪᠣᠯᠭᠠᠨ᠎ᠠ᠃ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠬᠥᠮᠥᠷᠭᠡ ᠶᠢᠨ ᠭᠦᠢᠴᠡᠳᠬᠡᠬᠦ ᠬᠠᠶ᠋ᠢᠭ᠄ ᠬᠥᠬᠡᠬᠤᠲᠠ ᠶᠢᠨ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠳ᠋ᠢᠩ ᠰᠢᠶᠠᠩ ᠵᠠᠮ ᠤᠨ 2 ᠳ᠋ᠤᠭᠠᠷ ᠲᠣᠭᠠᠲᠤ︶ ᠶᠢᠨ ᠳᠥᠷᠪᠡᠳᠦᠭᠡᠷ ᠳᠠᠪᠬᠤᠷᠭ᠎ᠠ ᠶᠢᠨ ᠶᠡᠭᠡ ᠲᠢᠩᠬᠢᠮ ᠳᠠᠬᠢ ᠢᠲᠡᠭᠡᠮᠵᠢ ᠶᠢᠨ ᠬᠥᠮᠥᠷᠭᠡ ᠳᠤ ᠣᠷᠣᠭᠤᠯᠬᠤ ᠴᠣᠩᠬᠤ᠂ ᠠᠵᠢᠯᠯᠠᠬᠤ ᠴᠠᠭ ᠨᠢ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 9᠄ 00-12᠄ 00᠂ ᠦᠳᠡ ᠶᠢᠨ ᠬᠤᠶᠢᠨᠠᠬᠢ 14᠄ 00-17᠄ 00᠃ ᠭᠦᠢᠴᠡᠳᠭᠡᠬᠦ ᠶᠠᠪᠤᠴᠠ ᠶᠢ ︽ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠥᠮᠥᠷᠭᠡ ᠶᠢ ᠴᠤᠭᠯᠠᠭᠤᠯᠬᠤ ᠲᠤᠬᠠᠶ ᠮᠡᠳᠡᠭᠳᠡᠯ ︾ ᠳᠤ ᠦᠵᠡ᠃ 4.2 ᠬᠢᠷᠢ ᠬᠡᠮ ᠢ ᠬᠢᠨᠠᠨ ᠪᠠᠶᠢᠴᠠᠭᠠᠬᠤ᠄  ᠬᠢᠨᠠᠨ ᠪᠠᠶᠢᠴᠠᠭᠠᠬᠤ ᠠᠷᠭ᠎ᠠ ᠮᠠᠶ᠋ᠢᠭ᠄ ᠬᠢᠷᠢ ᠬᠡᠮ ᠤᠨ ᠲᠠᠷᠠᠭ᠎ᠠ ᠬᠢᠨᠠᠬᠤ ᠨᠢ᠂ ᠳᠠᠷᠤᠢ ᠳᠠᠭᠠᠭᠠᠴᠢᠯᠠᠯᠲᠠ ᠨᠡᠶᠢᠲᠡᠯᠡᠭᠰᠡᠨ ᠤ ᠲᠠᠷᠠᠭ᠎ᠠ ᠳᠠᠭᠠᠭᠠᠴᠢᠯᠠᠯᠲᠠ ᠦᠨᠡᠯᠡᠬᠦ ᠺᠣᠮᠢᠰ ᠠᠴᠠ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠪᠠᠷᠢᠮᠵᠢᠶ᠎ᠠ ᠪᠠ ᠠᠷᠭ᠎ᠠ ᠶᠢᠨ ᠶᠣᠰᠣᠭᠠᠷ ᠳᠠᠭᠠᠭᠠᠴᠢᠯᠠᠯᠲᠠ ᠬᠦᠯᠢᠶᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠨ᠎ᠠ᠃  ᠬᠢᠨᠠᠨ ᠪᠠᠶᠢᠴᠠᠭᠠᠬᠤ ᠴᠠᠭ᠄ ᠳᠠᠭᠠᠭᠠᠴᠢᠯᠠᠯᠲᠠ ᠨᠡᠶᠢᠲᠡᠯᠡᠭᠰᠡᠨ ᠤ ᠲᠡᠷᠠᠭ᠎ᠠ ᠳᠠᠭᠠᠭᠠᠴᠢᠯᠠᠯᠲᠠ ᠦᠨᠡᠯᠡᠬᠦ ᠺᠣᠮᠢᠰ ᠠᠴᠠ ᠬᠢᠨᠠᠨ ᠬᠠᠷᠭᠤᠭᠤᠯᠤᠨ᠎ᠠ᠃ ᠬᠢᠨᠠᠨ ᠪᠠᠶᠢᠴᠠᠭᠠᠬᠤ ᠭᠠᠵᠠᠷ᠄ ᠲᠤᠰ ᠲᠥᠷᠥᠯ ᠵᠦᠢᠯ ᠳᠤ ᠠᠭᠤᠯᠵᠠᠬᠤ ᠦᠭᠡᠶ ᠪᠠᠷ ᠳᠠᠭᠠᠭᠠᠴᠢᠯᠠᠯᠲᠠ ᠨᠡᠶᠢᠲᠡᠯᠡᠬᠦ ᠠᠷᠭ᠎ᠠ ᠶᠢ ᠠᠪᠴᠤ᠂ ᠳᠠᠭᠠᠭᠠᠴᠢᠯᠠᠯᠲᠠ ᠬᠦᠯᠢᠶᠡᠭᠴᠢ ᠨᠢ ᠰᠦᠯᠵᠢᠶᠡᠨ ᠳᠡᠭᠡᠷ᠎ᠡ  ᠨᠡᠷ᠎ᠡ ᠪᠠᠨ ᠲᠡᠮᠳᠡᠭᠯᠡᠨ᠎ᠡ᠃ᠮᠠᠲ᠋ᠧᠷᠢᠶᠠᠯ ᠢ ᠬᠢᠨᠠᠨ ᠪᠠᠶᠢᠴᠠᠭᠠᠬᠤ᠄ ᠬᠢᠷᠢ ᠬᠡᠮ ᠢ ᠬᠢᠨᠠᠨ ᠪᠠᠶᠢᠴᠠᠭᠠᠬᠤ ᠦᠶᠡᠰ ᠡᠯᠧᠺᠲᠷᠣᠨ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠳᠠᠬᠢ ᠴᠥᠷᠬᠡᠯᠡᠭᠰᠡᠨ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ  ᠢᠲᠡᠭᠡᠮᠵᠢ ᠶᠢᠨ ᠮᠡᠳᠡᠭᠡ ᠵᠠᠩᠭᠢ ᠶᠢᠨ ᠬᠥᠮᠥᠷᠭᠡ ᠶᠢᠨ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠨ᠎ᠠ᠂ ᠤᠤᠯ ᠮᠠᠲ᠋ᠧᠷᠢᠶᠠᠯ ᠢ ᠠᠪᠴᠤ ᠶᠠᠪᠤᠬᠤ ᠴᠢᠬᠤᠯᠠ ᠥᠬᠡᠶ᠃ ᠲᠠᠶᠢᠯᠪᠤᠷᠢ᠄ ︵ᠨᠢᠭᠡ︶ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠤᠨ ᠱᠠᠭᠠᠷᠳᠠᠯᠭ᠎ᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠮᠦᠨ ᠬᠠᠷ᠎ᠠ ᠬᠤᠷᠠᠨ ᠴᠤᠭᠯᠠᠷᠠᠬᠤ ᠪᠠ ᠰᠢᠯᠵᠢᠬᠦ ᠶᠢ ᠪᠦᠲᠦᠮᠵᠢᠲᠡᠶ ᠪᠠᠭᠠᠰᠬᠠᠬᠤ ᠶᠢᠨ ᠲᠤᠰᠠᠳᠠ᠂ ᠲᠣᠰ ᠲᠥᠷᠥᠯ ᠵᠦᠢᠯ ᠳᠤ ᠠᠭᠤᠯᠵᠠᠬᠤ ᠥᠬᠡᠶ ᠬᠡᠯᠪᠡᠷᠢ ᠪᠠᠷ ᠳᠠᠭᠠᠭᠠᠴᠢᠯᠠᠯᠲᠠ ᠶᠢ ᠨᠡᠶᠢᠲᠡᠯᠡᠪᠡ᠃ ᠳᠠᠭᠠᠭᠠᠴᠢᠯᠠᠯᠲᠠ ᠨᠡᠶᠢᠲᠡᠯᠡᠬᠦ ᠦᠶ᠎ᠡ ᠳᠤ᠂ ᠳᠠᠭᠠᠭᠠᠴᠢᠯᠠᠯᠲᠠ ᠬᠦᠯᠢᠶᠡᠭᠴᠢ ᠨᠢ ᠳᠠᠭᠠᠭᠠᠴᠢᠯᠠᠯᠲᠠ ᠨᠡᠶᠢᠲᠡᠯᠡᠬᠦ ᠲᠤᠬᠠᠶ ᠶᠢᠨ ᠲᠠᠯᠠᠪᠠᠶ ᠳᠤ ᠬᠥᠷᠬᠦ ᠴᠢᠬᠤᠯᠠ ᠥᠬᠡᠶ᠂ ᠳᠠᠭᠠᠭᠠᠴᠢᠯᠠᠯᠲᠠ ᠨᠡᠶᠢᠲᠡᠯᠡᠬᠦ ᠲᠤᠬᠠᠶ ᠶᠢᠨ ᠡᠳᠦᠷ ᠳᠠᠭᠠᠭᠠᠴᠢᠯᠠᠯᠲᠠ ᠬᠦᠯᠢᠶᠡᠬᠦ ᠳᠠᠭᠤᠰᠬᠤ ᠴᠠᠭ ᠠᠴᠠ ᠡᠮᠦᠨ᠎ᠡ ︽ᠬᠥᠬᠡᠬᠤᠲᠠ ᠶᠢᠨ ᠠᠭᠤᠯᠵᠠᠬᠤ ᠥᠬᠡᠶ ᠪᠠᠷ ᠳᠠᠭᠠᠭᠠᠴᠢᠯᠠᠯᠲᠠ ᠨᠡᠶᠢᠲᠡᠯᠡᠬᠦ ᠲᠢᠩᠬᠢᠮ︾ ︵http᠄//122.112.246.33/BidOpening︶ ᠳᠡᠭᠡᠷ᠎ᠡ ᠭᠠᠷᠴᠤ᠂ ᠰᠦᠯᠵᠢᠶᠡᠨ ᠳᠡᠭᠡᠷ᠎ᠡ ᠳᠠᠭᠠᠭᠠᠴᠢᠯᠠᠯᠲᠠ ᠨᠡᠶᠢᠲᠡᠯᠡᠬᠦ ᠬᠤᠷᠠᠯ ᠳᠤ ᠣᠷᠣᠯᠴᠠᠵᠤ᠂ ᠠᠯᠤᠰ ᠠᠴᠠ  ᠨᠡᠷ᠎ᠡ ᠲᠡᠮᠳᠡᠭᠯᠡᠬᠦ᠂ ᠨᠢᠭᠤᠴᠠ ᠲᠠᠶᠢᠯᠬᠤ᠂ ᠳᠠᠭᠠᠭᠠᠴᠢᠯᠠᠯᠲᠠ ᠶᠢᠨ ᠠᠭᠤᠯᠭ᠎ᠠ ᠶᠢ ᠤᠩᠰᠢᠬᠤ ᠶᠢ ᠪᠠᠶᠢᠴᠠᠭᠠᠨ ᠦᠵᠡᠬᠦ᠂ ᠦᠨ᠎ᠡ ᠮᠡᠳᠡᠭᠦᠯᠬᠦ ᠶᠢ ᠨᠤᠲᠠᠯᠠᠬᠤ᠂ ᠣᠨᠳᠣᠤ ᠰᠠᠨᠠᠯ ᠢ ᠲᠣᠳᠣᠷᠬᠠᠶᠢᠯᠠᠬᠤ ᠵᠡᠷᠭᠡ ᠰᠣᠯᠢᠯᠴᠠᠬᠤ ᠭᠤᠭᠴᠤᠭ᠎ᠠ ᠶᠢ ᠪᠡᠶᠡᠯᠡᠭᠦᠯᠦᠨ᠎ᠡ᠃ ᠲᠠᠪᠴᠡᠩ ᠳᠤ ᠭᠠᠷᠬᠤ  ᠳᠤ ᠬᠥᠬᠡᠬᠤᠲᠠ ᠶᠢᠨ ᠡᠯᠧᠺᠲᠷᠣᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠷᠠᠯᠵᠢᠶᠠᠨ ᠤ ᠲᠠᠪᠴᠠᠩ ᠤᠨ CA ᠣᠨᠢᠰᠤ ᠶᠢ ᠬᠡᠷᠡᠭᠯᠡᠨ᠎ᠡ᠃ ︵ᠬᠤᠶᠠᠷ︶ ᠠᠭᠤᠯᠵᠠᠬᠤ ᠦᠭᠡᠢ ᠪᠠᠷ ᠳᠠᠭᠠᠭᠠᠴᠢᠯᠠᠯᠲᠠ ᠨᠡᠶᠢᠲᠡᠯᠡᠬᠦ ᠬᠠᠮᠢᠶ᠎ᠠ ᠪᠥᠬᠦᠶ ᠠᠵᠢᠯᠯᠠᠬᠤ ᠭᠠᠷ ᠳᠡᠪᠲᠡᠷ ᠢ ︽ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ ︵http᠄//ggzy.huhhot.gov.cn︶- ᠪᠠᠭᠤᠯᠭᠠᠬᠤ ᠲᠦᠪ- ᠬᠡᠷᠡᠭᠯᠡᠬᠦ ᠭᠠᠷ ᠳᠡᠪᠲᠡᠷ︾ ᠤᠨ ᠪᠤᠯᠤᠩ ᠳᠤ ᠣᠷᠤᠵᠤ ᠪᠠᠭᠤᠯᠭᠠᠨ ᠠᠪᠴᠤ ᠦᠵᠡᠵᠦ ᠪᠣᠯᠤᠨ᠎ᠠ᠂ ᠴᠠᠭ ᠲᠤᠬᠠᠶ ᠳᠤ ᠨᠢ ᠠᠩᠬᠠᠷᠤᠭᠠᠷᠠᠶ᠃   ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠦᠢᠯᠡᠳᠬᠦ ᠪᠠᠭᠠᠵᠢ ᠪᠠᠷ ᠦᠢᠯᠡᠳᠦᠭᠰᠡᠨ ᠨᠢᠭᠤᠴᠠᠯᠠᠬᠤ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ︵*.hhhtTF︶ ᠢ ᠳᠠᠭᠠᠭᠠᠴᠢᠯᠠᠯᠲᠠ ᠬᠦᠯᠢᠶᠡᠬᠦ ᠳᠠᠭᠤᠰᠬᠤ ᠴᠠᠭ ᠠᠴᠠ ᠡᠮᠦᠨ᠎ᠡ ︵ᠲᠤᠰᠢᠶᠠᠬᠤ ᠴᠠᠭ ᠢ ᠬᠠᠮᠤᠭ ᠰᠡᠭᠦᠯᠴᠢ ᠶᠢᠨ ᠤᠳᠠᠭ᠎ᠠ ᠳᠡᠭᠡᠭᠰᠢ ᠳᠠᠮᠵᠢᠭᠤᠯᠤᠭᠰᠠᠨ ᠪᠦᠳᠦᠮᠵᠢ ᠴᠠᠭ ᠢᠶᠠᠷ ᠪᠠᠷᠢᠮᠵᠢᠶ᠎ᠠ ᠪᠣᠯᠭᠠᠨ᠎ᠠ︶  ᠠᠴᠠ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠡᠯᠧᠺᠲᠷᠣᠨ ᠠᠷᠠᠯᠵᠢᠶᠠᠨ ᠤ ᠲᠠᠪᠴᠠᠩ ︵http᠄//ggzy.huhhot.gov.cn/hshy︶ ᠤᠨ ︽ᠳᠡᠭᠡᠭᠰᠢ ᠳᠠᠮᠵᠢᠭᠤᠯᠤᠭᠰᠠᠨ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ︾ ᠤᠨ ᠭᠠᠵᠠᠷ ᠲᠤ ᠳᠠᠮᠵᠢᠭᠤᠯᠤᠨ᠎ᠠ᠃ᠨᠢᠭᠤᠴᠠᠯᠠᠭᠰᠠᠨ ᠡᠯᠧᠺᠲᠷᠣᠨ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠬᠤᠭᠤᠴᠠᠭ᠎ᠠ ᠬᠡᠲᠦᠷᠡᠭᠦᠯᠦᠨ ᠳᠠᠮᠵᠢᠭᠤᠯᠪᠠᠯ᠂ ᠠᠷᠠᠯᠵᠢᠶᠠᠨ ᠤ ᠲᠠᠪᠴᠠᠩ ᠨᠢ ᠭᠥᠯᠢᠶᠡᠨ ᠠᠪᠬᠤ ᠥᠬᠡᠶ᠃ ᠳᠠᠭᠠᠭᠠᠴᠢᠯᠠᠯᠲᠠ ᠬᠦᠯᠢᠶᠡᠬᠦ ᠨᠢᠭᠡᠴᠢ  ᠨᠢ ᠳᠠᠭᠠᠭᠠᠴᠢᠯᠠᠯᠲᠠ ᠬᠦᠯᠢᠶᠡᠬᠦ ᠳᠠᠭᠤᠰᠬᠤ ᠴᠠᠭ ᠠᠴᠠ ᠡᠮᠦᠨ᠎ᠡ ᠬᠥᠬᠡᠬᠤᠲᠠ ᠶᠢᠨ ᠠᠭᠤᠯᠵᠠᠬᠤ ᠥᠬᠡᠶ ᠪᠠᠷ ᠳᠠᠭᠠᠭᠠᠴᠢᠯᠠᠯᠲᠠ ᠨᠡᠶᠢᠲᠡᠯᠡᠬᠦ ᠶᠡᠭᠡ ᠲᠢᠩᠬᠢᠮ ᠶᠢᠨ ᠲᠠᠪᠴᠠᠩ ᠳᠤ ᠭᠠᠷᠴᠤ ᠨᠡᠷ᠎ᠡ ᠪᠠᠨ ᠲᠡᠮᠳᠡᠭᠯᠡᠬᠦ ᠬᠡᠷᠡᠭᠲᠡᠶ᠂ ᠡᠰᠡ ᠲᠡᠭᠡᠪᠡᠯ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠨᠢ ᠪᠤᠴᠠᠭᠠᠵᠤ ᠥᠭᠭᠦᠨ᠎ᠡ᠃ ᠬᠡᠷᠪᠡ ᠳᠠᠭᠠᠭᠠᠴᠢᠯᠠᠯᠲᠠ ᠬᠦᠯᠢᠶᠡᠭᠴᠢ ᠨᠢ ᠠᠭᠤᠯᠵᠠᠬᠤ ᠦᠭᠡᠢ ᠪᠠᠷ ᠳᠠᠭᠠᠭᠠᠴᠢᠯᠠᠯᠲᠠ ᠨᠡᠶᠢᠲᠡᠯᠡᠬᠦ ᠲᠢᠩᠬᠢᠮ ᠳᠤ ᠲᠣᠭᠲᠠᠭᠰᠠᠨ ᠴᠠᠭ ᠬᠤᠭᠤᠴᠠᠭ᠎ᠠ ︵ᠨᠢᠭᠤᠴᠠ ᠶᠢ ᠲᠠᠶᠢᠯᠤᠭᠰᠠᠨ ᠠᠴᠠ ᠡᠬᠢᠯᠡᠨ 10 ᠮᠢᠨᠦ᠋ᠲ︶ ᠶᠢᠨ ᠳᠣᠲᠣᠷ᠎ᠠ ᠨᠢᠭᠤᠴᠠ ᠶᠢ ᠲᠠᠶᠢᠯᠤᠭᠰᠠᠨ ᠦᠭᠡᠢ ᠪᠠᠶᠢᠪᠠᠯ᠂ ᠲᠡᠭᠦᠨ ᠢ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢᠶᠠᠨ ᠬᠦᠴᠦᠨ ᠦᠭᠡᠢ ᠪᠣᠯᠭᠠᠭᠰᠠᠨ ᠢᠶᠠᠷ ᠦᠵᠡᠨ᠎ᠡ᠃ 5. ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠲᠤᠰᠢᠶᠠᠬᠤ ᠵᠢᠴᠢ ᠬᠠᠮᠢᠶ᠎ᠠ ᠪᠦᠬᠦᠢ ᠤᠴᠢᠷ 5.1 ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠬᠠᠶᠢᠨ ᠰᠢᠨᠵᠢᠬᠦ ᠵᠢᠴᠢ ᠳᠠᠭᠠᠭᠠᠴᠢᠯᠠᠯᠲᠠ ᠬᠦᠯᠢᠶᠡᠬᠦ ᠪᠡᠯᠡᠳᠬᠡᠯ ᠬᠤᠷᠠᠯ  ᠳᠠᠭᠠᠭᠠᠴᠢᠯᠠᠯᠲᠠ ᠵᠠᠷᠯᠠᠭᠴᠢ ᠨᠢ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠬᠠᠶᠢᠨ ᠰᠢᠨᠵᠢᠬᠦ ᠶᠢ ᠵᠣᠬᠢᠶᠠᠨ ᠪᠠᠶᠢᠭᠤᠯᠬᠤ ᠦᠭᠡᠶ᠂ ᠳᠠᠭᠠᠭᠠᠴᠢᠯᠠᠯᠲᠠ ᠬᠦᠯᠢᠶᠡᠬᠦ ᠪᠡᠯᠡᠳᠬᠡᠯ ᠬᠤᠷᠠᠯ ᠬᠢᠬᠦ ᠦᠭᠡᠶ᠂ ᠳᠠᠭᠠᠭᠠᠴᠢᠯᠠᠯᠲᠠ ᠬᠦᠯᠢᠶᠡᠭᠴᠢ ᠨᠢ ᠲᠤᠬᠠᠶ ᠶᠢᠨ ᠲᠠᠯᠠᠪᠠᠶ ᠳᠤ ᠥᠪᠡᠰᠦᠪᠡᠨ ᠬᠠᠶᠢᠨ ᠰᠢᠨᠵᠢᠵᠦ ᠪᠣᠯᠤᠨ᠎ᠠ᠃ 5.2 ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠲᠤᠰᠢᠶᠠᠬᠤ ᠡᠴᠦᠰ ᠤᠨ ᠬᠤᠭᠤᠴᠠᠭ᠎ᠠ ᠵᠢᠴᠢ ᠲᠤᠰᠢᠶᠠᠬᠤ ᠭᠠᠵᠠᠷ᠄ ᠳᠠᠭᠠᠭᠠᠴᠢᠯᠠᠯᠲᠠ ᠬᠦᠯᠢᠶᠡᠬᠦ ᠳᠠᠭᠤᠰᠬᠤ ᠴᠠᠭ ︵ᠳᠠᠭᠠᠭᠠᠴᠢᠯᠠᠯᠲᠠ ᠨᠡᠶᠢᠲᠡᠯᠡᠬᠦ ᠴᠠᠭ︶᠄ 2021 ᠣᠨ ᠤ 2 ᠳ᠋ᠤᠭᠠᠷ ᠰᠠᠷ᠎ᠠ ᠶᠢᠨ 08 ᠤ ᠡᠳᠦᠷ ᠤᠨ 09᠄ 30 ︵ᠪᠡᠭᠡᠵᠢᠩ ᠤᠨ ᠴᠠᠭ︶  ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠲᠤᠰᠢᠶᠠᠬᠤ ᠭᠠᠵᠠᠷ ︵ᠳᠠᠭᠠᠭᠠᠴᠢᠯᠠᠯᠲᠠ ᠨᠡᠶᠢᠲᠡᠯᠡᠬᠦ ᠭᠠᠵᠠᠷ︶᠄ ᠳᠠᠭᠠᠭᠠᠴᠢᠯᠠᠯᠲᠠ ᠬᠦᠯᠢᠶᠡᠭᠴᠢ ᠨᠢ ᠥᠪᠡᠰᠦᠪᠡᠨ ︽ᠬᠥᠬᠡᠬᠤᠲᠠ ᠶᠢᠨ ᠠᠭᠤᠯᠵᠠᠬᠤ ᠥᠬᠡᠶ ᠪᠠᠷ ᠳᠠᠭᠠᠭᠠᠴᠢᠯᠠᠯᠲᠠ ᠨᠡᠶᠢᠲᠡᠯᠡᠬᠦ ᠲᠢᠩᠬᠢᠮ︾ ︵http᠄//122.112.246.33/BidOpening︶ ᠳᠤ ᠭᠠᠷᠴᠤ ᠳᠠᠭᠠᠭᠠᠴᠢᠯᠠᠯᠲᠠ ᠨᠡᠶᠢᠲᠡᠯᠡᠬᠦ ᠳᠤ ᠣᠷᠣᠯᠴᠠᠨ᠎ᠠ᠃ 6. ᠠᠯᠪᠠᠨ ᠵᠠᠷ ᠨᠡᠶᠢᠲᠡᠯᠡᠬᠦ ᠵᠠᠭᠤᠴᠢ ᠲᠤᠰ ᠤᠳᠠᠭᠠᠨ ᠤ ᠳᠠᠭᠠᠭᠠᠴᠢᠯᠠᠯᠲᠠ ᠵᠠᠷᠯᠠᠬᠤ ᠠᠯᠪᠠᠨ ᠵᠠᠷ ᠢ ᠳᠣᠣᠷᠠᠬᠢ ᠵᠠᠭᠤᠴᠢ ᠳᠡᠭᠡᠷ᠎ᠡ ᠵᠡᠷᠭᠡᠪᠡᠷ ᠨᠡᠶᠢᠲᠡᠯᠡᠨ᠎ᠡ᠄  ︵1︶ ᠳᠤᠮᠳᠠᠳᠤ ᠤᠯᠤᠰ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠣᠯᠠᠨ ᠨᠡᠢᠲᠡ ᠶᠢᠨ ᠦᠢᠯᠡᠴᠢᠯᠡᠭᠡᠨ ᠤ ᠲᠠᠪᠴᠠᠩ ︵www.cebpubservice.com︶︔ ︵2︶ ᠳᠤᠮᠳᠠᠳᠤ ᠤᠯᠤᠰ ᠤᠨ ᠬᠤᠳᠠᠯᠳᠤᠨ ᠠᠪᠬᠤ ᠪᠠ ᠳᠠᠭᠠᠭᠠᠴᠢᠯᠠᠯᠲᠠ ᠵᠠᠷᠯᠠᠬᠤ ᠰᠦᠯᠵᠢᠶ᠎ᠡ ︵https᠄//www.chinabidding.cn︶︔ ︵3︶ ᠥᠪᠥᠷ ᠮᠣᠩᠭᠤᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ︵www.nmgztb.com.cn︶︔ ︵4︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠰᠠᠭ ᠤᠨ ᠶᠠᠪᠤᠳᠠᠯ ᠤᠨ ᠰᠦᠯᠵᠢᠶ᠎ᠡ ︵http᠄//jtyst.nmg.gov.cn︶︔ ︵5︶ ᠥᠪᠥᠷ ᠮᠣᠩᠭᠤᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠰᠦᠯᠵᠢᠶ᠎ᠡ ︵http᠄//ggzyjy.nmg.gov.cn︶︔ ︵6︶ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵http᠄//ggzy.huhhot.gov.cn︶  7 . ᠳᠠᠭᠠᠭᠠᠴᠢᠯᠠᠯᠲᠠ ᠦᠨᠡᠯᠡᠬᠦ ᠠᠷᠭ᠎ᠠ  7.1 ᠲᠤᠰ ᠤᠳᠠᠭᠠᠨ ᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠦᠨᠡᠯᠡᠬᠦ ᠠᠷᠭ᠎ᠠ ᠳᠤ ︽ᠮᠡᠷᠭᠡᠵᠢᠯ ᠤᠨ ᠬᠤᠪᠢ ᠣᠯᠭᠤᠬᠤ ᠬᠠᠮᠤᠭ ᠤᠨ ᠳᠣᠣᠷ᠎ᠠ ᠦᠨ᠎ᠡ ᠬᠠᠳᠠᠬᠤ ᠠᠷᠭ᠎ᠠ︾ ᠶᠢ ᠬᠡᠷᠡᠭᠯᠡᠵᠦ᠂ ᠬᠢᠷᠢ ᠬᠡᠮ ᠢ ᠬᠢᠨᠠᠨ ᠪᠠᠶᠢᠴᠠᠭᠠᠬᠤ ᠠᠷᠭ᠎ᠠ ᠮᠠᠶ᠋ᠢᠭ ᠢ ᠠᠪᠴᠤ ᠬᠢᠷᠢ ᠬᠡᠮ ᠢ ᠨᠢ ᠳᠠᠷᠠᠭ᠎ᠠ ᠳᠤ ᠨᠢ ᠬᠢᠨᠠᠨ᠎ᠠ᠃ 7.2 ᠲᠤᠰ ᠤᠳᠠᠭᠠᠨ ᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠦᠨᠡᠯᠡᠬᠦ ᠠᠷᠭ᠎ᠠ ᠶᠢ ᠠᠯᠪᠠᠨ ᠵᠠᠷ ᠵᠢᠴᠢ ᠳᠠᠭᠠᠯᠳᠤᠭᠤᠯᠤᠯ ᠳᠤ ᠨᠠᠷᠢᠨ ᠦᠵᠡ᠃ 8. ᠬᠢᠨᠠᠯᠲᠠ ᠲᠠᠯᠪᠢᠬᠤ ᠰᠠᠯᠠᠭ᠎ᠠ ᠮᠥᠴᠢᠷ ᠤᠨ ᠬᠠᠷᠢᠯᠴᠠᠬᠤ ᠠᠷᠭ᠎ᠠ ᠬᠢᠨᠠᠯᠲᠠ ᠲᠠᠯᠪᠢᠬᠤ ᠰᠠᠯᠠᠭ᠎ᠠ ᠮᠥᠴᠢᠷ᠄ ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠨᠢᠰᠬᠡᠯ ᠤᠨ ᠪᠠᠭᠤᠳᠠᠯ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠡᠮᠦᠨ᠎ᠡ ᠲᠤᠰᠠᠯᠠᠬᠤ ᠵᠠᠮ ᠤᠨ 126 ᠳ᠋ᠤᠭᠠᠷ ᠲᠤᠭᠠᠲᠤ   ᠤᠲᠠᠰᠤ᠄ 0471 - 2212011 ᠰᠢᠤᠳᠠᠨ ᠳ᠋ᠤᠭᠠᠷ᠄ 010010      ᠬᠠᠷᠢᠯᠴᠠᠬᠤ ᠠᠷᠭ᠎ᠠ ᠮᠠᠶ᠋ᠢᠭ ᠳᠠᠭᠠᠭᠠᠴᠢᠯᠠᠯᠲᠠ ᠵᠠᠷᠯᠠᠭᠴᠢ᠄ ᠴᠢᠩ ᠱᠦᠶ ᠾᠧ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ  ᠬᠠᠶ᠋ᠢᠭ᠄ ᠬᠥᠬᠡᠬᠤᠲᠠ ᠶᠢᠨ ᠴᠢᠩ ᠱᠦᠶ ᠾᠧ ᠰᠢᠶᠠᠨ ᠤ ᠵᠠᠮ ᠬᠠᠷᠢᠯᠴᠠᠭᠠᠨ ᠤ ᠭᠤᠳᠤᠮᠵᠢ ᠪᠣᠯᠤᠨ ᠶᠦᠩ ᠠᠨ ᠵᠡᠭᠦᠨ ᠵᠡᠭᠡᠯᠢ ᠶᠢᠨ ᠠᠭᠤᠯᠵᠠᠷ ᠠᠴᠠ ᠵᠡᠭᠦᠨᠰᠢ 150 ᠮᠧᠲᠷ  ᠤᠲᠠᠰᠤ᠄ 13948435979  ᠰᠢᠤᠳᠠᠨ ᠳ᠋ᠤᠭᠠᠷ᠄ 011600 ᠬᠠᠷᠢᠯᠴᠠᠬᠤ ᠬᠥᠮᠦᠨ᠄ ᠬᠤᠤ ᠯᠢ ᠶᠢᠩ  ᠳᠠᠭᠠᠭᠠᠴᠢᠯᠠᠯᠲᠠ ᠵᠠᠷᠯᠠᠬᠤ ᠣᠷᠣᠯᠠᠭᠴᠢ᠄ ᠵᠦᠩ ᠳ᠋ᠡ ᠢᠦᠢ ᠴᠧᠨ ᠲᠦᠷᠦᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠣᠷᠳᠣᠰ ᠵᠡᠭᠦᠨ ᠵᠡᠭᠡᠯᠢ ᠶᠢᠨ ᠰᠢᠨ ᠬᠤᠸᠠ ᠯᠢᠶᠠᠨ ᠶᠠ ᠶᠤᠸᠠᠨ ᠤ ᠬᠤᠶᠢᠲᠤ ᠡᠭᠦᠳᠡᠨ ᠤ ᠵᠡᠭᠦᠨᠳᠡᠬᠢ ᠭᠤᠷᠪᠠᠳᠠᠬᠢ ᠰᠠᠭᠤᠷᠢ ᠲᠡᠯᠭᠡᠭᠦᠷ 1011  ᠰᠢᠤᠳᠠᠨ ᠳ᠋ᠤᠭᠠᠷ᠄ 0010020 ᠤᠲᠠᠰᠤ᠄ 18586065106 ᠬᠠᠷᠢᠯᠴᠠᠬᠤ ᠬᠥᠮᠦᠨ᠄ ᠯᠢᠦ ᠨᠠᠨ ᠵᠦᠸᠧ
 
ᠢᠷᠡᠯᠲᠡ᠄ ᠴᠢᠩ ᠱᠦᠶ ᠾᠧ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号