2021-10-01 03:00:00
ᠨᠡᠶᠢᠲᠡᠯᠡᠭᠰᠡᠨ ᠴᠠᠭ᠄
2021/10/1
     ᠠᠯᠠᠱᠠ ᠳᠠᠬᠢ ᠬᠤᠪᠢᠶᠠᠷᠢ ᠺᠤᠮᠫᠠᠨᠢ ᠶᠢᠨ ᠬᠠᠷᠢᠶ᠎ᠠ ᠵᠠᠮ ᠤᠨ ᠬᠡᠰᠡᠭ ᠲᠠᠬᠢ G7 ᠪᠡᠭᠡᠵᠢᠩ ᠠᠴᠠ ᠰᠢᠨᠵᠢᠶᠠᠩ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠳᠡᠭᠡᠭᠰᠢ ᠶᠠᠪᠤᠬᠤ K1315+350᠂ 10 ᠳ᠋ᠤᠭᠠᠷ ᠰᠠᠷ᠎ᠠ ᠶᠢᠨ 1 ᠤ ᠥᠷᠯᠦᠭᠡ ᠶᠢᠨ 3 ᠴᠠᠭ ᠤᠨ ᠣᠷᠴᠢᠮ ᠢᠶᠠᠷ᠂ ᠨᠢᠭᠡᠨ ᠠᠪᠳᠠᠷᠠᠲᠤ ᠪᠠᠷᠠᠭᠠᠨ ᠤ ᠲᠡᠷᠭᠡ ᠨᠢ ᠨᠢᠭᠡᠨ ᠪᠠᠶᠢᠭᠠᠯᠢ ᠶᠢᠨ ᠰᠢᠲᠠᠮᠠᠬᠠᠢ ᠬᠡᠢ ᠰᠠᠪᠠᠯᠠᠬᠤ ᠲᠡᠷᠭᠡ ᠶᠢ ᠠᠷᠤ ᠠᠴᠠ ᠨᠢ ᠮᠦᠷᠭᠦᠵᠦ᠂ ᠵᠠᠮ ᠤᠨ ᠶᠠᠪᠤᠳᠠᠯ᠂ ᠵᠠᠮ ᠬᠠᠷᠢᠯᠴᠠᠭᠠᠨ ᠤ ᠴᠠᠭᠳᠠᠭ᠎ᠠ ᠠᠴᠠ ᠨᠢᠭᠡᠨᠲᠡ ᠲᠤᠬᠠᠢ ᠶᠢᠨ ᠲᠠᠯᠠᠪᠤᠷ ᠲᠤ ᠬᠦᠷᠬᠦ ᠶᠢᠨ ᠬᠠᠮᠲᠤ᠂ ᠳᠡᠭᠡᠭᠰᠢ ᠶᠠᠪᠤᠬᠤ ᠴᠢᠭᠯᠡᠯ ᠢ ᠪᠢᠲᠡᠭᠦᠮᠵᠢᠯᠡᠨ᠂ ᠥᠷᠯᠦᠭᠡ ᠶᠢᠨ 3 ᠴᠠᠭ 30 ᠳᠤ ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ ᠤᠨ ᠠᠵᠢᠯᠲᠠᠨ ᠨᠢ ᠵᠠᠮ ᠬᠠᠷᠢᠯᠴᠠᠭᠠᠨ ᠤ ᠴᠠᠭᠳᠠᠭ᠎ᠠ ᠶᠢᠨ ᠮᠡᠳᠡᠭᠳᠡᠯ ᠢ ᠲᠣᠰᠴᠤ ᠲᠤᠬᠠᠢ ᠶᠢᠨ ᠲᠠᠯᠠᠪᠤᠷ ᠲᠤ ᠬᠦᠷᠪᠡ᠂ ᠣᠳᠤᠬᠠᠨ ᠳᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠦᠴᠢᠷ᠂ ᠵᠠᠮ ᠬᠠᠷᠢᠯᠴᠠᠭᠠᠨ ᠤ ᠴᠠᠭᠳᠠᠭ᠎ᠠ᠂ ᠵᠠᠮ ᠤᠨ ᠶᠠᠪᠤᠳᠠᠯ᠂ ᠭᠠᠯ ᠤᠨᠲᠠᠷᠠᠭᠠᠬᠤ ᠰᠠᠯᠠᠭ᠎ᠠ ᠮᠦᠴᠢᠷ ᠨᠢ ᠪᠦᠭᠦᠳᠡ ᠲᠤᠬᠠᠢ ᠶᠢᠨ ᠲᠠᠯᠠᠪᠤᠷ ᠲᠤ ᠪᠠᠶᠢᠨ᠎ᠠ᠃      ᠰᠠᠭᠠᠳ ᠲᠠᠢ ᠵᠠᠮ ᠤᠨ ᠬᠡᠰᠡᠭ᠄ K1315+350      ᠲᠠᠰᠤᠯᠤᠭᠰᠠᠨ ᠲᠦᠷᠦᠯ ᠵᠦᠢᠯ᠄ ᠡᠩ ᠤᠨ ᠵᠠᠮ ᠤᠨ ᠪᠠᠶᠢᠳᠠᠯ      ᠲᠠᠰᠤᠯᠤᠭᠰᠠᠨ ᠴᠢᠭᠯᠡᠯ᠄ ᠳᠠᠩ ᠴᠢᠭᠯᠡᠯ      ᠵᠠᠮ ᠲᠠᠰᠤᠯᠤᠭᠰᠠᠨ ᠡᠰᠡᠬᠦ᠄ ᠪᠦᠷᠢᠮᠦᠰᠦᠨ ᠲᠠᠰᠤᠯᠤᠭᠳᠠᠭᠰᠠᠨ      ᠲᠠᠰᠤᠯᠤᠭᠰᠠᠨ ᠰᠢᠯᠲᠠᠭᠠᠨ᠄ ᠲᠡᠷᠭᠡ ᠬᠦᠰᠬᠡ ᠶᠢᠨ ᠵᠠᠮ ᠬᠠᠷᠢᠯᠴᠠᠭᠠᠨ ᠤ ᠠᠳᠡᠭᠳᠡᠯ      ᠪᠠᠷᠤᠭ ᠰᠡᠷᠭᠦᠭᠡᠬᠦ ᠴᠠᠭ᠄ 2021-10-01 15᠄ 38᠄ 00      ᠰᠢᠢᠳᠪᠦᠷᠢᠯᠡᠬᠦ ᠠᠷᠭ᠎ᠠ ᠬᠡᠮᠵᠢᠶ᠎ᠡ᠄ ᠳᠠᠩ ᠴᠢᠭᠯᠡᠯ ᠢᠶᠠᠷ ᠪᠢᠲᠡᠭᠦᠮᠵᠢᠯᠡᠬᠦ      ᠡᠬᠢᠯᠡᠯᠲᠡ ᠶᠢᠨ ᠴᠡᠭ ᠤᠨ ᠪᠠᠭᠠᠨ᠎ᠠ ᠶᠢᠨ ᠳ᠋ᠤᠭᠠᠷ᠄ 1315᠂ 300      ᠵᠣᠭᠰᠤᠯᠲᠠ ᠶᠢᠨ ᠴᠡᠭ ᠤᠨ ᠪᠠᠭᠠᠨ᠎ᠠ ᠶᠢᠨ ᠳ᠋ᠤᠭᠠᠷ᠄ 1315᠂ 400      ᠳᠡᠭᠡᠭᠰᠢ ᠮᠡᠳᠡᠭᠦᠯᠬᠦ ᠨᠢᠭᠡᠴᠢ᠄ ᠦᠪᠦᠷ ᠮᠣᠩᠭᠤᠯ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠡᠯᠡ ᠣᠷᠤᠭᠤᠯᠤᠯᠲᠠ ᠬᠥᠭᠵᠢᠭᠦᠯᠦᠯᠲᠡ ᠶᠢᠨ ᠬᠢᠵᠠᠭᠠᠷᠲᠤ ᠺᠤᠮᠫᠠᠨᠢ ᠶᠢᠨ ᠠᠯᠠᠱᠠ ᠳᠠᠬᠢ ᠬᠤᠪᠢᠶᠠᠷᠢ ᠺᠤᠮᠫᠠᠨᠢ
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号