ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠵᠠᠰᠠᠮᠠᠯ ᠵᠠᠮ ᠤᠰᠤᠨ ᠵᠠᠮ ᠤᠨ ᠪᠠᠶᠢᠳᠠᠯ ᠢ ᠣᠶᠢᠯᠠᠭᠠᠵᠤ ᠲᠣᠭᠠᠴᠠᠭ᠎ᠠ ᠬᠢᠬᠦ ᠠᠵᠢᠯ ᠤᠨ ᠸᠢᠳᠢᠤ᠋ ᠶᠢᠨ ᠪᠣᠯᠪᠠᠰᠤᠷᠠᠭᠤᠯᠤᠯ  ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/11
     ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠰᠤᠨ ᠵᠠᠮ ᠤᠨ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢ ᠢᠯᠭᠠᠷᠠᠭᠤᠯᠤᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠵᠢᠴᠢ ᠨᠢᠭᠲᠠᠯᠠᠨ ᠪᠤᠳᠤᠵᠤ ᠲᠣᠭᠠᠴᠠᠭ᠎ᠠ ᠬᠢᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠬᠢᠭᠡᠳ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ  ᠤᠨ ᠲᠢᠩᠬᠢᠮ ᠣᠶᠢᠷ᠎ᠠ ᠳᠤ ᠸᠢᠳᠢᠤ᠋ ᠶᠢᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃      ᠪᠣᠯᠪᠠᠰᠤᠷᠠᠭᠤᠯᠤᠯ ᠤᠨ ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ  ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠠᠩ ᠰᠢᠶᠠᠩ ᠠᠴᠠ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠵᠠᠰᠠᠮᠠᠯ ᠵᠠᠮ ᠤᠨ ᠡᠳ᠋ ᠬᠥᠷᠥᠩᠭᠡ  ᠶᠢ ᠬᠠᠮᠢᠶᠠᠷᠴᠤ ᠬᠠᠮᠠᠭᠠᠯᠠᠬᠤ ᠶᠢ ᠬᠠᠷᠢᠭᠤᠴᠠᠵᠤ ᠪᠠᠶᠢᠭ᠎ᠠ ᠵᠠᠰᠠᠭ ᠵᠠᠬᠢᠷᠭᠠᠨ ᠠᠵᠢᠯ ᠦᠶᠯᠡᠰ ᠤᠨ ᠨᠢᠭᠡᠴᠢ ᠨᠦᠭᠦᠳ ᠢ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠰ ᠤᠳᠠᠭᠠᠨ ᠤ ᠠᠵᠢᠯ ᠢ ᠥᠷᠨᠢᠭᠦᠯᠬᠦ  ᠶᠢᠨ ᠴᠢᠬᠤᠯᠠ ᠴᠢᠨᠠᠷ ᠤᠨ ᠲᠠᠨᠢᠯᠲᠠ ᠪᠠᠨ ᠴᠢᠩᠭᠠᠳᠬᠠᠬᠤ ᠬᠡᠷᠡᠭᠲᠡᠶ︔ ᠬᠤᠶᠠᠷ ᠲᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠴᠢᠩᠭ᠎ᠠ ᠵᠢᠷᠤᠮᠯᠠᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠵᠢᠯ ᠢᠶᠠᠨ ᠰᠠᠶᠢᠲᠤᠷ ᠬᠢᠬᠦ ᠬᠡᠷᠡᠭᠲᠡᠢ︔ ᠭᠤᠷᠪᠠ ᠳᠤ᠂ ᠠᠯᠬᠤᠮ ᠳᠠᠷᠠᠭ᠎ᠠ ᠬᠤᠪᠢᠶᠠᠨ᠂ ᠲᠠᠰ ᠳᠠᠷᠠᠭᠠᠯᠠᠯ ᠶᠣᠰᠣᠭᠠᠷ ᠲᠣᠰ ᠤᠳᠠᠭᠠᠨ ᠤ ᠵᠠᠰᠠᠮᠠᠯ ᠵᠠᠮ ᠤᠨ ᠢᠯᠭᠠᠷᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠂ ᠭᠤᠤᠯ ᠬᠤᠯᠪᠣᠭᠳᠠᠬᠤ ᠠᠵᠢᠯ ᠤᠨ ᠡᠭᠦᠷᠭᠡ ᠪᠣᠯ ᠨᠢᠭᠡ ᠳᠤ ᠦᠯᠡᠳᠡᠭᠡᠯ ᠡᠳ᠋ ᠬᠥᠷᠥᠩᠭᠡ ᠶᠢ ᠲᠣᠭᠠᠯᠠᠨ ᠪᠦᠷᠢᠳᠬᠡᠵᠦ ᠲᠣᠳᠣᠷᠬᠠᠶ ᠣᠶᠢᠯᠠᠭᠠᠬᠤ᠂ ᠬᠤᠶᠠᠷ ᠲᠤ ᠲᠠᠩᠰᠠᠨ ᠳᠤ ᠣᠷᠣᠭᠤᠯᠬᠤ ᠥᠷᠲᠡᠭ ᠢ ᠲᠣᠭᠲᠠᠭᠠᠬᠤ᠂ ᠭᠤᠷᠪᠠ ᠳᠤ ᠲᠠᠩᠰᠠᠨ ᠳᠤ ᠣᠷᠣᠭᠤᠯᠬᠤ ᠭᠤᠤᠯ ᠴᠣᠭᠴᠠ ᠶᠢ ᠲᠣᠭᠲᠠᠭᠠᠬᠤ᠂ ᠳᠥᠷᠪᠡ ᠳᠤ ᠢᠯᠭᠠᠷᠠᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠨ᠎ᠠ ᠭᠡᠵᠦ ᠴᠢᠬᠤᠯᠠᠴᠢᠯᠠᠪᠠ᠃ ᠲᠢᠩᠬᠢᠮ ᠤᠨ ᠡᠳ᠋ ᠤᠨ ᠶᠠᠪᠤᠳᠠᠯ ᠤᠨ ᠭᠠᠵᠠᠷ ᠤᠨ ᠬᠠᠷᠢᠭᠤᠴᠠᠯᠭᠠᠲᠠᠨ ᠠᠴᠠ ᠠᠵᠢᠯ ᠤᠨ ᠲᠥᠰᠦᠯ ᠤᠨ ᠲᠤᠬᠠᠶ ᠲᠠᠶᠢᠯᠤᠮᠵᠢ ᠬᠢᠬᠦ ᠶᠢᠨ ᠬᠠᠮᠲᠤ ᠪᠠᠰᠠ ᠵᠠᠰᠠᠮᠠᠯ ᠵᠠᠮ ᠤᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠪᠠ ᠲᠠᠩᠰᠠᠨ ᠳᠤ ᠣᠷᠣᠭᠤᠯᠬᠤ ᠲᠤᠰᠬᠠᠶ ᠮᠡᠷᠭᠡᠵᠢᠯᠲᠡᠨ ᠢ ᠤᠷᠢᠵᠤ ᠢᠯᠭᠠᠷᠠᠭᠤᠯᠤᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠵᠢᠴᠢ ᠨᠢᠭᠲᠠᠯᠠᠨ ᠪᠤᠳᠤᠵᠤ ᠲᠣᠭᠠᠴᠠᠭ᠎ᠠ ᠬᠢᠬᠦ ᠠᠵᠢᠯ ᠢ ᠬᠡᠷᠬᠢᠨ ᠥᠷᠨᠢᠭᠦᠯᠬᠦ ᠲᠤᠬᠠᠶ ᠲᠠᠨᠢᠯᠴᠠᠭᠤᠯᠤᠭᠰᠠᠨ ᠪᠥᠭᠡᠳ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠪᠡ᠃       ︽13.5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠪᠣᠯᠬᠤ ᠳᠤ᠂ ᠪᠥᠬᠦ ᠣᠷᠣᠨ ᠤ ᠵᠠᠰᠠᠮᠠᠯ ᠵᠠᠮ ᠤᠨ ᠶᠡᠷᠦᠩᠬᠡᠶ ᠣᠷᠳᠣ ᠨᠢ 21 ᠲᠦᠮᠡᠨ ᠺᠢᠯᠣᠮᠧᠲᠷ ᠲᠤ ᠬᠦᠷᠪᠡ᠃ ᠲᠣᠰ ᠤᠳᠠᠭ᠎ᠠ ᠵᠠᠰᠠᠮᠠᠯ ᠵᠠᠮ ᠤᠰᠤᠨ ᠵᠠᠮ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠳᠤ ᠢᠯᠭᠠᠷᠠᠭᠤᠯᠤᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠵᠢᠴᠢ ᠨᠢᠭᠲᠠᠯᠠᠨ ᠪᠤᠳᠤᠵᠤ ᠲᠣᠭᠠᠴᠠᠭ᠎ᠠ ᠬᠢᠬᠦ ᠨᠢ 2021 ᠣᠨ ᠤ ᠡᠴᠦᠰ ᠲᠤ ᠪᠥᠬᠦ ᠲᠤᠭ᠎ᠠ ᠪᠠᠷᠢᠮᠲᠠ ᠶᠢ ᠬᠠᠮᠢᠶᠠᠷᠬᠤ ᠵᠢᠴᠢ ᠲᠠᠩᠰᠠᠨ ᠳᠤ ᠣᠷᠣᠭᠤᠯᠤᠨ ᠲᠣᠭᠠᠴᠠᠭ᠎ᠠ ᠬᠢᠬᠦ ᠳᠤ ᠴᠢᠬᠤᠯᠠ ᠲᠤᠯᠭᠠᠭᠤᠷᠢᠯᠠᠯ ᠬᠠᠩᠭᠠᠬᠤ ᠪᠣᠯᠤᠨ᠎ᠠ᠃  ︵ᠮᠠ ᠯᠢ ᠵᠢᠤᠸᠠᠨ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号