ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠪᠥᠬᠦ ᠣᠷᠣᠨ ᠳᠤ 533.5 ᠲᠦᠮᠡᠨ ᠲᠡᠷᠭᠡ ᠤᠳᠠᠭ᠎ᠠ ᠵᠢᠵᠢᠭ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠦᠨ᠎ᠡ ᠲᠦᠯᠦᠪᠦᠷᠢ ᠥᠬᠡᠶ ᠪᠠᠷ ᠨᠡᠪᠲᠡᠷᠡᠪᠡ
ᠨᠡᠶᠢᠲᠡᠯᠡᠭᠰᠡᠨ ᠴᠠᠭ᠄
2021/10/11
     10 ᠳ᠋ᠤᠭᠠᠷ ᠰᠠᠷ᠎ᠠ ᠶᠢᠨ 1 ᠤ ᠡᠳᠦᠷ ᠤᠨ 0 ᠴᠠᠭ ᠠᠴᠠ 10 ᠳ᠋ᠤᠭᠠᠷ ᠰᠠᠷ᠎ᠠ ᠶᠢᠨ 7 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ 7 ᠰᠠᠭᠤᠳᠠᠯ ᠵᠢᠴᠢ ᠲᠡᠭᠦᠨ ᠠᠴᠠ ᠳᠣᠷᠣᠭᠰᠢᠬᠢ ᠵᠢᠵᠢᠭ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠶᠢ 533.5 ᠲᠦᠮᠡᠨ ᠲᠡᠷᠭᠡ ᠤᠳᠠᠭ᠎ᠠ ᠰᠦᠢᠳᠭᠡᠯ ᠬᠤᠷᠢᠶᠠᠭᠰᠠᠨ ᠥᠬᠡᠶ᠂ ᠨᠡᠪᠲᠡᠷᠡᠬᠦ ᠰᠦᠢᠳᠭᠡᠯ 1.6 ᠳ᠋ᠦᠩᠰᠢᠭᠤᠷ ᠲᠥᠭᠦᠷᠢᠭ ᠬᠤᠷᠢᠶᠠᠭᠰᠠᠨ ᠥᠬᠡᠶ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.1% ᠪᠠᠷ ᠨᠡᠮᠡᠭᠳᠡᠪᠡ᠃ ᠡᠭᠦᠨ ᠳᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠨᠡᠪᠲᠡᠷᠡᠬᠦ ᠰᠦᠢᠳᠭᠡᠯ ᠬᠤᠷᠢᠶᠠᠭᠰᠠᠨ ᠥᠬᠡᠶ ᠵᠢᠵᠢᠭ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ 347.9 ᠲᠦᠮᠡᠨ ᠲᠡᠷᠭᠡᠨ ᠤ ᠤᠳᠠᠭ᠎ᠠ᠂ ᠨᠡᠪᠲᠡᠷᠡᠬᠦ ᠰᠦᠢᠳᠭᠡᠯ 1.3 ᠳ᠋ᠦᠩᠰᠢᠭᠤᠷ ᠲᠥᠭᠦᠷᠢᠭ ᠬᠤᠷᠢᠶᠠᠭᠰᠠᠨ ᠥᠬᠡᠶ︔ ᠡᠩ ᠤᠨ ᠵᠠᠰᠠᠮᠠᠯ ᠵᠠᠮ ᠤᠨ ᠨᠡᠪᠲᠡᠷᠡᠬᠦ ᠰᠦᠢᠳᠭᠡᠯ ᠬᠤᠷᠢᠶᠠᠭᠰᠠᠨ ᠥᠬᠡᠶ ᠵᠢᠵᠢᠭ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ 185.6 ᠲᠦᠮᠡᠨ ᠲᠡᠷᠭᠡ ᠤᠳᠠᠭ᠎ᠠ᠂ ᠨᠡᠪᠲᠡᠷᠡᠬᠦ ᠰᠦᠢᠳᠭᠡᠯ 0.3 ᠳ᠋ᠦᠩᠰᠢᠭᠤᠷ ᠲᠥᠭᠦᠷᠢᠭ ᠬᠤᠷᠢᠶᠠᠭᠰᠠᠨ ᠦᠭᠡᠢ᠃    ᠡᠨᠡ ᠬᠤᠭᠤᠴᠠᠭᠠᠨ ᠳᠤ᠂ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠶᠢᠨ ᠬᠢᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠤᠨ ᠳᠡᠭᠡᠳᠦ ᠬᠤᠷᠳᠦ ᠶᠢᠨ ᠵᠠᠰᠠᠮᠠᠯ ᠵᠠᠮ ᠤᠨ ᠦᠨ᠎ᠡ ᠲᠦᠯᠦᠪᠦᠷᠢ ᠥᠬᠡᠶ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠯᠠᠨ ᠤ ᠳᠥᠭᠦᠮ ᠳᠥᠲᠡ ᠥᠨᠳᠥᠷ ᠪᠦᠲᠦᠮᠵᠢᠲᠡᠢ ᠪᠠᠷ ᠭᠠᠳᠠᠭᠰᠢ ᠭᠠᠷᠬᠤ ᠶᠢ ᠪᠠᠲᠤᠯᠠᠪᠠ︔ ᠡᠭᠦᠨ ᠤ ᠬᠠᠮᠲᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ᠂ ᠰᠦᠢᠳᠭᠡᠯ ᠬᠤᠷᠢᠶᠠᠬᠤ ᠥᠷᠲᠡᠭᠡ ᠵᠢᠴᠢ ᠠᠷᠠᠴᠢᠯᠠᠨ ᠬᠠᠮᠠᠭᠠᠯᠠᠬᠤ ᠵᠡᠷᠭᠡ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠵᠠᠮ ᠬᠠᠷᠢᠯᠴᠠᠭᠠᠨ ᠤ ᠠᠳᠡᠭᠳᠡᠯ ᠤᠨ ᠠᠪᠤᠷᠠᠨ ᠲᠤᠰᠠᠯᠠᠬᠤ᠂ ᠵᠠᠮ ᠬᠠᠷᠢᠯᠴᠠᠭᠠᠨ ᠤ ᠲᠦᠭᠵᠢᠷᠡᠯ ᠢ ᠵᠠᠯᠠᠵᠤ ᠵᠢᠯᠣᠭᠤᠳᠬᠤ ᠵᠡᠷᠭᠡ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠭᠠᠳᠠᠭᠰᠢ ᠭᠠᠷᠬᠤ ᠶᠢᠨ ᠠᠮᠤᠷ ᠲᠦᠪᠰᠢᠨ ᠢ ᠦᠨᠡᠨ ᠬᠦ ᠪᠠᠲᠤᠯᠠᠪᠠ︔ ᠡᠭᠦᠨ ᠤ ᠬᠠᠮᠲᠤ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠲᠠᠢ ᠪᠠᠶᠢᠬᠤ︾ ᠶᠣᠰᠣᠭᠠᠷ᠂ ᠵᠢᠵᠢᠭᠦᠷᠯᠡᠨ ᠰᠠᠬᠢᠬᠤ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠡᠨᠡᠳᠲᠡ ᠶᠢᠨ ᠬᠡᠷᠡᠭ ᠢ ᠴᠠᠭ ᠲᠤᠬᠠᠶ ᠳᠤ ᠨᠢ ᠲᠣᠬᠢᠲᠠᠶ ᠰᠢᠢᠳᠪᠦᠷᠢᠯᠡᠬᠦ᠂ ᠮᠡᠳᠡᠭᠡ ᠵᠠᠩᠭᠢ ᠶᠢ ᠳᠡᠭᠡᠭᠰᠢ ᠳᠠᠮᠵᠢᠭᠤᠯᠤᠨ ᠲᠣᠷᠤᠭᠰᠢ ᠪᠠᠭᠤᠯᠭᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠬᠦ ᠶᠢ ᠦᠨᠡᠨ ᠬᠦ ᠪᠠᠲᠤᠯᠠᠪᠠ᠃ ︽12122᠂ 95022᠂ 12328︾ ᠦᠢᠯᠡᠴᠢᠯᠡᠭᠡᠨ ᠤ ᠤᠲᠠᠰᠤ ᠨᠡᠶᠢᠲᠡ 4968 ᠤᠲᠠᠰᠤ ᠲᠤᠰᠴᠤ᠂ ᠡᠭᠦᠨ ᠳᠤ ᠠᠪᠤᠷᠠᠨ ᠲᠤᠰᠠᠯᠠᠯᠲᠠ ᠶᠢᠨ ᠡᠷᠭᠢᠯᠲᠡ ᠶᠢᠨ ᠲᠥᠷᠥᠯ ᠤᠨ 559᠂ ᠵᠠᠮ ᠤᠨ ᠪᠠᠶᠢᠳᠠᠯ ᠤᠨ ᠯᠠᠪᠯᠠᠭ᠎ᠠ ᠶᠢᠨ 1878᠂ ETC ᠯᠠᠪᠯᠠᠭ᠎ᠠ ᠶᠢᠨ 328᠂ ᠪᠤᠰᠤᠳ ᠲᠥᠷᠥᠯ ᠤᠨ 2203 ᠪᠣᠶ᠃ ︵ᠺᠦ᠋ ᠲᠢᠩ ᠲᠢᠩ︶
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号