ᠠᠯᠠᠱᠠ ᠠᠶᠢᠮᠠᠭ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠠᠬᠢ ᠠᠶᠠᠨᠴᠢᠳ ᠤᠨ ᠲᠡᠭᠡᠭᠡᠪᠦᠷᠢ ᠶᠢᠨ ᠪᠠᠲᠤᠯᠠᠭ᠎ᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠠᠶᠡᠯᠡᠭᠦᠯᠪᠡ
ᠨᠡᠶᠢᠲᠡᠯᠡᠭᠰᠡᠨ ᠴᠠᠭ᠄
2021/10/13
     ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠠᠯᠠᠱᠠ ᠠᠶᠢᠮᠠᠭ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠨᠢ ᠠᠶᠠᠨᠴᠢᠳ ᠤᠨ ᠲᠡᠭᠡᠭᠡᠪᠦᠷᠢ ᠶᠢᠨ ᠠᠮᠤᠷ ᠲᠦᠪᠰᠢᠨ ᠤ ᠬᠠᠮᠢᠶᠠᠷᠤᠯᠲᠠ ᠪᠠᠨ ᠪᠥᠬᠦ ᠲᠠᠯ᠎ᠠ ᠪᠠᠷ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠵᠢᠯ ᠢ ᠰᠠᠶᠢᠲᠤᠷ ᠬᠢᠵᠦ᠂ ᠠᠶᠠᠨᠴᠢᠳ ᠤᠨ ᠲᠡᠭᠡᠭᠡᠪᠦᠷᠢ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠪᠥᠬᠦ ᠠᠶᠢᠮᠠᠭ ᠤᠨ ᠠᠶᠠᠨᠴᠢᠳ ᠤᠨ ᠲᠡᠭᠡᠭᠡᠪᠦᠷᠢ ᠶᠢᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠪᠠ ᠣᠯᠠᠨ ᠲᠦᠮᠡᠨ ᠤ ᠶᠠᠪᠤᠵᠤ ᠰᠠᠭᠤᠬᠤ ᠳᠤ ᠲᠠᠭᠠᠯᠠᠮᠵᠢᠲᠠᠶ ᠪᠥᠭᠡᠳ ᠳᠥᠭᠦᠮ ᠳᠥᠲᠡ ᠪᠠᠶᠢᠬᠤ ᠶᠢ ᠬᠦᠴᠦᠲᠡᠶ ᠪᠠᠲᠤᠯᠠᠭᠰᠠᠨ ᠪᠠᠶᠢᠨ᠎ᠠ᠃      ᠠᠮᠠᠷᠠᠯᠲᠠ ᠶᠢᠨ ᠬᠤᠭᠤᠴᠠᠭᠠᠨ ᠳᠤ᠂ ᠪᠥᠬᠦ ᠠᠶᠢᠮᠠᠭ ᠤᠨ ᠬᠢᠨ ᠡᠳᠦᠷ ᠪᠦᠷᠢ ᠳᠤᠮᠳᠠᠴᠢ ᠪᠠᠷ 97 ᠠᠶᠠᠨᠴᠢᠳ ᠤᠨ ᠮᠠᠰᠢᠨ ᠲᠡᠷᠭᠡ ᠣᠷᠣᠭᠤᠯᠵᠤ᠂ ᠨᠡᠶᠢᠲᠡ ᠠᠶᠠᠨᠴᠢᠳ ᠤᠨ ᠰᠠᠭᠤᠳᠠᠯ ᠨᠢ 0.39 ᠲᠦᠮᠡᠨ ᠰᠠᠭᠤᠳᠠᠯ ᠳᠤ ᠬᠦᠷᠴᠦ᠂ ᠡᠭᠡᠯᠵᠢ ᠶᠢᠨ ᠮᠠᠰᠢᠨ 2 ᠨᠡᠮᠡᠵᠦ᠂ 458 ᠲᠡᠷᠭᠡ ᠤᠳᠠᠭ᠎ᠠ ᠳᠤ ᠬᠦᠷᠴᠦ᠂ 4952 ᠬᠥᠮᠦᠨ ᠤᠳᠠᠭ᠎ᠠ ᠶᠢᠨ ᠠᠶᠠᠨᠴᠢᠳ ᠤᠨ ᠲᠡᠭᠡᠭᠡᠪᠦᠷᠢ ᠶᠢ ᠪᠡᠶᠡᠯᠡᠭᠦᠯᠵᠡᠶ᠃ ᠠᠶᠠᠨᠴᠢᠳ ᠰᠠᠭᠠᠲᠠᠬᠤ ᠦᠵᠡᠭᠳᠡᠯ ᠭᠠᠷᠤᠭᠰᠠᠨ ᠦᠭᠡᠶ᠃ ᠡᠯ᠎ᠡ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠳ ᠨᠢᠭᠡ ᠳᠤ᠂ ᠠᠮᠤᠷ ᠲᠦᠪᠰᠢᠨ ᠤ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠶᠠᠨᠴᠢᠳ ᠤᠨ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠪᠠᠲᠤᠯᠠᠪᠠ᠃ ᠠᠶᠠᠨᠴᠢᠳ ᠤᠨ ᠲᠡᠭᠡᠭᠡᠪᠦᠷᠢ ᠶᠢᠨ ᠥᠷᠲᠡᠭᠡᠨ ᠤ ᠬᠢᠨ ᠨᠠᠶᠢᠳᠠᠨ ᠲᠡᠭᠡᠭᠡᠪᠦᠷᠢᠯᠡᠬᠦᠯᠬᠦ ᠪᠣᠭᠤᠳᠠᠯ ᠳᠤ ᠪᠣᠭᠤᠳᠠᠯ ᠨᠡᠭᠡᠭᠡᠵᠦ ᠪᠠᠶᠢᠴᠠᠭᠠᠬᠤ ᠶᠢ ᠴᠢᠩᠭ᠎ᠠ ᠬᠡᠷᠡᠭᠵᠢᠭᠦᠯᠵᠦ᠂ ︽ᠭᠤᠷᠪᠠᠨ  ᠵᠦᠢᠯ︾ ᠤᠨ ᠪᠠᠶᠢᠴᠠᠭᠠᠯᠲᠠ ᠶᠢᠨ ᠡᠷᠴᠢᠮ ᠪᠠ ᠲᠡᠷᠭᠡ ᠬᠥᠰᠬᠡ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ︽ᠭᠤᠷᠪᠠᠨ ᠵᠦᠢᠯ︾ ᠤᠨ ᠥᠷᠲᠡᠭᠡᠨ ᠳᠤ ᠣᠷᠣᠵᠤ ᠲᠡᠷᠭᠡᠨ ᠳᠤ ᠭᠠᠷᠬᠤ ᠪᠠ ᠲᠡᠷᠭᠡ ᠬᠥᠰᠬᠡ ᠶᠢᠨ ︽ᠭᠡᠮ ᠲᠠᠢ︾ ᠠᠵᠢᠯᠯᠠᠬᠤ ᠶᠢ ᠡᠷᠡᠰ ᠬᠤᠷᠢᠭᠯᠠᠵᠤ᠂ ︽ᠥᠷᠲᠡᠭᠡᠨ ᠳᠤ ᠣᠷᠣᠬᠤ ᠡᠭᠦᠳᠡ︾ ᠪᠠ ︽ᠲᠡᠷᠭᠡ ᠶᠠᠪᠤᠭᠤᠯᠬᠤ ᠪᠣᠭᠤᠮᠲᠠ︾ ᠶᠢ ᠰᠠᠶᠢᠲᠤᠷ ᠰᠠᠬᠢᠵᠤ᠂ ᠤᠯᠤᠰ ᠤᠨ ᠪᠠᠶᠠᠷ ᠤᠨ ᠣᠷᠳᠣ ᠠᠮᠠᠷᠠᠯᠲᠠ ᠶᠢᠨ ᠲᠤᠯᠤᠭᠠᠨ ᠡᠳᠦᠷ ᠲᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠠᠳᠡᠯ ᠭᠠᠷᠤᠭᠰᠠᠨ ᠥᠬᠡᠶ᠃ ᠬᠤᠶᠠᠷ ᠲᠤ᠂ ᠪᠠᠶᠠᠷ ᠳᠤᠷᠠᠰᠬᠠᠯ ᠤᠨ ᠡᠳᠦᠷ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠡᠬᠢᠯᠡᠨ ᠬᠡᠷᠡᠭᠵᠢᠭᠦᠯᠵᠦ᠂ ᠠᠶᠠᠨᠴᠢᠳ ᠤᠨ ᠰᠠᠭᠠᠳ ᠦᠭᠡᠶ ᠶᠠᠪᠤᠵᠤ ᠰᠠᠭᠤᠬᠤ ᠶᠢ ᠪᠠᠲᠤᠯᠠᠪᠠ᠃ ︽ᠭᠤᠷᠪᠠᠨ ᠥᠷᠲᠡᠭᠡᠨ ᠳᠤ ᠣᠷᠣᠬᠤ ᠥᠬᠡᠶ ᠂ ᠵᠢᠷᠭᠤᠭᠠᠨ ᠥᠷᠲᠡᠭᠡᠨ ᠠᠴᠠ ᠭᠠᠷᠬᠤ ᠥᠬᠡᠶ︾ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ︽ᠲᠠᠪᠤᠨ ᠦᠯᠦ ᠬᠤᠶᠠᠷ ᠢ ᠯᠠᠪᠲᠠᠶ ᠪᠠᠲᠤᠯᠠᠬᠤ︾ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠵᠢᠯᠣᠭᠤᠴᠢ ᠳᠤ ᠬᠤᠷᠳᠤᠴᠠ ᠪᠠᠨ ᠪᠠᠭᠠᠰᠬᠠᠵᠤ ᠤᠳᠠᠭᠠᠨ ᠶᠠᠪᠤᠬᠤ ᠶᠢ ᠰᠠᠨᠠᠭᠤᠯᠵᠤ᠂ ᠳᠣᠬᠢᠭᠤᠷ ᠲᠤᠯᠤᠭᠠᠨ ᠳᠠᠭᠠᠭᠤᠯᠢ ᠣᠲᠣ ᠪᠠᠷ ᠭᠠᠷᠭᠠᠭᠰᠠᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡ ᠶᠢ ᠴᠥᠮ ᠭᠤᠤᠯᠳᠠᠯᠭ᠎ᠠ ᠲᠠᠢ ᠬᠢᠨᠠᠨ ᠡᠵᠡᠮᠳᠡᠬᠦ ᠮᠠᠰᠢᠨ ᠲᠡᠷᠭᠡᠨ ᠳᠤ ᠣᠷᠣᠭᠤᠯᠵᠤ᠂ ᠬᠡᠳᠦ ᠬᠤᠷᠳᠤᠨ ᠪᠠ ᠶᠠᠳᠠᠷᠠᠭᠤ ᠪᠠᠷ ᠵᠢᠯᠣᠭᠤᠳᠬᠤ ᠦᠢᠯᠡ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号