ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/10/13
     ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠶᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠦᠨᠡᠯᠡᠨ ᠵᠢᠱᠢᠵᠦ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠨ ᠵᠢᠯᠣᠭᠤᠳᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠨᠡᠶᠢᠲᠡᠯᠡᠭᠰᠡᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠮᠤᠵᠢ ᠶᠢᠨ ᠱᠠᠲᠤᠨ ᠤ ᠳᠠᠪᠬᠤᠷᠭ᠎ᠠ ᠶᠢᠨ ᠡᠭᠦᠷᠭᠡ ᠶᠢᠨ ᠨᠠᠷᠢᠨ ᠬᠠᠭᠤᠳᠠᠰᠤ ᠶᠢᠨ ᠬᠤᠯᠪᠣᠭᠳᠠᠯ ᠪᠥᠬᠦᠶ ᠨᠠᠶᠢᠳᠠᠪᠤᠷᠢᠵᠢᠭᠤᠯᠬᠤ ᠱᠠᠭᠠᠷᠳᠠᠯᠭ᠎ᠠ ᠪᠠ ︽ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠪᠠᠶᠢᠴᠠᠭᠠᠨ ᠨᠡᠬᠡᠮᠵᠢᠯᠡᠵᠦ ᠴᠡᠭᠴᠡᠯᠡᠨ ᠰᠠᠶᠢᠵᠢᠷᠠᠭᠤᠯᠬᠤ〈 ᠡᠷᠬᠢᠨ ᠬᠠᠷᠠᠬᠤ 〉ᠠᠵᠢᠯ ᠥᠷᠨᠢᠭᠦᠯᠬᠦ ᠲᠤᠬᠠᠶ ᠮᠡᠳᠡᠭᠳᠡᠯ︾ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ 9 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠬᠢᠯᠡᠨ 10 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ ᠪᠥᠬᠦ ᠰᠢᠰᠲ᠋ᠧᠮ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠪᠠᠶᠢᠴᠠᠭᠠᠨ ᠨᠡᠬᠡᠮᠵᠢᠯᠡᠵᠦ ᠴᠡᠭᠴᠡᠯᠡᠨ ᠰᠠᠶᠢᠵᠢᠷᠠᠭᠤᠯᠬᠤ ︽ᠡᠷᠬᠢᠨ ᠬᠠᠷᠠᠬᠤ︾ ᠠᠵᠢᠯ ᠢ ᠥᠷᠨᠢᠭᠦᠯᠦᠨ᠎ᠡ᠃      ᠠᠵᠢᠯ ᠤᠨ ᠲᠥᠰᠦᠯ ᠳᠤ ᠱᠠᠭᠠᠷᠳᠠᠭᠰᠠᠨ ᠨᠢ᠂ ᠡᠯ᠎ᠡ ᠭᠠᠵᠠᠷ᠂ ᠡᠯ᠎ᠡ ᠨᠢᠭᠡᠴᠢ ᠶᠢᠨ ᠬᠢᠨ ᠳᠡᠭᠡᠳᠦ ᠬᠡᠮᠵᠢᠶ᠎ᠡ  ᠪᠠᠷ ᠴᠢᠬᠤᠯᠠᠴᠢᠯᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠲᠢᠩᠬᠢᠮ ᠤᠨ ᠲᠠᠰ ᠤᠨ ᠨᠢᠭᠡᠳᠦᠯᠲᠡᠶ ᠲᠥᠯᠥᠪᠵᠢᠭᠦᠯᠭᠡ᠂ ᠱᠠᠲᠤ ᠬᠤᠪᠢᠶᠠᠨ ᠠᠬᠢᠭᠤᠯᠬᠤ ᠬᠡᠯᠪᠡᠷᠢ ᠪᠠᠷ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ︽ᠡᠷᠬᠢᠨ ᠬᠠᠷᠠᠬᠤ︾ ᠠᠵᠢᠯ ᠢ ᠲᠥᠪ ᠴᠢᠩᠭ᠎ᠠ ᠨᠠᠷᠢᠨ ᠬᠢᠨᠠᠮᠠᠭᠠᠶ ᠥᠷᠨᠢᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ᠂ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠬᠤᠰᠢᠭᠤ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ ᠱᠠᠲᠤ ᠳᠠᠷᠠᠭᠠᠯᠠᠨ ︽ᠡᠷᠭᠢᠨ ᠬᠠᠷᠠᠬᠤ︾ ᠠᠵᠢᠯᠯᠠᠭ᠎ᠠ ᠥᠷᠨᠢᠭᠦᠯᠬᠦ ᠬᠡᠷᠡᠭᠲᠡᠶ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠱᠠᠭᠠᠷᠳᠠᠯᠭ᠎ᠠ ᠲᠠᠢ ᠤᠶᠠᠯᠳᠤᠭᠤᠯᠤᠨ ᠬᠠᠨᠳᠤᠯᠭᠠᠲᠤ ᠴᠢᠨᠠᠷᠲᠠᠶ ︽ᠡᠷᠬᠢᠨ ᠬᠠᠷᠠᠬᠤ︾ ᠠᠵᠢᠯ ᠤᠨ ᠲᠥᠰᠦᠯ ᠢ ᠲᠣᠭᠲᠠᠭᠠᠵᠤ᠂ ᠠᠵᠢᠯ ᠤᠨ ᠬᠠᠷᠠᠯᠲᠠ᠂ ᠭᠤᠤᠯᠳᠠᠯᠭ᠎ᠠ ᠲᠠᠢ ᠡᠭᠦᠷᠭᠡ ᠪᠠ ᠴᠠᠭ ᠤᠨ ᠲᠣᠬᠢᠷᠠᠭᠤᠯᠤᠯᠲᠠ ᠶᠢ ᠲᠣᠳᠤᠷᠬᠠᠶᠢᠯᠠᠬᠤ ᠬᠡᠷᠡᠭᠲᠡᠢ᠃ ᠨᠢᠭᠡᠳᠦᠯᠲᠡᠶ ᠲᠥᠯᠥᠪᠵᠢᠭᠦᠯᠬᠦ ᠬᠦᠴᠦᠨ ᠢᠶᠠᠨ ᠴᠢᠩᠭᠠᠳᠬᠠᠵᠤ᠂ ᠴᠡᠭ ᠲᠣᠭᠲᠠᠭᠠᠨ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ᠂ ᠲᠣᠭᠤᠷᠢᠨ ᠪᠠᠶᠢᠴᠠᠭᠠᠵᠤ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ ᠵᠡᠷᠭᠡ ᠠᠷᠭ᠎ᠠ ᠬᠡᠯᠪᠡᠷᠢ ᠶᠢ ᠠᠪᠴᠤ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠤᠭᠰᠠᠨ ᠨᠢ ᠦᠷ᠎ᠡ ᠪᠦᠲᠦᠮᠵᠢ ᠥᠬᠡᠶ ᠭᠠᠵᠠᠷ ᠣᠷᠣᠨ ᠪᠠ ᠨᠢᠭᠡᠴᠢ ᠳᠤ ᠬᠠᠨᠳᠤᠯᠭ᠎ᠠ ᠲᠠᠢ ᠰᠢᠮᠳᠠᠭᠤᠯᠤᠨ ᠵᠢᠯᠣᠭᠤᠳᠴᠤ᠂ ᠨᠠᠵᠠᠭᠠᠶ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠭᠠᠷᠤᠭᠰᠠᠨ ᠭᠠᠵᠠᠷ ᠣᠷᠣᠨ ᠪᠠ ᠨᠢᠭᠡᠴᠢ ᠳᠤ ᠴᠡᠭ ᠲᠤ ᠰᠠᠭᠤᠵᠤ ᠰᠢᠮᠳᠠᠭᠤᠯᠤᠨ ᠵᠢᠯᠣᠭᠤᠳᠴᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ  ᠤᠨ ᠬᠠᠤᠯᠢ ᠬᠡᠷᠡᠭᠵᠢᠭᠦᠯᠬᠦ ᠨᠢᠭᠡᠴᠢ ᠲᠠᠢ ᠠᠰᠠᠭᠤᠳᠠᠯ ᠢ ᠨᠢᠭᠤᠷᠳᠠᠨ ᠰᠤᠳᠤᠯᠵᠤ᠂ ᠪᠡᠶ᠎ᠡ ᠪᠠᠷ ᠢᠶᠠᠨ ᠵᠢᠯᠣᠭᠤᠳᠤᠨ ᠳᠠᠭᠠᠭᠤᠯᠵᠤ᠂ ᠴᠡᠭ ᠠᠴᠠ ᠴᠡᠭ ᠲᠤ ᠬᠦᠷᠴᠦ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠵᠤ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠶᠯᠡᠳᠦᠯᠭᠡ ᠶᠢᠨ ᠠᠵᠢᠯᠯᠠᠭ᠎ᠠ ᠪᠠ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠪᠣᠳᠠᠲᠠᠶ ᠳᠤ ᠨᠠᠶᠢᠳᠠᠪᠤᠷᠢᠵᠢᠭᠤᠯᠤᠭᠳᠠᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠠᠷᠠᠳ ᠣᠯᠠᠨ ᠤ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠦᠷᠭᠦᠯᠵᠢᠯᠡᠨ ᠰᠢᠯᠤᠭᠤᠳᠬᠠᠵᠤ᠂ 12328 ᠦᠶᠯᠡᠴᠢᠯᠡᠭᠡᠨ ᠤ ᠬᠢᠨᠠᠯᠲᠠ ᠲᠠᠯᠪᠢᠬᠤ ᠤᠳᠠᠰᠤ ᠶᠢᠨ ᠰᠦᠪᠡᠭᠴᠢ ᠴᠤᠭᠯᠠᠭᠤᠯᠬᠤ᠂ ᠬᠠᠷᠭᠤᠭᠤᠯᠤᠨ ᠪᠠᠶᠢᠴᠠᠭᠠᠵᠤ ᠦᠨᠡᠯᠡᠨ ᠵᠢᠱᠢᠬᠦ ᠵᠡᠷᠭᠡ ᠲᠠᠯ᠎ᠠ ᠶᠢᠨ ᠦᠶᠯᠡᠳᠦᠯ ᠢ ᠰᠠᠶᠢᠲᠤᠷ ᠪᠠᠳᠠᠷᠠᠭᠤᠯᠤᠨ᠎ᠠ᠃ ᠠᠷᠠᠳ ᠤᠯᠠᠨ ᠢᠯᠠᠩᠭᠤᠶ᠎ᠠ ᠠᠵᠢᠯᠯᠠᠵᠤ ᠪᠠᠶᠢᠭ᠎ᠠ ᠬᠥᠮᠦᠰ ᠤᠨ ᠲᠤᠰᠬᠠᠭᠰᠠᠨ ᠠᠰᠠᠭᠤᠳᠠᠯ ᠢ ᠮᠥᠷᠳᠡᠬᠦ᠂ ᠰᠢᠢᠳᠪᠦᠷᠢᠯᠡᠬᠦ᠂ ᠬᠠᠷᠢᠭᠤᠯᠬᠤ᠂ ᠰᠢᠪᠠᠳᠠᠨ ᠬᠢᠯᠭᠡᠬᠦ᠂ ᠲᠠᠬᠢᠨ ᠬᠢᠨᠠᠬᠤ ᠶᠢ ᠴᠢᠩᠭᠠᠳᠬᠠᠵᠤ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤᠯᠲᠠ ᠥᠭᠬᠦ ᠶᠢ ᠦᠨᠡᠨ ᠬᠦ ᠪᠠᠲᠤᠯᠠᠬᠤ ᠬᠡᠷᠡᠭᠲᠡᠢ᠃      ᠠᠵᠢᠯ ᠤᠨ ᠲᠥᠰᠦᠯ ᠳᠤ ᠵᠢᠭᠠᠵᠤ ᠭᠠᠷᠭᠠᠭᠰᠠᠨ ᠨᠢ᠂ ᠡᠯ᠎ᠡ ᠭᠠᠵᠠᠷ᠂ ᠡᠯ᠎ᠡ ᠨᠢᠭᠡᠴᠢ ᠶᠢᠨ ᠬᠢᠨ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ︽ᠡᠷᠬᠢᠨ ᠬᠠᠷᠠᠬᠤ︾ ᠠᠵᠢᠯ ᠢᠶᠠᠷ ᠳᠠᠮᠵᠢᠭᠤᠯᠤᠨ᠂ ᠲᠣᠰ ᠭᠠᠵᠠᠷ ᠣᠷᠣᠨ᠂ ᠲᠣᠰ ᠨᠢᠭᠡᠴᠢ ᠶᠢᠨ ᠣᠯᠠᠨ ᠲᠦᠮᠡᠨ ᠤ ᠲᠤᠰᠬᠠᠭᠰᠠᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠪᠠᠷᠢᠮᠵᠢᠶ᠎ᠠ ᠶᠢ ᠳᠤᠷ᠎ᠠ ᠪᠠᠷ ᠢᠶᠠᠨ ᠳᠡᠭᠡᠭᠰᠢᠯᠡᠭᠦᠯᠬᠦ᠂ ᠠᠵᠢᠯ ᠥᠯᠥ ᠬᠢᠬᠦ᠂ ᠳᠤᠷ᠎ᠠ  ᠪᠠᠷ ᠢᠶᠠᠨ ᠦᠶᠯᠡᠳᠬᠦ ᠠᠰᠠᠭᠤᠳᠠᠯ ᠪᠠ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠠᠵᠢᠯ  ᠢ ᠳᠠᠬᠢᠨ ᠪᠠᠶᠢᠴᠠᠭᠠᠵᠤ᠂ ᠳᠠᠬᠢᠨ ᠵᠢᠷᠤᠮᠵᠢᠭᠤᠯᠵᠤ᠂ ᠳᠠᠬᠢᠨ ᠵᠠᠰᠠᠵᠤ᠂ ᠡᠮᠦᠨᠡᠬᠢ ᠱᠠᠲᠤᠨ ᠤ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠨᠢᠭᠡ ᠤᠳᠠᠭᠠᠨ ᠤ ᠪᠥᠬᠦ ᠲᠠᠯ᠎ᠠ ᠪᠠᠷ ᠰᠢᠰᠲ᠋ᠧᠮ ᠲᠠᠢ ᠣᠨᠣᠪᠴᠢᠲᠠᠶ ᠦᠨᠡᠯᠡᠨ ᠵᠢᠱᠢᠵᠦ᠂ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠦᠷ᠎ᠡ ᠪᠦᠲᠦᠭᠡᠯ ᠢᠶᠠᠨ ᠪᠠᠬᠢᠵᠢᠭᠦᠯᠵᠦ ᠂ ᠳ᠋ᠦᠩᠨᠡᠨ ᠳᠡᠭᠡᠭᠰᠢᠯᠡᠭᠦᠯᠬᠦ ᠬᠡᠷᠡᠭᠲᠡᠶ᠃ ᠣᠯᠠᠨ ᠲᠦᠮᠡᠨ ᠤ ᠲᠤᠰᠬᠠᠯ ᠴᠢᠩᠭ᠎ᠠ᠂ ᠴᠡᠭᠴᠡᠯᠡᠨ ᠰᠠᠶᠢᠵᠢᠷᠠᠭᠤᠯᠤᠭᠰᠠᠨ  ᠨᠢ ᠪᠠᠷᠢᠮᠵᠢᠶ᠎ᠠ ᠳᠤ ᠬᠦᠷᠬᠦ ᠦᠭᠡᠶ᠂ ᠠᠵᠢᠯ ᠨᠢ ᠰᠤᠯᠠ᠂ ᠨᠢᠭᠤᠵᠤ ᠳᠠᠷᠤᠭᠠᠳ ᠮᠡᠳᠡᠭᠦᠯᠬᠦ ᠦᠭᠡᠶ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠵᠡᠷᠭᠡ ᠳᠣᠯᠣᠭᠠᠨ ᠲᠠᠯ᠎ᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠴᠠᠭᠠᠨ ᠵᠠᠯᠠᠷᠠᠭᠤᠯᠬᠤ ᠴᠡᠭᠴᠡᠯᠡᠨ ᠰᠠᠶᠢᠵᠢᠷᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠬᠦᠴᠦᠯᠡᠨ ᠪᠠᠶᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠡᠩᠨᠡᠭᠡᠨ ᠤ ᠬᠡᠪ ᠴᠢᠨᠠᠷ ᠢ ᠢᠯᠡᠳᠲᠡ ᠳᠡᠭᠡᠭᠰᠢᠯᠡᠭᠦᠯᠬᠦ᠂ ᠰᠠᠬᠢᠯᠭ᠎ᠠ ᠪᠠᠲᠤ ᠣᠪᠣᠷ ᠰᠤᠷᠲᠠᠯ ᠢ ᠢᠯᠡᠳᠲᠡ ᠰᠠᠶᠢᠵᠢᠷᠠᠭᠤᠯᠬᠤ᠂ ᠦᠢᠯᠡᠴᠢᠯᠡᠭᠡᠨ ᠤ ᠦᠵᠡᠯ ᠤᠬᠠᠮᠰᠠᠷ ᠢ ᠢᠯᠡᠳᠲᠡ ᠳᠡᠭᠡᠭᠰᠢᠯᠡᠭᠦᠯᠬᠦ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠢᠯᠡᠳᠲᠡ ᠴᠢᠩᠭᠠᠷᠠᠭᠤᠯᠬᠤ᠂ ᠬᠠᠤᠯᠢ ᠬᠡᠷᠡᠭᠵᠢᠭᠦᠯᠬᠦ ᠡᠷᠬᠡ ᠰᠦᠷ ᠪᠠ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠢᠯᠡᠳᠲᠡ ᠴᠢᠩᠭᠠᠷᠠᠭᠤᠯᠬᠤ᠂ ᠨᠡᠶᠢᠭᠡᠮ ᠤᠨ ᠮᠡᠳᠡᠷᠡᠮᠵᠢ ᠶᠢᠨ ᠬᠡᠮᠵᠢᠶ᠎ᠡ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠬᠦ ᠶᠢ ᠪᠡᠶᠡᠯᠡᠭᠦᠯᠬᠦ ᠬᠡᠷᠡᠭᠲᠡᠢ᠃    ︵ᠵᠠᠩ ᠯᠸᠢ︶
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号