ᠪᠠᠭᠠᠷᠢᠨ ᠪᠠᠷᠠᠭᠤᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ︽ᠮᠤᠵᠢ ᠠᠯᠤᠰᠯᠠᠨ ᠨᠡᠶᠢᠳᠡᠮ ᠭᠦᠶᠴᠡᠳᠬᠡᠬᠦ︾ ᠤᠬᠠᠭᠤᠯᠭ᠎ᠠ ᠶᠢᠨ ᠠᠵᠢᠯ ᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2021/10/15
     ᠣᠶᠢᠷ᠎ᠠ ᠶᠢᠨ ᠡᠳᠦᠷ ᠤᠳ ᠲᠤ᠂ ᠪᠠᠭᠠᠷᠢᠨ ᠪᠠᠷᠠᠭᠤᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠬᠠᠮᠢᠶᠠᠷᠤᠯᠲᠠ ᠶᠢᠨ ᠠᠵᠢᠯᠲᠠᠨ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠤᠩᠬᠤᠪᠴᠢ ᠶᠢᠨ ᠠᠵᠢᠯᠲᠠᠨ ᠢ ᠢᠳᠡᠪᠬᠢᠲᠡᠶ ᠵᠣᠬᠢᠶᠠᠨ ᠪᠠᠶᠢᠭᠤᠯᠤᠨ ︽ᠮᠤᠵᠢ ᠠᠯᠤᠰᠯᠠᠨ ᠨᠡᠶᠢᠳᠡᠮ ᠭᠦᠶᠴᠡᠳᠬᠡᠬᠦ︾ ᠲᠥᠷᠥ ᠶᠢᠨ ᠪᠣᠳᠣᠯᠭ᠎ᠠ ᠶᠢ ᠰᠤᠷᠤᠯᠴᠠᠬᠤ ᠶᠢᠨ ᠬᠠᠮᠲᠤ᠂ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠬᠥᠮᠦᠨ ᠤ ᠴᠣᠪᠤᠷᠠᠯ ᠤᠨ ᠬᠡᠮᠵᠢᠶ᠎ᠡ ᠪᠠᠷ ᠨᠡᠯᠢᠶᠡᠳ ᠶᠡᠭᠡ ᠪᠠᠶᠢᠴᠠᠭᠠᠨ ᠬᠡᠮᠵᠢᠬᠦ ᠥᠷᠲᠡᠭᠡ᠂ ᠲᠣᠰᠣ ᠨᠡᠮᠡᠬᠦ ᠥᠷᠲᠡᠭᠡ᠂ ᠵᠢᠯᠣᠭᠤᠴᠢ ᠶᠢᠨ ᠰᠤᠷᠭᠠᠭᠤᠯᠢ᠂ ᠵᠠᠮ ᠲᠡᠭᠡᠭᠡᠪᠦᠷᠢ ᠶᠢᠨ ᠠᠵᠤ ᠠᠬᠤᠶᠢᠯᠠᠯ ᠵᠡᠷᠭᠡ ᠭᠠᠵᠠᠷ ᠲᠤ ︽ᠮᠤᠵᠢ ᠠᠯᠤᠰᠯᠠᠨ ᠨᠡᠶᠢᠳᠡᠮ ᠭᠦᠶᠴᠡᠳᠬᠡᠬᠦ︾ ᠤᠬᠠᠭᠤᠯᠭ᠎ᠠ ᠶᠢᠨ ᠮᠡᠳᠡᠭᠳᠡᠯ ᠨᠠᠭᠠᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠳᠤ ᠲᠤᠰᠬᠠᠶ ᠬᠥᠮᠦᠨ ᠲᠣᠬᠢᠷᠠᠭᠤᠯᠤᠨ ᠭᠦᠶᠴᠡᠳᠬᠡᠬᠦ ᠪᠠᠷ ᠢᠷᠡᠭᠰᠡᠨ ᠣᠯᠠᠨ ᠲᠦᠮᠡᠨ ᠤ ᠰᠡᠵᠢᠭ ᠢ ᠬᠠᠷᠢᠭᠤᠯᠵᠤ ᠲᠥᠭᠡᠷᠢᠭᠳᠡᠯ ᠢ ᠲᠠᠶᠢᠯᠬᠤ ᠥᠭᠬᠦ ᠶᠢᠨ ᠬᠠᠮᠲᠤ᠂ ᠸᠢᠴᠠᠲ ᠤᠨ ᠬᠤᠯᠪᠣᠭ᠎ᠠ᠂ ᠣᠯᠠᠨ ᠨᠡᠶᠢᠲᠡ ᠶᠢᠨ ᠳ᠋ᠤᠭᠠᠷ ᠵᠡᠷᠭᠡ ᠲᠠᠪᠴᠠᠩ ᠳᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠳᠠᠮᠵᠢᠭᠤᠯᠤᠨ ᠲᠠᠷᠬᠠᠭᠠᠵᠤ᠂ ᠵᠠᠮ ᠬᠠᠷᠢᠯᠴᠠᠭᠠᠨ ᠤ ᠠᠵᠢᠯᠯᠠᠵᠤ ᠪᠠᠶᠢᠭ᠎ᠠ ᠬᠥᠮᠦᠰ ᠲᠤ ︽ᠮᠤᠵᠢ ᠠᠯᠤᠰᠯᠠᠨ ᠨᠡᠶᠢᠳᠡᠮ ᠭᠦᠶᠴᠡᠳᠬᠡᠬᠦ︾ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠭᠦᠶᠴᠡᠳ ᠣᠶᠢᠯᠠᠭᠠᠭᠤᠯᠤᠨ᠎ᠠ᠃       ︽ᠮᠤᠵᠢ ᠠᠯᠤᠰᠯᠠᠨ ᠨᠡᠶᠢᠳᠡᠮ ᠭᠦᠶᠴᠡᠳᠬᠡᠬᠦ︾ ᠦᠶᠯᠡᠴᠢᠯᠡᠭᠡ ᠨᠡᠪᠲᠡᠷᠡᠭᠰᠡᠨ ᠤ ᠳᠠᠷᠠᠭ᠎ᠠ᠂ ᠵᠠᠮ ᠲᠡᠭᠡᠭᠡᠪᠦᠷᠢ ᠶᠢᠨ  ᠠᠵᠢᠯᠯᠠᠵᠤ ᠪᠠᠶᠢᠭ᠎ᠠ ᠬᠦᠮᠦᠰ ᠨᠢ ᠴᠠᠭ ᠢᠮᠠᠭᠲᠠ ᠰᠦᠯᠵᠢᠶᠡᠨ ᠳᠡᠭᠡᠷᠡᠬᠢ ᠰᠢᠰᠲ᠋ᠧᠮ᠂ ᠸᠢᠴᠠᠲ  ᠤᠨ ᠵᠢᠵᠢᠭ ᠫᠷᠤᠭ᠍ᠷᠠᠮ ᠵᠡᠷᠭᠡ ᠪᠠᠷ ᠳᠠᠮᠵᠢᠭᠤᠯᠤᠨ᠂ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠢ ᠨᠥᠬᠦᠨ ᠣᠯᠭᠤᠬᠤ ᠂ ᠰᠣᠯᠢᠵᠤ ᠲᠠᠷᠬᠠᠭᠠᠬᠤ᠂ ᠬᠤᠪᠢᠷᠠᠭᠤᠯᠬᠤ᠂ ᠬᠦᠴᠦᠨ ᠥᠬᠡᠶ ᠪᠣᠯᠭᠠᠬᠤ ᠵᠢᠴᠢ ᠦᠨᠡᠨᠴᠢ ᠢᠲᠡᠭᠡᠮᠵᠢ ᠶᠢᠨ ᠬᠢᠨᠠᠨ ᠰᠢᠯᠭᠠᠬᠤ ᠲᠤᠬᠠᠶᠢᠯᠠᠭᠰᠠᠨ ᠠᠵᠢᠯ ᠢ ᠭᠦᠶᠴᠡᠳᠬᠡᠵᠦ᠂ ᠣᠨᠳᠣᠤ ᠭᠠᠵᠠᠷ ᠲᠤ ᠪᠠᠶᠢᠭ᠎ᠠ ᠵᠠᠮ ᠲᠡᠭᠡᠭᠡᠪᠦᠷᠢ ᠶᠢᠨ ᠠᠵᠢᠯᠯᠠᠵᠤ ᠪᠠᠶᠢᠭ᠎ᠠ ᠬᠦᠮᠦᠰ ᠤᠨ ᠴᠠᠭ ᠪᠠ ᠬᠦᠴᠦ ᠪᠠᠨ ᠪᠠᠷᠠᠵᠤ ︽ᠨᠠᠭᠠᠰᠢ ᠴᠠᠭᠠᠰᠢ ᠭᠦᠶᠦᠬᠦ︾ ᠠᠴᠠ ᠰᠠᠯᠪᠠ᠃ ᠵᠠᠮ ᠲᠡᠭᠡᠭᠡᠪᠦᠷᠢ ᠶᠢᠨ ᠠᠵᠢᠯᠯᠠᠵᠤ ᠪᠠᠶᠢᠭ᠎ᠠ ᠬᠦᠮᠦᠰ ᠤᠨ ᠣᠨᠳᠣᠤ ᠭᠠᠵᠠᠷ ᠠᠵᠢᠯ ᠶᠠᠪᠤᠳᠠᠯ ᠭᠦᠶᠴᠡᠳᠬᠡᠬᠦ ᠶᠢᠨ ᠲᠦᠭᠵᠢᠷᠡᠯ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃      ᠲᠠᠷᠠᠭᠠᠴᠢ ᠶᠢᠨ ᠠᠯᠬᠤᠮ ᠳᠤ᠂ ᠲᠣᠰ ᠲᠣᠪᠴᠢᠶ᠎ᠠ ᠨᠢ ᠠᠵᠢᠯ ᠤᠨ ᠴᠤᠪᠤᠷᠠᠯ ᠢᠶᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠤᠬᠠᠶᠢᠯᠠᠭᠰᠠᠨ ᠠᠵᠢᠯ ᠤᠨ ᠬᠢᠨᠠᠨ ᠬᠠᠷᠭᠤᠭᠤᠯᠬᠤ ᠦᠷ᠎ᠡ ᠪᠦᠲᠦᠮᠵᠢ ᠪᠠ ᠭᠦᠶᠴᠡᠳᠬᠡᠬᠦ ᠠᠵᠢᠯ ᠤᠨ ᠪᠣᠳᠠᠲᠤ ᠦᠢᠯᠡᠳᠦᠯ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠥᠷᠭᠡᠨ ᠣᠯᠠᠨ ᠵᠠᠮ ᠲᠡᠭᠡᠭᠡᠪᠦᠷᠢ ᠶᠢᠨ ᠠᠵᠢᠯᠯᠠᠵᠤ ᠪᠠᠶᠢᠭ᠎ᠠ ᠬᠦᠮᠦᠰ ᠲᠤ ᠨᠠᠩ ᠥᠨᠳᠥᠷ ᠪᠦᠲᠦᠮᠵᠢᠲᠡᠶ᠂ ᠲᠦᠷᠭᠡᠨ ᠦᠶᠯᠡᠴᠢᠯᠡᠭᠡ ᠬᠠᠩᠭᠠᠬᠤ ᠪᠣᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号