2021-10-15 10:21:00
ᠨᠡᠶᠢᠲᠡᠯᠡᠭᠰᠡᠨ ᠴᠠᠭ᠄
2021/10/18
     2021 ᠣᠨ ᠤ 10 ᠳ᠋ᠤᠭᠠᠷ ᠰᠠᠷ᠎ᠠ ᠶᠢᠨ 15 ᠤ ᠡᠳᠦᠷ᠂ ᠬᠦᠯᠦᠨ ᠪᠣᠶᠢᠷ ᠬᠤᠲᠠ ᠶᠢᠨ ᠬᠢᠯᠢ ᠳᠣᠲᠤᠷ᠎ᠠ ᠴᠠᠰᠤ ᠣᠷᠤᠭᠰᠠᠨ ᠴᠠᠭ ᠠᠭᠤᠷ ᠤᠨ ᠰᠢᠯᠲᠠᠭᠠᠨ ᠠᠴᠠ ᠪᠣᠯᠵᠤ᠂ ᠵᠠᠮ ᠤᠨ ᠭᠠᠳᠠᠷᠭᠤ ᠳᠡᠭᠡᠷ᠎ᠡ ᠮᠦᠰᠦ ᠬᠥᠯᠳᠡᠬᠦ ᠦᠵᠡᠭᠳᠡᠯ ᠭᠠᠷᠴᠤ  ᠂ ᠨᠢᠭᠡᠨᠲᠡ ᠨᠡᠪᠲᠡᠷᠡᠬᠦ ᠨᠥᠬᠦᠴᠡᠯ ᠳᠤ ᠬᠦᠷᠦᠯᠴᠡᠬᠦ ᠦᠭᠡᠢ ᠪᠣᠯᠵᠠᠢ᠂ ᠠᠷᠠᠳ ᠲᠦᠮᠡᠨ ᠤ ᠠᠮᠢ ᠨᠠᠰᠤ ᠡᠳ᠋ ᠬᠥᠷᠦᠩᠭᠡ ᠶᠢᠨ ᠠᠮᠤᠷ ᠲᠥᠪᠰᠢᠨ ᠢ ᠪᠠᠲᠤᠯᠠᠵᠤ᠂ ᠵᠠᠮ ᠬᠠᠷᠢᠯᠴᠠᠭᠠᠨ ᠤ ᠠᠳᠡᠭᠳᠡᠯ ᠡᠭᠦᠰᠬᠦ ᠠᠴᠠ ᠵᠠᠶᠢᠯᠠᠬᠤ ᠶᠢᠨ ᠲᠥᠯᠥᠭᠡ᠂ G10 ᠰᠤᠹᠧᠨ ᠭᠤᠣᠯ ᠠᠴᠠ ᠮᠠᠨᠵᠤᠤᠷ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠦᠯᠦᠨ ᠪᠣᠶᠢᠷ ᠤᠨ ᠬᠡᠰᠡᠭ ᠢ 9 ᠴᠠᠭ 00 ᠮᠢᠨᠦ᠋ᠲ ᠲᠤ ᠪᠦᠬᠦ ᠱᠤᠭᠤᠮ ᠢᠶᠠᠷ ᠨᠢ ᠪᠢᠲᠡᠭᠦᠮᠵᠢᠯᠡᠵᠦ᠂ ᠪᠦᠬᠦ ᠰᠦᠢᠳᠬᠡᠯ ᠬᠤᠷᠢᠶᠠᠬᠤ ᠥᠷᠲᠡᠭᠡ ᠶᠢᠨ ᠣᠷᠤᠴᠠ ᠪᠠᠷ ᠬᠦᠮᠦᠨ ᠤ ᠬᠦᠴᠦ ᠬᠢᠭᠡᠳ ᠦᠵᠡᠭᠦᠯᠬᠦ ᠳᠡᠯᠭᠡᠴᠡ ᠪᠠᠷ ᠦᠩᠬᠦᠷᠢᠭᠦᠯᠦᠨ ᠰᠠᠨᠠᠭᠤᠯᠵᠤ᠄ ᠵᠠᠷᠢᠮᠳᠤᠭ ᠵᠠᠮ ᠤᠨ ᠬᠡᠰᠡᠭ ᠨᠢ ᠴᠠᠰᠤᠨ ᠭᠠᠳᠠᠷᠭᠤ ᠬᠢᠭᠡᠳ ᠮᠦᠰᠦᠨ ᠭᠠᠳᠠᠷᠭᠤ  ᠲᠠᠢ᠂ ᠥᠷᠭᠡᠨ ᠣᠯᠠᠨ ᠵᠢᠯᠤᠭᠤᠴᠢ ᠪᠣᠰᠤᠳ ᠵᠠᠮ ᠢᠶᠠᠷ ᠲᠣᠭᠤᠷᠢᠵᠤ ᠶᠠᠪᠤᠭᠠᠷᠠᠢ᠂ ᠨᠡᠪᠲᠡᠷᠡᠬᠦ ᠴᠠᠭ ᠢ ᠨᠢ ᠠᠰ ᠲᠤ  ᠨᠢ ᠮᠡᠳᠡᠭᠳᠡᠨ᠎ᠡ᠃      ᠰᠠᠭᠠᠳ ᠲᠠᠢ ᠵᠠᠮ ᠤᠨ ᠬᠡᠰᠡᠭ᠄ G10 ᠰᠤᠹᠧᠨ ᠭᠤᠣᠯ ᠠᠴᠠ ᠮᠠᠨᠵᠤᠤᠷ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠠᠷᠤᠨ ᠬᠤᠰᠢᠭᠤ ᠠᠴᠠ ᠬᠠᠶᠢᠯᠠᠷ ᠬᠦᠷᠲᠡᠯ᠎ᠡ      ᠲᠠᠰᠤᠯᠤᠭᠰᠠᠨ ᠲᠦᠷᠦᠯ ᠵᠦᠢᠯ᠄ ᠡᠩ ᠤᠨ ᠵᠠᠮ ᠤᠨ ᠪᠠᠶᠢᠳᠠᠯ      ᠲᠠᠰᠤᠯᠤᠭᠰᠠᠨ ᠴᠢᠭᠯᠡᠯ᠄ ᠬᠤᠣᠰ ᠴᠢᠭᠯᠡᠯ      ᠵᠠᠮ ᠲᠠᠰᠤᠯᠤᠭᠰᠠᠨ ᠡᠰᠡᠬᠦ᠄ ᠪᠦᠷᠢᠮᠦᠰᠦᠨ ᠲᠠᠰᠤᠯᠤᠭᠳᠠᠭᠰᠠᠨ      ᠲᠠᠰᠤᠯᠤᠭᠰᠠᠨ ᠰᠢᠯᠲᠠᠭᠠᠨ᠄ ᠮᠦᠰᠦ ᠬᠥᠯᠳᠡᠬᠦ      ᠪᠠᠷᠤᠭ ᠰᠡᠷᠭᠦᠭᠡᠬᠦ ᠴᠠᠭ᠄ 2021-10-17  10᠄ 00᠄ 00      ᠪᠣᠳᠠᠲᠠᠢ ᠰᠡᠷᠭᠦᠭᠡᠭᠰᠡᠨ ᠴᠠᠭ᠄ 2021-10-18  13᠄ 00᠄ 00      ᠰᠢᠢᠳᠪᠦᠷᠢᠯᠡᠬᠦ ᠠᠷᠭ᠎ᠠ ᠬᠡᠮᠵᠢᠶ᠎ᠡ᠄ ᠬᠤᠣᠰ ᠴᠢᠭᠯᠡᠯ ᠢᠶᠠᠷ ᠪᠢᠲᠡᠭᠦᠮᠵᠢᠯᠡᠬᠦ      ᠡᠬᠢᠯᠡᠯᠲᠡ ᠶᠢᠨ ᠴᠡᠭ ᠤᠨ ᠪᠠᠭᠠᠨ᠎ᠠ ᠶᠢᠨ ᠳ᠋ᠤᠭᠠᠷ᠄ 874᠂ 500      ᠵᠣᠭᠰᠤᠯᠲᠠ ᠶᠢᠨ ᠴᠡᠭ ᠤᠨ ᠪᠠᠭᠠᠨ᠎ᠠ ᠶᠢᠨ ᠳ᠋ᠤᠭᠠᠷ᠄ 1245᠂ 074      ᠳᠡᠭᠡᠭᠰᠢ ᠮᠡᠳᠡᠭᠦᠯᠬᠦ ᠨᠢᠭᠡᠴᠢ᠄ ᠦᠪᠦᠷ ᠮᠣᠩᠭᠤᠯ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠡᠯᠡ ᠣᠷᠤᠭᠤᠯᠤᠯᠲᠠ ᠬᠥᠭᠵᠢᠭᠦᠯᠦᠯᠲᠡ ᠶᠢᠨ ᠬᠢᠵᠠᠭᠠᠷᠲᠤ ᠺᠤᠮᠫᠠᠨᠢ ᠶᠢᠨ ᠬᠦᠯᠦᠨ ᠪᠣᠶᠢᠷ ᠳᠠᠬᠢ ᠬᠤᠪᠢᠶᠠᠷᠢ ᠺᠤᠮᠫᠠᠨᠢ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号