ᠬᠢᠩᠭᠠᠨ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠢᠨ ᠲᠣᠰᠬᠤᠨ ᠳᠤ ᠰᠠᠭᠤᠭ᠎ᠠ ᠵᠣᠯᠭᠠᠭᠤᠯᠬᠤ ᠠᠵᠢᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/10/20
     ᠣᠶᠢᠷ᠎ᠠ ᠳᠤ᠂ ᠬᠢᠩᠭᠠᠨ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠰᠢᠨ᠎ᠡ ᠪᠠᠷ ᠰᠣᠩᠭᠤᠨ ᠲᠣᠮᠢᠯᠠᠭᠰᠠᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ 3 ᠭᠡᠰᠢᠭᠦᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠨᠠᠭᠤᠷ ᠰᠤᠮᠤ ᠳᠤ ᠬᠦᠷᠴᠦ ᠵᠣᠯᠭᠠᠭᠤᠯᠲᠠ ᠬᠢᠵᠦ᠂ ᠪᠠᠶᠠᠨᠨᠠᠭᠤᠷ ᠰᠤᠮᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠪᠠ᠃      ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠢᠨ ᠡᠩ ᠲᠡᠷᠢᠭᠦᠨ ᠳᠤ ᠪᠠᠶᠠᠨᠨᠠᠭᠤᠷ ᠰᠤᠮᠤ ᠶᠢᠨ ᠤᠳᠤᠷᠢᠳᠬᠤ ᠪᠠᠭ ᠤᠨ ᠪᠦᠷᠢᠯᠳᠦᠬᠦᠨ ᠲᠠᠢ ᠠᠵᠢᠯ ᠤᠨ ᠬᠤᠷᠠᠯ ᠬᠤᠷᠠᠯᠳᠤᠭᠤᠯᠵᠤ᠂ ᠡᠯ᠎ᠡ ᠠᠶᠢᠯ ᠲᠣᠰᠬᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠲᠦᠷᠪᠡ ᠶᠢ ᠰᠣᠩᠭᠤᠨ ᠨᠠᠶᠢᠳᠠᠪᠤᠷᠢᠵᠢᠭᠤᠯᠬᠤ ᠦᠭᠡᠢ ᠪᠠᠶᠢᠬᠤ ᠪᠠ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠶᠢ ᠲᠥᠪᠯᠡᠷᠡᠭᠦᠯᠦᠨ ᠪᠠᠶᠢᠴᠠᠭᠠᠵᠤ ᠨᠠᠶᠢᠳᠠᠪᠤᠷᠢᠵᠢᠭᠤᠯᠬᠤ᠂ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ ᠠᠵᠢᠯ ᠢ ᠭᠦᠨᠵᠡᠭᠡᠢ ᠣᠶᠢᠯᠠᠭᠠᠬᠤ ᠶᠢᠨ ᠬᠠᠮᠲᠤ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠬᠡᠷᠬᠢᠨ ᠰᠠᠶᠢᠲᠤᠷ ᠨᠠᠶᠢᠳᠠᠪᠤᠷᠢᠵᠢᠭᠤᠯᠬᠤ ᠲᠤᠬᠠᠢ ᠨᠠᠷᠢᠨ ᠨᠢᠭᠲᠠ ᠶᠠᠷᠢᠯᠴᠠᠨ ᠰᠤᠳᠤᠯᠵᠠᠢ᠃ ᠲᠠᠷᠠᠭ᠎ᠠ ᠳᠤ ᠨᠢ᠂ ᠰᠢᠨ᠎ᠡ ᠪᠠᠷ ᠰᠣᠩᠭᠤᠨ ᠲᠣᠮᠢᠯᠠᠭᠰᠠᠨ ᠲᠣᠰᠬᠤᠨ ᠳᠤ ᠰᠠᠭᠤᠭ᠎ᠠ ᠭᠡᠰᠢᠭᠦᠨ ᠢ ᠬᠤᠪᠢ ᠬᠤᠪᠢᠨ ᠤ ᠬᠤᠤᠰᠯᠠᠯ ᠪᠠᠷᠢᠯᠳᠤᠭᠰᠠᠨ ᠲᠣᠰᠬᠤᠨ  ᠲᠠᠢ ᠪᠠᠨ ᠬᠠᠷᠢᠯᠴᠠᠨ ᠵᠣᠯᠭᠠᠭᠤᠯᠵᠤ᠂ ᠲᠣᠰᠬᠤᠨ ᠤ ᠳᠣᠲᠣᠷᠠᠬᠢ ᠡᠩ ᠤᠨ ᠲᠠᠷᠢᠶᠠᠴᠢᠨ ᠡᠷᠦᠬᠡ᠂ ᠶᠠᠳᠠᠭᠤ ᠠᠴᠠ ᠠᠩᠭᠢᠵᠢᠷᠠᠭᠤᠯᠬᠤ ᠡᠷᠦᠬᠡ ᠵᠢᠴᠢ ᠶᠠᠳᠠᠭᠤ ᠠᠴᠠ ᠠᠩᠭᠢᠵᠢᠷᠠᠭᠤᠯᠬᠤ ᠶᠢ ᠬᠢᠨᠠᠨ ᠬᠡᠮᠵᠢᠬᠦ ᠡᠷᠦᠬᠡ ᠵᠡᠷᠭᠡ ᠪᠣᠳᠠᠲᠠᠢ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠲᠣᠰᠬᠤᠨ ᠤ ︽ᠬᠤᠶᠠᠷ ᠵᠥᠪᠯᠡᠯ︾ ᠲᠠᠢ ᠠᠰᠠᠭᠤᠳᠠᠯ ᠢ ᠬᠤᠷᠢᠶᠠᠩᠭᠤᠶᠢᠯᠠᠪᠠ᠃ ᠲᠣᠰᠬᠤᠨ ᠤ ᠦᠨᠳᠦᠰᠦᠨ ᠪᠠᠶᠢᠳᠠᠯ᠂ ᠲᠣᠰᠬᠤᠨ ᠤ ᠪᠠᠶᠢᠳᠠᠯ ᠠᠷᠠᠳ ᠤᠨ ᠰᠠᠨᠠᠭ᠎ᠠ᠂ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ︽ᠳᠤᠲᠠᠭᠤᠳᠠᠯ︾ ᠵᠡᠷᠭᠡ ᠠᠰᠠᠭᠤᠳᠠᠯ ᠢ ᠨᠠᠷᠢᠨ ᠨᠢᠭᠲᠠ ᠰᠣᠯᠢᠯᠴᠠᠵᠤ᠂ ᠠᠵᠢᠯ ᠥᠷᠨᠢᠭᠦᠯᠬᠦ ᠴᠢᠭᠯᠡᠯ ᠢ ᠲᠣᠳᠣᠷᠬᠠᠶᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠬᠦ ᠳᠤ ᠰᠠᠶᠢᠲᠤᠷ ᠪᠡᠯᠡᠳᠬᠡᠯ ᠬᠢᠪᠡ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠪᠣᠯᠤᠨ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠤᠨ ᠳᠣᠤᠷ᠎ᠠ ᠬᠠᠭᠠᠰ ᠵᠢᠯ ᠳᠤ᠂ ᠬᠢᠩᠭᠠᠨ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠨᠢᠭᠡᠳᠦᠭᠡᠷ ᠱᠦᠵᠢ 1 ᠬᠥᠮᠦᠨ᠂ ᠠᠵᠢᠯᠯᠠᠬᠤ ᠠᠩᠭᠢ ᠶᠢᠨ ᠭᠡᠰᠢᠭᠦᠨ 2 ᠬᠥᠮᠦᠨ ᠢ ᠰᠣᠩᠭᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠨᠠᠭᠤᠷ ᠰᠤᠮᠤᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠥᠷᠨᠢᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号