ᠤᠯᠠᠭᠠᠨᠬᠠᠳᠠ ᠬᠤᠲᠠ ᠲᠥᠪ ᠬᠤᠲᠠ ᠲᠣᠭᠤᠷᠢᠭ ᠤᠨ ᠲᠦᠷᠢᠶᠡᠰᠦᠨ ᠮᠠᠰᠢᠨ ᠲᠡᠷᠭᠡ ᠰᠦᠯᠵᠢᠶ᠎ᠡ ᠪᠠᠷ ᠪᠣᠯᠵᠤᠬᠤ ᠮᠠᠰᠢᠨ ᠲᠡᠷᠭᠡ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠪᠠ
ᠨᠡᠶᠢᠲᠡᠯᠡᠭᠰᠡᠨ ᠴᠠᠭ᠄
2021/10/21
     ᠣᠶᠢᠷ᠎ᠠ ᠳᠤ᠂ ᠤᠯᠠᠭᠠᠨᠬᠠᠳᠠ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠨᠢ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠠᠢ ᠬᠠᠮᠲᠤᠷᠠᠨ ᠲᠥᠪ ᠬᠤᠲᠠ ᠲᠣᠭᠤᠷᠢᠭ ᠤᠨ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠠᠵᠢᠯᠯᠠᠭᠴᠢᠳ ᠤᠨ ᠨᠠᠶᠮᠠᠳᠤᠭᠠᠷ ᠡᠭᠡᠯᠵᠢ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠥᠷᠨᠢᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠪᠥᠬᠦ ᠲᠠᠯ᠎ᠠ ᠪᠠᠷ ᠪᠠᠲᠤᠯᠠᠪᠠ᠃       ᠲᠥᠪ ᠬᠤᠲᠠ ᠲᠣᠭᠤᠷᠢᠭ ᠤᠨ ᠲᠦᠷᠢᠶᠡᠰᠦᠨ ᠮᠠᠰᠢᠨ ᠲᠡᠷᠭᠡ ᠶᠢᠨ ᠲᠤᠭ᠎ᠠ ᠬᠡᠮᠵᠢᠶ᠎ᠡ ᠶᠡᠭᠡ᠂ ᠲᠦᠷᠢᠶᠡᠰᠦᠯᠡᠭᠦᠯᠬᠦ ᠠᠵᠤ ᠠᠬᠤᠶᠢᠯᠠᠯ ᠪᠠᠶᠢᠬᠤ ᠥᠬᠡᠶ᠂ ᠵᠣᠬᠢᠶᠠᠨ ᠪᠠᠶᠢᠭᠤᠯᠬᠤ ᠬᠦᠴᠢᠷᠳᠡᠯ ᠶᠡᠭᠡ ᠪᠠᠶᠢᠬᠤ ᠪᠣᠳᠠᠲᠤ ᠪᠠᠶᠢᠳᠠᠯ ᠳᠤ ᠴᠢᠭᠯᠡᠭᠦᠯᠦᠨ᠂ ᠲᠣᠰ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠨᠢ ᠡᠯ᠎ᠡ ᠰᠠᠯᠠᠭ᠎ᠠ ᠲᠠᠰᠤᠭ ᠤᠨ ᠠᠵᠢᠯᠲᠠᠨ ᠢᠶᠠᠨ ᠲᠠᠲᠠᠵᠤ 11 ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠠᠬᠢᠭᠤᠯᠬᠤ ᠳᠤᠭᠤᠶᠢᠯᠠᠩ ᠪᠠᠶᠢᠭᠤᠯᠵᠤ᠂ ᠲᠣᠤᠷᠵᠢᠭᠤᠯᠤᠭᠰᠠᠨ ᠵᠠᠭᠪᠤᠷ ᠢᠶᠠᠷ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃ ᠡᠯ᠎ᠡ ᠳᠤᠭᠤᠶᠢᠯᠠᠩ ᠤᠨ ᠬᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠠᠵᠢᠯᠯᠠᠭᠴᠢᠳ ᠢ ᠤᠷᠢᠳᠴᠢᠯᠠᠨ ᠤᠬᠠᠭᠤᠯᠤᠨ ᠲᠠᠶᠢᠴᠢᠯᠠᠵᠤ᠂ ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠬᠤ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠵᠠᠷᠴᠢᠮ ᠶᠣᠰᠣᠭᠠᠷ᠂ ᠴᠠᠭ ᠪᠦᠯᠦᠭ ᠬᠤᠪᠢᠶᠠᠨ ᠵᠢᠯᠣᠭᠤᠴᠢ ᠳᠤ ᠮᠡᠳᠡᠭᠳᠡᠵᠦ ᠲᠤᠬᠠᠢ ᠶᠢᠨ ᠲᠠᠯᠠᠪᠠᠢ ᠳᠤ ᠬᠦᠷᠴᠦ ᠰᠢᠯᠭᠠᠨ ᠪᠠᠶᠢᠴᠠᠭᠠᠯᠭᠠᠪᠠ᠃ ᠡᠭᠦᠨ ᠤ ᠬᠠᠮᠲᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ ᠵᠣᠯᠭᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠯᠭᠠᠨ ᠪᠠᠶᠢᠴᠠᠭᠠᠬᠤ ᠬᠤᠭᠤᠴᠠᠭᠠᠨ ᠳᠤ ᠬᠠᠤᠯᠢ ᠬᠡᠷᠡᠭᠵᠢᠭᠦᠯᠬᠦ ᠠᠵᠢᠯᠲᠠᠨ ᠢ ᠤᠷᠢᠳᠴᠢᠯᠠᠨ ᠪᠣᠳᠠᠲᠠᠶᠢᠵᠢᠭᠤᠯᠵᠤ᠂ ᠲᠤᠬᠠᠶ ᠶᠢᠨ ᠲᠠᠯᠠᠪᠠᠶ ᠶᠢᠨ ᠡᠮᠬᠢ ᠳᠢᠭᠯᠢᠮ ᠢ ᠬᠠᠮᠠᠭᠠᠯᠠᠬᠤ᠂ ᠮᠡᠳᠡᠭᠡ ᠵᠠᠩᠭᠢ ᠶᠢ ᠳᠠᠩᠰᠠᠯᠠᠬᠤ᠂ ᠲᠤᠭ᠎ᠠ ᠪᠠᠷᠢᠮᠲᠠ ᠶᠢ ᠪᠦᠷᠢᠳᠬᠡᠬᠦ᠂ ᠵᠢᠯᠣᠭᠤᠴᠢ ᠶᠢ ᠰᠠᠨᠠᠭᠤᠯᠵᠤ ᠬᠥᠲᠥᠯᠥᠨ ᠵᠢᠯᠣᠭᠤᠳᠬᠤ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠮᠬᠢ ᠳᠢᠭᠯᠢᠮ ᠢ ᠦᠨᠡᠨ ᠬᠦ ᠪᠠᠲᠤᠯᠠᠪᠠ᠃      ᠲᠣᠰ ᠡᠭᠡᠯᠵᠢ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠨᠢ ᠲᠦᠷᠢᠶᠡᠰᠦᠨ ᠮᠠᠰᠢᠨ ᠲᠡᠷᠭᠡ᠂ ᠰᠦᠯᠵᠢᠶᠡᠨ ᠳᠡᠭᠡᠷ᠎ᠡ ᠪᠣᠯᠵᠣᠬᠤ ᠮᠠᠰᠢᠨ ᠲᠡᠷᠭᠡᠨ ᠤ ᠠᠵᠢᠯᠯᠠᠭᠴᠢᠳ ᠨᠡᠶᠢᠲᠡ 3760 ᠬᠥᠮᠦᠨ ᠢ ᠰᠢᠯᠭᠠᠨ ᠪᠠᠶᠢᠴᠠᠭᠠᠵᠤ᠂ ᠰᠢᠯᠭᠠᠨ ᠪᠠᠶᠢᠴᠠᠭᠠᠭᠰᠠᠨ ᠦᠷ᠎ᠡ ᠳ᠋ᠦᠩ ᠨᠢ ᠴᠥᠮ ᠪᠢᠯᠢᠭ ᠴᠢᠨᠠᠷ ᠲᠠᠢ ᠪᠠᠶᠢᠪᠠ᠃ ᠪᠥᠭᠡᠮ ᠬᠦᠴᠢᠯ  ᠤᠨ ᠰᠢᠯᠭᠠᠨ ᠪᠠᠶᠢᠴᠠᠭᠠᠯᠲᠠ ᠪᠠᠷ ᠳᠠᠮᠵᠢᠭᠤᠯᠤᠨ᠂ ᠰᠢᠨ᠎ᠡ ᠲᠢᠲᠢᠮᠯᠢᠭ ᠸᠢᠷᠦ᠋ᠰ ᠢ ᠠᠪᠴᠤ ᠶᠠᠪᠤᠭᠰᠠᠳ᠂ ᠬᠠᠯᠳᠠᠪᠤᠷᠢᠯᠠᠭᠰᠠᠳ ᠢ ᠴᠠᠭ ᠲᠤᠬᠠᠶ ᠳᠤ ᠨᠢ ᠵᠢᠭᠰᠠᠭᠠᠨ ᠪᠠᠶᠢᠴᠠᠭᠠᠵᠤ᠂ ᠬᠢᠵᠢᠭ ᠤᠨ ᠪᠠᠶᠢᠳᠠᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠭᠴᠤᠭ᠎ᠠ ᠪᠠᠷ ᠳᠡᠮᠵᠢᠨ ᠳᠠᠷᠬᠠᠨ ᠳᠡᠯᠭᠡᠷᠡᠬᠦ ᠶᠢ ᠴᠢᠩᠭ᠎ᠠ ᠰᠡᠷᠭᠡᠶᠢᠯᠡᠪᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号