ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠳᠠᠯᠠᠳ ᠬᠤᠰᠢᠭᠤᠨ ᠤ ᠶᠡᠭᠡ ᠠᠩᠭᠢ ᠨᠢ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠰᠤᠷᠤᠯᠴᠠᠪᠠ
ᠨᠡᠶᠢᠲᠡᠯᠡᠭᠰᠡᠨ ᠴᠠᠭ᠄
2021/10/21
     ᠣᠶᠢᠷ᠎ᠠ ᠳᠤ᠂ ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠳᠠᠯᠠᠳ ᠬᠤᠰᠢᠭᠤᠨ ᠤ ᠶᠡᠭᠡ ᠠᠩᠭᠢ ᠨᠢ ︽ᠰᠦᠯᠵᠢᠶᠡᠨ  ᠤ ᠠᠮᠤᠷ ᠲᠦᠪᠰᠢᠨ ᠠᠷᠠᠳ ᠲᠦᠮᠡᠨ ᠤ ᠲᠥᠯᠥᠭᠡ᠂ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠬᠦ︾ ᠪᠠᠷ ᠭᠤᠤᠯ ᠰᠡᠳᠦᠪ ᠪᠣᠯᠭᠠᠭᠰᠠᠨ ᠰᠦᠯᠵᠢᠶᠡᠨ ᠤ ᠠᠮᠤᠷ ᠲᠦᠪᠰᠢᠨ ᠤ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠦᠯᠵᠢᠶᠡᠨ ᠤ ᠠᠮᠤᠷ ᠲᠦᠪᠰᠢᠨ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠂ ᠬᠥᠮᠦᠨ ᠪᠦᠬᠦᠨ ᠣᠷᠣᠯᠴᠠᠭᠰᠠᠨ ᠰᠠᠶᠢᠨ ᠰᠠᠶᠢᠬᠠᠨ ᠣᠷᠴᠢᠨ ᠪᠠᠶᠢᠳᠠᠯ ᠢ ᠪᠣᠶ ᠪᠣᠯᠭᠠᠪᠠ᠃      ᠲᠣᠰ ᠶᠡᠭᠡ ᠠᠩᠭᠢ ᠨᠢ ᠨᠢᠭᠡ ᠳᠤ᠂ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠪᠠ᠃ ᠠᠯᠪᠠᠨ ᠠᠰᠠᠷ᠂ ᠲᠦᠷᠢᠶᠡᠰᠦᠨ ᠮᠠᠰᠢᠨ ᠲᠡᠷᠭᠡᠨ ᠤ LED ᠳᠡᠯᠭᠡᠴᠡ ᠶᠢ ᠠᠰᠢᠭᠯᠠᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠤᠷᠢᠶ᠎ᠠ ᠶᠢ ᠥᠩᠬᠦᠷᠢᠭᠦᠯᠦᠨ ᠨᠡᠪᠲᠡᠷᠡᠭᠦᠯᠵᠦ᠂ ᠰᠦᠯᠵᠢᠶᠡᠨ  ᠤ ᠠᠮᠤᠷ ᠲᠦᠪᠰᠢᠨ ᠤ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠰᠦᠯᠵᠢᠶᠡᠨ ᠤ ᠠᠮᠤᠷ ᠲᠦᠪᠰᠢᠨ ᠢ ᠬᠥᠮᠦᠨ ᠪᠦᠬᠦᠨ ᠮᠡᠳᠡᠬᠦ ᠬᠠᠷᠠᠯᠲᠠ ᠶᠢ ᠦᠨᠡᠨ ᠬᠦ ᠪᠡᠶᠡᠯᠡᠭᠦᠯᠪᠡ︔ ᠬᠠᠤᠯᠢ ᠬᠡᠷᠡᠭᠵᠢᠭᠦᠯᠬᠦ ᠠᠵᠢᠯᠲᠠᠨ 10 ᠬᠥᠮᠦᠨ᠂ ᠲᠡᠷᠭᠡ ᠬᠦᠰᠬᠡ 3 ᠰᠠᠤᠷᠢ ᠬᠥᠳᠡᠯᠭᠡᠵᠦ᠂ ᠬᠠᠷᠢᠶᠠᠲᠤ ᠣᠷᠣᠨ ᠤ ᠡᠯ᠎ᠡ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠲᠡᠭᠡᠭᠡᠪᠦᠷᠢ᠂ ᠰᠡᠯᠪᠢᠨ ᠵᠠᠰᠠᠬᠤ ᠠᠵᠤ ᠠᠬᠤᠶᠢᠯᠠᠯ ᠵᠡᠷᠭᠡ ᠳᠤ ᠰᠦᠯᠵᠢᠶᠡᠨ ᠤ ᠠᠮᠤᠷ ᠲᠦᠪᠰᠢᠨ ᠤ ᠬᠠᠮᠢᠶ᠎ᠠ ᠪᠥᠬᠦᠶ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠨᠡᠶᠢᠲᠡ 200 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠰᠠᠶᠢᠨ ᠰᠠᠶᠢᠬᠠᠨ ᠨᠡᠶᠢᠭᠡᠮ ᠤᠨ ᠶᠠᠷᠢᠶ᠎ᠠ ᠬᠡᠯᠡᠯᠴᠡᠭᠡᠨ  ᠤ ᠣᠷᠴᠢᠨ ᠪᠠᠶᠢᠳᠠᠯ ᠢ ᠪᠣᠶ ᠪᠣᠯᠭᠠᠪᠠ᠃ ᠬᠤᠶᠠᠷ ᠲᠤ᠂ ᠰᠦᠯᠵᠢᠶᠡᠨ ᠤ ᠠᠮᠤᠷ ᠲᠦᠪᠰᠢᠨ ᠢ ᠰᠦᠯᠵᠢᠶᠡᠨ ᠳᠡᠭᠡᠷ᠎ᠡ ᠰᠤᠷᠤᠯᠴᠠᠬᠤ ᠠᠵᠢᠯᠯᠠᠭ᠎ᠠ ᠦᠷᠨᠢᠭᠦᠯᠪᠡ᠃ ᠸᠢᠴᠠᠲ ᠤᠨ ᠠᠵᠢᠯ ᠤᠨ ᠬᠤᠯᠪᠤᠭᠠᠨ ᠳᠤ ᠰᠦᠯᠵᠢᠶᠡᠨ ᠳᠡᠭᠡᠷ᠎ᠡ ᠰᠤᠷᠤᠯᠴᠠᠬᠤ ᠮᠡᠳᠡᠭᠳᠡᠯ ᠭᠠᠷᠭᠠᠵᠤ᠂ ᠬᠠᠤᠯᠢ ᠬᠡᠷᠡᠭᠵᠢᠭᠦᠯᠬᠦ ᠪᠥᠬᠦ ᠠᠵᠢᠯᠲᠠᠨ ᠢ ︽ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠣᠷᠳᠣᠰ︾ ᠣᠯᠠᠨ ᠨᠡᠶᠢᠲᠡ ᠶᠢᠨ ᠳ᠋ᠤᠭᠠᠷ ᠢ ᠠᠩᠬᠠᠷᠬᠤ ᠪᠦᠭᠡᠳ ᠰᠦᠯᠵᠢᠶᠡᠨ ᠤ ᠠᠮᠤᠷ ᠲᠦᠪᠰᠢᠨ ᠤ ᠰᠤᠷᠤᠯᠴᠠᠯᠭ᠎ᠠ ᠬᠢᠵᠦ᠂ ᠡᠭᠦᠨ ᠤ ᠬᠠᠮᠲᠤ ᠵᠢᠷᠤᠭ ᠢᠶᠠᠨ ᠸᠢᠴᠠᠲ ᠤᠨ ᠠᠵᠢᠯ ᠤᠨ ᠬᠤᠯᠪᠤᠭᠠᠨ ᠳᠤ ᠳᠠᠮᠵᠢᠭᠤᠯᠵᠤ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠤ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠭᠤᠷᠪᠠ ᠳᠤ᠂ ᠰᠦᠯᠵᠢᠶᠡᠨ ᠤ ᠬᠡᠷᠡᠭᠯᠡᠯᠲᠡ ᠶᠢᠨ ᠪᠠᠶᠢᠳᠠᠯ ᠢ ᠥᠪᠡᠰᠦᠪᠡᠨ ᠪᠠᠶᠢᠴᠠᠭᠠᠬᠤ ᠠᠵᠢᠯ ᠢ ᠦᠷᠨᠢᠭᠦᠯᠪᠡ᠃ ᠣᠷᠣᠰᠢᠵᠤ ᠮᠡᠳᠡᠬᠦ ᠰᠦᠯᠵᠢᠶᠡᠨ ᠤ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ᠂ ᠪᠣᠶ ᠪᠥᠬᠦᠶ ᠠᠯᠪᠠᠨ ᠺᠣᠮᠫᠢᠦ᠋ᠲ᠋ᠧᠷ ᠲᠤ ᠸᠢᠷᠦ᠋ᠰ ᠠᠷᠢᠯᠭᠠᠬᠤ ᠵᠥᠭᠡᠯᠡᠨ ᠲᠣᠨᠤᠭ ᠤᠭᠰᠠᠷᠠᠬᠤ ᠶᠢ ᠪᠠᠲᠤᠯᠠᠬᠤ ᠶᠢᠨ ᠬᠠᠮᠲᠤ᠂ ᠠᠵᠢᠯᠲᠠᠨ ᠳᠤ ᠰᠦᠯᠵᠢᠶᠡᠨ ᠤ ᠠᠮᠤᠷ ᠲᠦᠪᠰᠢᠨ ᠢ ᠠᠩᠬᠠᠷᠴᠤ᠂ ᠺᠣᠮᠫᠢᠦ᠋ᠲ᠋ᠧᠷ ᠤᠨ ᠳᠣᠲᠣᠷᠠᠬᠢ ᠴᠢᠬᠤᠯᠠ ᠮᠡᠳᠡᠭᠡ ᠵᠠᠩᠭᠢ ᠶᠢ ᠵᠠᠳᠠᠷᠠᠭᠤᠯᠬᠤ ᠪᠤᠶᠤ ᠬᠦᠨᠳᠦ ᠶᠡᠭᠡ ᠨᠥᠯᠥᠭᠡ ᠭᠠᠷᠭᠠᠬᠤ ᠬᠡᠷᠡᠭ ᠢ ᠰᠡᠷᠭᠡᠶᠢᠯᠡᠬᠦ ᠬᠡᠷᠡᠭᠲᠡᠶ ᠭᠡᠵᠦ ᠰᠠᠨᠠᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号