2020 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠶᠳᠬᠡᠯ ᠬᠤᠷᠢᠶᠠᠬᠤ ᠵᠠᠰᠠᠮᠠᠯ | ᠵᠠᠮ ᠤᠨ ᠲᠤᠭ᠎ᠠ ᠪᠦᠷᠢᠳᠬᠡᠯ ᠤᠨ ᠠᠯᠪᠠᠨ ᠮᠡᠳᠡᠭᠡ ᠶᠢᠨ ᠲᠠᠶᠢᠯᠤᠮᠵᠢ | | 2020 ᠣᠨ ᠳᠤ᠂ ᠮᠠᠨ ᠤ ᠣᠷᠣᠨ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ | ᠵᠣᠬᠢᠴᠠᠭᠤᠯᠤᠨ ᠠᠬᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ | ᠦᠨᠳᠦᠰᠦᠨ ᠰᠠᠨᠠᠭ᠎ᠠ ᠶᠢ ᠪᠠᠷᠢᠮᠲᠠᠯᠠᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ | ᠪᠦᠲᠦᠴᠡ ᠶᠢ ᠳᠣᠭᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ | ᠱᠠᠭᠠᠷᠳᠠᠯᠭ᠎ᠠ ᠶᠣᠰᠣᠭᠠᠷ᠂ ᠵᠠᠰᠠᠮᠠᠯ ᠵᠠᠮ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠪᠠ ᠠᠷᠠᠳ ᠣᠯᠠᠨ ᠤ ᠠᠮᠤᠷ | ᠲᠦᠪᠰᠢᠨ ᠳᠥᠭᠦᠮ ᠳᠥᠲᠡ ᠶᠠᠪᠤᠵᠤ ᠰᠠᠭᠤᠬᠤ ᠳᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠵᠠᠰᠠᠮᠠᠯ ᠵᠠᠮ ᠤᠨ ᠵᠠᠮ | ᠬᠠᠷᠢᠯᠴᠠᠭᠠᠨ ᠤ ᠪᠠᠲᠤᠯᠠᠭ᠎ᠠ ᠬᠠᠩᠭᠠᠪᠠ᠃ | ᠨᠢᠭᠡ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ | 1984 ᠣᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠢᠭᠡᠯᠡᠯᠭᠡ ᠪᠠᠷ ᠵᠠᠮ ᠵᠠᠰᠠᠬᠤ᠂ | ᠰᠦᠶᠳᠬᠡᠯ ᠬᠤᠷᠢᠶᠠᠵᠤ ᠵᠢᠭᠡᠯᠡᠯᠭᠡ ᠪᠤᠴᠠᠭᠠᠬᠤ ᠰᠦᠶᠳᠬᠡᠯ ᠬᠤᠷᠢᠶᠠᠬᠤ ᠵᠠᠰᠠᠮᠠᠯ ᠵᠠᠮ ᠤᠨ ᠲᠥᠷᠥ ᠶᠢᠨ ᠪᠣᠳᠣᠯᠭ᠎ᠠ | ᠶᠢ ᠨᠡᠶᠢᠲᠡᠯᠡᠵᠦ᠂ 30 ᠭᠠᠷᠤᠶ ᠵᠢᠯ ᠤᠨ ᠲᠤᠷᠰᠢ᠂ ᠰᠦᠶᠳᠬᠡᠯ ᠬᠤᠷᠢᠶᠠᠬᠤ ᠵᠠᠰᠠᠮᠠᠯ ᠵᠠᠮ ᠤᠨ ᠲᠥᠷᠥ ᠶᠢᠨ | ᠪᠣᠳᠣᠯᠭ᠎ᠠ ᠶᠢᠨ ᠳᠡᠮᠵᠢᠯᠭᠡ ᠳᠣᠤᠷ᠎ᠠ᠂ ᠥᠪᠥᠷ ᠮᠣᠩᠭᠤᠯ ᠤᠨ ᠵᠠᠰᠠᠮᠠᠯ ᠵᠠᠮ ᠤᠨ ᠰᠠᠭᠤᠷᠢ ᠲᠥᠬᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠲᠦᠷᠭᠡᠨ ᠬᠥᠭᠵᠢᠵᠦ᠂ ︽ᠵᠢᠭᠡᠯᠡᠯᠭᠡ ᠪᠠᠷ ᠵᠠᠮ ᠵᠠᠰᠠᠬᠤ᠂ ᠰᠦᠶᠳᠬᠡᠯ ᠬᠤᠷᠢᠶᠠᠵᠤ | ᠵᠢᠭᠡᠯᠡᠯᠭᠡ ᠪᠤᠴᠠᠭᠠᠬᠤ︾ ᠲᠥᠷᠥ ᠶᠢᠨ ᠪᠣᠳᠣᠯᠭ᠎ᠠ ᠨᠢ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ᠂ ᠠᠷᠠᠳ ᠣᠯᠠᠨ ᠤ ᠣᠯᠠᠨ ᠶᠠᠩᠵᠤ ᠶᠢᠨ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠬᠤ | ᠳᠤ ᠯᠤᠲᠤ ᠶᠡᠭᠡ ᠬᠤᠪᠢ ᠨᠡᠮᠡᠷᠢ ᠦᠵᠡᠭᠦᠯᠪᠡ᠃ ᠮᠠᠨ ᠤ ᠣᠷᠣᠨ ᠨᠢ ᠬᠢᠯᠢ ᠬᠢᠵᠠᠭᠠᠷ ᠤᠨ ᠴᠥᠭᠡᠨ ᠲᠣᠭᠠᠲᠤ | ᠦᠨᠳᠦᠰᠦᠲᠡᠨ ᠤ ᠭᠠᠵᠠᠷ ᠣᠷᠣᠨ ᠳᠤ ᠪᠠᠶᠢᠷᠢᠯᠠᠵᠤ᠂ ᠠᠵᠤ ᠠᠬᠤᠶ ᠶᠢᠨ ᠰᠠᠭᠤᠷᠢ ᠬᠠᠷᠢᠴᠠᠩᠭᠤᠶ ᠪᠠᠭᠤᠷᠠᠶ | ᠮᠥᠷᠲᠡᠭᠡᠨ ᠠᠭᠤᠷᠬᠠᠶ ᠶᠢᠨ ᠣᠷᠣᠨ ᠤ ᠵᠠᠮ᠂ ᠲᠠᠯ᠎ᠠ ᠨᠤᠲᠤᠭ ᠤᠨ ᠵᠠᠮ ᠨᠡᠯᠢᠶᠡᠳ ᠣᠯᠠᠨ ᠪᠣᠯᠬᠤᠷ᠂ ᠵᠠᠰᠠᠭ ᠤᠨ | ᠣᠷᠳᠣᠨ ᠠᠴᠠ ᠪᠡᠯᠡ ᠣᠷᠣᠭᠤᠯᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠬᠥᠭᠵᠢᠭᠦᠯᠬᠦ ᠶᠢᠨ ᠬᠠᠮᠲᠤ᠂ | ᠮᠠᠨ ᠤ ᠣᠷᠣᠨ ︽ᠤᠯᠤᠰ ᠠᠴᠠ ᠪᠡᠯᠡ ᠣᠷᠣᠭᠤᠯᠬᠤ᠂ ᠣᠷᠣᠨ ᠨᠤᠲᠤᠭ ᠠᠴᠠ ᠪᠡᠯᠡ ᠴᠤᠭᠯᠠᠭᠤᠯᠬᠤ᠂ ᠨᠡᠶᠢᠭᠡᠮ | ᠠᠴᠠ ᠪᠡᠯᠡ ᠲᠣᠬᠢᠷᠠᠭᠤᠯᠬᠤ᠂ ᠭᠠᠳᠠᠭᠠᠳᠤ ᠪᠡᠯᠡ ᠶᠢ ᠠᠰᠢᠭᠯᠠᠬᠤ︾ ᠣᠯᠠᠨ ᠡᠰᠢᠵᠢᠭᠰᠡᠨ ᠪᠡᠯᠡ ᠣᠷᠣᠭᠤᠯᠵᠤ ᠪᠡᠯᠡ | ᠲᠣᠬᠢᠷᠠᠭᠤᠯᠬᠤ ᠲᠣᠭᠲᠠᠴᠠ ᠶᠢ ᠢᠳᠡᠪᠬᠢᠲᠡᠶ ᠪᠠᠷ ᠳᠠᠭᠠᠵᠤ᠂ ᠡᠭᠦᠨ ᠤ ᠬᠠᠮᠲᠤ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠠᠷᠭ᠎ᠠ ᠮᠠᠶ᠋ᠢᠭ ᠢ ᠠᠪᠴᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠠᠴᠠ ᠪᠡᠯᠡ ᠴᠤᠭᠯᠠᠭᠤᠯᠤᠨ | ᠶᠡᠭᠡ ᠬᠡᠮᠵᠢᠶᠡᠨ ᠤ ᠡᠵᠡᠩᠨᠡᠯᠲᠡ ᠶᠢᠨ ᠴᠢᠨᠠᠷᠲᠠᠶ ᠵᠠᠰᠠᠮᠠᠯ ᠵᠠᠮ ᠢ ᠪᠦᠲᠦᠭᠡᠨ ᠪᠠᠶᠢᠭᠤᠯᠪᠠ᠃ | 2020 ᠣᠨ ᠤ ᠡᠴᠦᠰ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠶᠳᠬᠡᠯ | ᠬᠤᠷᠢᠶᠠᠬᠤ ᠵᠠᠰᠠᠮᠠᠯ ᠵᠠᠮ ᠤᠨ ᠣᠷᠳᠣ ᠨᠢ 17126.4 ᠺᠢᠯᠣᠮᠧᠲᠷ ᠪᠠᠶᠢᠵᠤ᠂ ᠡᠭᠦᠨ ᠳᠤ ᠵᠠᠰᠠᠭ ᠤᠨ ᠣᠷᠳᠣᠨ ᠤ | ᠵᠢᠭᠡᠯᠡᠯᠭᠡ ᠪᠤᠴᠠᠭᠠᠬᠤ ᠰᠦᠶᠳᠬᠡᠯ ᠬᠤᠷᠢᠶᠠᠬᠤ ᠵᠠᠰᠠᠮᠠᠯ ᠵᠠᠮ ᠤᠨ ᠣᠷᠳᠣ ᠨᠢ 11906.4 ᠺᠢᠯᠣᠮᠧᠲᠷ᠂ | ᠡᠵᠡᠩᠨᠡᠯᠲᠡ ᠶᠢᠨ ᠴᠢᠨᠠᠷᠲᠠᠶ ᠰᠦᠶᠳᠬᠡᠯ ᠬᠤᠷᠢᠶᠠᠬᠤ ᠵᠠᠰᠠᠮᠠᠯ ᠵᠠᠮ ᠤᠨ ᠣᠷᠳᠣ ᠨᠢ 5220 ᠺᠢᠯᠣᠮᠧᠲᠷ ᠪᠠᠶᠢᠵᠤ᠂ | ᠲᠣᠰ ᠲᠣᠰ 69.5% ᠪᠠ 30.5% ᠶᠢ ᠡᠵᠡᠯᠡᠪᠡ᠃ | ᠬᠤᠶᠠᠷ᠂ ᠰᠦᠢᠳᠬᠡᠯ ᠬᠤᠷᠢᠶᠠᠬᠤ ᠵᠠᠰᠠᠮᠠᠯ ᠵᠠᠮ ᠤᠨ ᠬᠥᠭᠵᠢᠯᠲᠡ ᠶᠢᠨ ᠪᠠᠶᠢᠳᠠᠯ | ︵ᠨᠢᠭᠡ︶ ᠵᠠᠮ ᠤᠨ ᠣᠷᠳᠣ ᠶᠢᠨ ᠬᠡᠪᠴᠢᠶ᠎ᠡ᠃ 2020 ᠣᠨ ᠤ ᠡᠴᠦᠰ ᠪᠣᠯᠲᠠᠯ᠎ᠠ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠦᠶᠳᠬᠡᠯ ᠬᠤᠷᠢᠶᠠᠬᠤ ᠵᠠᠰᠠᠮᠠᠯ ᠵᠠᠮ ᠤᠨ ᠣᠷᠳᠣ ᠨᠢ 17126.4 ᠺᠢᠯᠣᠮᠧᠲᠷ | ᠪᠠᠶᠢᠵᠤ᠂ ᠵᠠᠰᠠᠮᠠᠯ ᠵᠠᠮ ᠤᠨ ᠪᠥᠬᠦ ᠣᠷᠳᠣ ᠶᠢᠨ 210217 ᠺᠢᠯᠣᠮᠧᠲᠷ ᠤᠨ 8.1% ᠶᠢ ᠡᠵᠡᠯᠡᠪᠡ᠃ ᠡᠭᠦᠨ ᠳᠤ | ᠂ ᠳᠡᠭᠡᠳᠦ ᠬᠤᠷᠳᠤ ᠶᠢᠨ ᠵᠠᠰᠠᠮᠠᠯ ᠵᠠᠮ 6463.6 ᠺᠢᠯᠣᠮᠧᠲᠷ᠂ ᠨᠢᠭᠡᠳᠦᠭᠡᠷ ᠳᠡᠰ ᠤᠨ ᠵᠠᠰᠠᠮᠠᠯ ᠵᠠᠮ 7802.5 | ᠺᠢᠯᠣᠮᠧᠲᠷ᠂ ᠡᠵᠡᠩᠨᠡᠯᠲᠡ ᠶᠢᠨ ᠴᠢᠨᠠᠷᠲᠠᠶ ᠬᠤᠶᠠᠳᠤᠭᠠᠷ ᠳᠡᠰ ᠤᠨ ᠵᠠᠰᠠᠮᠠᠯ ᠵᠠᠮ 2768.1 ᠺᠢᠯᠣᠮᠧᠲᠷ᠂ | ᠲᠤᠰᠠᠭᠠᠷ ᠬᠥᠭᠦᠷᠭᠡ ᠨᠦᠬᠡᠨ ᠵᠠᠮ 92.2 ᠺᠢᠯᠣᠮᠧᠲᠷ ᠪᠠᠶᠢᠵᠤ᠂ ᠲᠣᠰ ᠲᠣᠰ 37.7%᠂ 45.6%᠂ 16. | 2% ᠪᠠ 0.5% ᠶᠢ ᠡᠵᠡᠯᠡᠨ᠎ᠡ᠃ | ︵ᠬᠤᠶᠠᠷ︶ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ᠃ 2020 ᠣᠨ ᠤ ᠡᠴᠦᠰ | ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠶᠳᠬᠡᠯ ᠬᠤᠷᠢᠶᠠᠬᠤ ᠵᠠᠰᠠᠮᠠᠯ ᠵᠠᠮ ᠤᠨ | ᠪᠥᠲᠥᠭᠡᠨ ᠪᠠᠶᠢᠭᠤᠯᠤᠯᠲᠠ ᠶᠢᠨ ᠨᠡᠶᠢᠲᠡ ᠪᠠᠯᠠ ᠣᠷᠣᠭᠤᠯᠤᠯᠲᠠ 4117.9 ᠳ᠋ᠦᠩᠰᠢᠭᠤᠷ ᠲᠥᠭᠦᠷᠢᠭ ᠲᠤ ᠬᠦᠷᠴᠦ | ᠂ ᠲᠦᠷᠦᠭᠦᠦ ᠵᠢᠯ ᠤᠨ ᠡᠴᠦᠰ ᠤᠨ ᠬᠢ ᠠᠴᠠ 47.8 ᠳ᠋ᠦᠩᠰᠢᠭᠤᠷ ᠲᠥᠭᠦᠷᠢᠭ ᠴᠡᠪᠡᠷ ᠨᠡᠮᠡᠭᠳᠡᠵᠦ᠂ 1.2% | ᠢᠶᠠᠷ ᠨᠡᠮᠡᠭᠳᠡᠪᠡ᠃ ᠡᠭᠦᠨ ᠳᠤ᠂ ᠬᠥᠷᠥᠩᠭᠡ ᠮᠥᠩᠭᠦ ᠶᠢᠨ ᠣᠷᠣᠭᠤᠯᠤᠯᠲᠠ ᠨᠡᠶᠢᠲᠡ 1537.5 ᠳ᠋ᠦᠩᠰᠢᠭᠤᠷ | ᠲᠥᠭᠦᠷᠢᠭ᠂ ᠬᠥᠷᠥᠩᠭᠡ ᠮᠥᠩᠭᠦ ᠶᠢᠨ ᠬᠠᠷᠢᠴᠠᠯ ᠨᠢ 37.3% ᠪᠣᠯᠤᠨ᠎ᠠ︔ ᠥᠷᠢ ᠥᠭᠴᠡᠭᠡ ᠶᠢᠨ ᠴᠢᠨᠠᠷᠲᠠᠢ | ᠪᠡᠯᠡ ᠮᠥᠩᠭᠦ ᠶᠢ ᠨᠡᠶᠢᠲᠡ 2580.4 ᠳ᠋ᠦᠩᠰᠢᠭᠤᠷ ᠲᠥᠭᠦᠷᠢᠭ ᠣᠷᠣᠭᠤᠯᠵᠤ᠂ ᠥᠷᠢ ᠥᠭᠴᠡᠭᠡ ᠶᠢᠨ ᠴᠢᠨᠠᠷᠲᠠᠢ | ᠪᠡᠯᠡ ᠮᠥᠩᠭᠦ ᠶᠢᠨ ᠬᠠᠷᠢᠴᠠᠯ ᠨᠢ 62.7 % ᠪᠣᠯᠤᠨ᠎ᠠ᠃ | ︵ᠭᠤᠷᠪᠠ︶ ᠥᠭᠴᠡᠭᠡ ᠶᠢᠨ ᠦᠯᠡᠳᠡᠪᠦᠷᠢ ᠲᠤᠭ᠎ᠠ᠃ 2020 ᠣᠨ ᠤ ᠡᠴᠦᠰ ᠪᠣᠯᠲᠠᠯ᠎ᠠ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠶᠳᠬᠡᠯ ᠬᠤᠷᠢᠶᠠᠬᠤ ᠵᠠᠰᠠᠮᠠᠯ ᠵᠠᠮ ᠤᠨ ᠥᠭᠴᠡᠭᠡ ᠶᠢᠨ | ᠦᠯᠡᠳᠡᠪᠦᠷᠢ ᠲᠤᠭ᠎ᠠ ᠨᠢ 2718.6 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠡᠴᠦᠰ ᠤᠨ | ᠬᠢ ᠠᠴᠠ 49.1 ᠳ᠋ᠦᠩᠰᠢᠭᠤᠷ ᠲᠥᠭᠦᠷᠢᠭ ᠨᠡᠮᠡᠭᠳᠡᠵᠦ᠂ 1.8% ᠪᠠᠷ ᠨᠡᠮᠡᠭᠳᠡᠪᠡ᠃ ᠡᠭᠦᠨ ᠳᠤ᠂ ᠵᠢᠯ ᠤᠨ | ᠡᠴᠦᠰ ᠤᠨ ᠪᠠᠩᠬᠢ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ ᠨᠢ 1913.5 ᠳ᠋ᠦᠩᠰᠢᠭᠤᠷ ᠲᠥᠭᠦᠷᠢᠭ᠂ ᠵᠢᠯ | ᠤᠨ ᠡᠴᠦᠰ ᠤᠨ ᠪᠤᠰᠤᠳ ᠥᠭᠴᠡᠭᠡ ᠶᠢᠨ ᠦᠯᠡᠳᠡᠪᠦᠷᠢ ᠲᠤᠭ᠎ᠠ ᠨᠢ 805.1 ᠳ᠋ᠦᠩᠰᠢᠭᠤᠷ ᠲᠥᠭᠦᠷᠢᠭ᠂ ᠲᠣᠰ | ᠲᠣᠰ 70.4% ᠪᠠ 29.6% ᠶᠢ ᠡᠵᠡᠯᠡᠪᠡ᠃ | ︵ᠲᠥᠷᠪᠡ︶ ᠣᠷᠣᠯᠭ᠎ᠠ ᠵᠠᠷᠤᠯᠭ᠎ᠠ᠃ 2020 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠦᠶᠳᠬᠡᠯ ᠬᠤᠷᠢᠶᠠᠬᠤ ᠵᠠᠰᠠᠮᠠᠯ ᠵᠠᠮ ᠤᠨ ᠨᠡᠪᠲᠡᠷᠡᠬᠦ ᠰᠦᠶᠳᠬᠡᠯ ᠤᠨ ᠣᠷᠣᠯᠭ᠎ᠠ 127.4 ᠳ᠋ᠦᠩᠰᠢᠭᠤᠷ | ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 33.0 ᠳ᠋ᠦᠩᠰᠢᠭᠤᠷ ᠲᠥᠭᠦᠷᠢᠭ ᠪᠠᠭᠠᠰᠴᠤ᠂ 20. | 6% ᠪᠠᠷ ᠪᠠᠭᠤᠷᠠᠪᠠ︔ ᠵᠠᠷᠤᠯᠭ᠎ᠠ ᠶᠢᠨ ᠪᠦᠬᠦ ᠲᠤᠭ᠎ᠠ 230.5 ᠳ᠋ᠦᠩᠰᠢᠭᠤᠷ ᠲᠥᠭᠦᠷᠢᠭ ᠲᠤ ᠬᠦᠷᠴᠦ᠂ | ᠲᠦᠷᠦᠭᠦᠦ ᠵᠢᠯ ᠤᠨ ᠬᠢ ᠠᠴᠠ 23.1 ᠳ᠋ᠦᠩᠰᠢᠭᠤᠷ ᠲᠥᠭᠦᠷᠢᠭ ᠪᠠᠭᠠᠰᠴᠤ᠂ 9.1% ᠪᠠᠷ ᠪᠠᠭᠤᠷᠠᠪᠠ︔ | ᠨᠡᠪᠲᠡᠷᠡᠬᠦ ᠰᠦᠢᠳᠬᠡᠯ ᠤᠨ ᠣᠷᠣᠯᠭ᠎ᠠ ᠵᠠᠷᠤᠯᠭ᠎ᠠ ᠶᠢᠨ ᠳᠤᠲᠠᠭᠤᠳᠠᠯ 103.1 ᠳ᠋ᠦᠩᠰᠢᠭᠤᠷ ᠲᠥᠭᠦᠷᠢᠭ ᠲᠤ | ᠬᠦᠷᠴᠦ᠂ ᠲᠦᠷᠦᠭᠦᠦ ᠵᠢᠯ ᠤᠨ ᠬᠢ ᠠᠴᠠ 9.9 ᠳ᠋ᠦᠩᠰᠢᠭᠤᠷ ᠲᠥᠭᠦᠷᠢᠭ ᠨᠡᠮᠡᠭᠳᠡᠵᠦ᠂ 10.6% ᠪᠠᠷ ᠨᠡᠮᠡᠭᠳᠡᠪᠡ | ᠃ | 2020 ᠣᠨ ᠤ ᠵᠠᠷᠤᠯᠭ᠎ᠠ ᠶᠢᠨ ᠪᠦᠬᠦ ᠲᠤᠭ᠎ᠠ ᠶᠢᠨ ᠳᠣᠲᠣᠷ᠎ᠠ᠂ ᠥᠭᠴᠡᠭᠡ ᠲᠦᠯᠦᠬᠦ ᠡᠬᠡ ᠮᠥᠩᠭᠦ 66. | 8 ᠳ᠋ᠦᠩᠰᠢᠭᠤᠷ ᠲᠥᠭᠦᠷᠢᠭ᠂ ᠥᠭᠴᠡᠭᠡ ᠳᠥᠯᠥᠬᠦ ᠬᠦᠦ ᠮᠥᠩᠭᠦ 98.5 ᠳ᠋ᠦᠩᠰᠢᠭᠤᠷ ᠲᠥᠭᠦᠷᠢᠭ᠂ ᠠᠷᠠᠴᠢᠯᠠᠨ | ᠬᠠᠮᠠᠭᠠᠯᠠᠬᠤ ᠵᠠᠷᠤᠯᠭ᠎ᠠ 17.0 ᠳ᠋ᠦᠩᠰᠢᠭᠤᠷ ᠲᠥᠭᠦᠷᠢᠭ᠂ ᠵᠠᠰᠠᠮᠠᠯ ᠵᠠᠮ ᠵᠢᠴᠢ ᠳᠠᠭᠠᠯᠲᠠ ᠲᠥᠬᠦᠭᠡᠷᠦᠮᠵᠢ ᠶᠢ | ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠤᠨ ᠵᠠᠷᠤᠯᠭ᠎ᠠ 14.3 ᠳ᠋ᠦᠩᠰᠢᠭᠤᠷ ᠲᠥᠭᠦᠷᠢᠭ᠂ | ᠡᠵᠡᠩᠨᠡᠯᠲᠡ ᠬᠠᠮᠢᠶᠠᠷᠤᠯᠲᠠ ᠶᠢᠨ ᠵᠠᠷᠤᠯᠭ᠎ᠠ 27.7 ᠳ᠋ᠦᠩᠰᠢᠭᠤᠷ ᠲᠥᠭᠦᠷᠢᠭ᠂ ᠭᠠᠶᠢᠯᠢ ᠰᠦᠶᠳᠬᠡᠯ ᠤᠨ ᠵᠠᠷᠤᠯᠭ᠎ᠠ | 6.2 ᠳ᠋ᠦᠩᠰᠢᠭᠤᠷ ᠲᠥᠭᠦᠷᠢᠭ᠂ ᠡᠵᠡᠯᠡᠬᠦ ᠬᠠᠷᠢᠴᠠᠯ ᠨᠢ ᠲᠣᠰ ᠲᠣᠰ 29.0%᠂ 42.7%᠂ 7.4%᠂ 6. | 2%᠂ 12.0% ᠪᠠ 2.7% ᠪᠣᠯᠤᠨ᠎ᠠ᠃ | ︵ᠲᠠᠪᠤ︶ ᠨᠡᠪᠲᠡᠷᠡᠬᠦ ᠰᠦᠢᠳᠬᠡᠯ ᠢ ᠬᠠᠰᠤᠵᠤ ᠬᠡᠯᠲᠦᠷᠢᠭᠦᠯᠦᠭᠰᠡᠨ ᠪᠠᠶᠢᠳᠠᠯ᠃ 2020 ᠣᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠶᠳᠬᠡᠯ ᠬᠤᠷᠢᠶᠠᠬᠤ ᠵᠠᠰᠠᠮᠠᠯ ᠵᠠᠮ ᠤᠨ ᠲᠡᠷᠭᠡ ᠬᠥᠰᠬᠡ ᠶᠢᠨ | ᠨᠡᠪᠲᠡᠷᠡᠬᠦ ᠰᠦᠶᠳᠬᠡᠯ ᠢ ᠨᠡᠶᠢᠲᠡ 48.8 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠦᠨ᠂ ᠲᠦᠷᠦᠭᠦᠦ ᠵᠢᠯ | ᠤᠨ ᠬᠢ ᠠᠴᠠ 30.3 ᠳ᠋ᠦᠩᠰᠢᠭᠤᠷ ᠲᠥᠭᠦᠷᠢᠭ ᠨᠡᠮᠡᠭᠳᠡᠵᠦ᠂ 164.4% ᠪᠠᠷ ᠨᠡᠮᠡᠭᠳᠡᠪᠡ᠃ ᠡᠭᠦᠨ ᠳᠤ᠂ | ᠰᠠᠭᠠᠳ ᠥᠬᠡᠶ ᠨᠡᠪᠲᠡᠷᠡᠬᠦ ᠵᠠᠮ ︵ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠤ ᠲᠡᠭᠡᠭᠡᠪᠦᠷᠢ ᠶᠢᠨ ᠲᠡᠷᠭᠡ | ᠬᠥᠰᠬᠡ︶ ᠢ 3.9 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠵᠦ᠂ ᠴᠢᠬᠤᠯᠠ ᠶᠡᠭᠡ ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠲᠤ ᠪᠠᠭ᠎ᠠ ᠬᠡᠯᠪᠡᠷᠢ ᠶᠢᠨ ᠠᠶᠠᠨᠴᠢᠳ ᠤᠨ ᠲᠡᠷᠭᠡ ᠶᠢ ᠦᠨ᠎ᠡ ᠲᠦᠯᠦᠪᠦᠷᠢ ᠦᠭᠡᠢ ᠪᠠᠷ | ᠨᠡᠪᠲᠡᠷᠡᠭᠦᠯᠦᠨ 3.9 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠵᠦ᠂ ᠪᠤᠰᠤᠳ ᠲᠥᠷᠥ ᠶᠢᠨ ᠪᠣᠳᠣᠯᠭ᠎ᠠ ᠶᠢᠨ | ᠴᠢᠨᠠᠷᠲᠠᠶ ᠪᠠᠷ 41.0 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠦᠨ᠂ ᠡᠵᠡᠯᠡᠬᠦ ᠬᠠᠷᠢᠴᠠᠯ ᠨᠢ ᠲᠣᠰ ᠲᠣᠰ | 8.0%᠂ 8.0% ᠪᠠ 84.0% ᠪᠣᠯᠤᠨ᠎ᠠ᠃ | ᠭᠤᠷᠪᠠ᠂ ᠴᠢᠬᠤᠯᠠ ᠬᠤᠪᠢᠷᠠᠯᠲᠠ ᠶᠢᠨ ᠲᠠᠶᠢᠯᠤᠮᠵᠢ | ︵ᠨᠢᠭᠡ︶ ᠵᠠᠮ ᠤᠨ ᠤᠷᠲᠤ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠶᠳᠬᠡᠯ ᠬᠤᠷᠢᠶᠠᠬᠤ ᠵᠠᠰᠠᠮᠠᠯ ᠵᠠᠮ ᠤᠨ ᠣᠷᠳᠣ ᠨᠢ ᠲᠦᠷᠦᠭᠦᠦ | ᠵᠢᠯ ᠤᠨ ᠡᠴᠦᠰ ᠤᠨ ᠬᠢ ᠠᠴᠠ ᠪᠠᠨ 462.6 ᠺᠢᠯᠣᠮᠧᠲᠷ ᠴᠡᠪᠡᠷ ᠪᠠᠭᠠᠰᠪᠠ᠃ ᠡᠭᠦᠨ ᠳᠤ᠂ ᠳᠡᠭᠡᠳᠦ | ᠬᠤᠷᠳᠤ ᠶᠢᠨ ᠵᠠᠰᠠᠮᠠᠯ ᠵᠠᠮ 4.3 ᠺᠢᠯᠣᠮᠧᠲᠷ ᠴᠡᠪᠡᠷ ᠪᠠᠭᠠᠰᠴᠤ᠂ ᠨᠢᠭᠡᠳᠦᠭᠡᠷ ᠳᠡᠰ ᠤᠨ ᠵᠠᠰᠠᠮᠠᠯ ᠵᠠᠮ 445.5 | ᠺᠢᠯᠣᠮᠧᠲᠷ ᠴᠡᠪᠡᠷ ᠪᠠᠭᠠᠰᠴᠤ᠂ ᠬᠤᠶᠠᠳᠤᠭᠠᠷ ᠳᠡᠰ ᠤᠨ ᠵᠠᠰᠠᠮᠠᠯ ᠵᠠᠮ 23.1 ᠺᠢᠯᠣᠮᠧᠲᠷ ᠴᠡᠪᠡᠷ ᠪᠠᠭᠠᠰᠴᠤ᠂ | ᠲᠤᠰᠠᠭᠠᠷ ᠬᠥᠭᠦᠷᠭᠡ ᠨᠦᠬᠡᠨ ᠵᠠᠮ 10.3 ᠺᠢᠯᠣᠮᠧᠲᠷ ᠴᠡᠪᠡᠷ ᠨᠡᠮᠡᠭᠳᠡᠪᠡ᠃ ᠬᠡᠰᠡᠭ ᠨᠢᠭᠡᠳᠦᠭᠡᠷ ᠳᠡᠰ ᠤᠨ ᠵᠠᠰᠠᠮᠠᠯ | ᠵᠠᠮ ᠢ ᠥᠭᠡᠷᠡᠴᠢᠯᠡᠨ ᠥᠷᠭᠡᠳᠬᠡᠵᠦ ᠳᠡᠭᠡᠳᠦ ᠬᠤᠷᠳᠤ ᠶᠢᠨ ᠵᠠᠰᠠᠮᠠᠯ ᠵᠠᠮ ᠪᠣᠯᠭᠠᠪᠠ᠃ ᠮᠠᠨ ᠤ ᠣᠷᠣᠨ 2017 | ᠣᠨ ᠤ 5 ᠳ᠋ᠤᠭᠠᠷ ᠰᠠᠷ᠎ᠠ ᠶᠢᠨ 1 ᠤ ᠡᠳᠦᠷ ᠨᠢᠭᠡᠨᠲᠡ ᠵᠠᠰᠠᠭ ᠤᠨ ᠣᠷᠳᠣᠨ ᠤ ᠵᠢᠭᠡᠯᠡᠯᠭᠡ ᠪᠤᠴᠠᠭᠠᠬᠤ ᠬᠤᠶᠠᠳᠤᠭᠠᠷ | ᠳᠡᠰ ᠤᠨ ᠵᠠᠰᠠᠮᠠᠯ ᠵᠠᠮ ᠤᠨ ᠰᠦᠶᠳᠬᠡᠯ ᠬᠤᠷᠢᠶᠠᠬᠤ ᠶᠢ ᠪᠦᠬᠦᠨ ᠢ ᠬᠦᠴᠦᠨ ᠥᠬᠡᠶ ᠪᠣᠯᠭᠠᠭᠰᠠᠨ ᠪᠣᠯᠪᠠᠴᠤ | ᠣᠳᠣᠬᠠᠨ ᠳᠤ ᠮᠥᠨ ᠬᠦ ᠶᠡᠭᠡ ᠬᠡᠮᠵᠢᠶᠡᠨ ᠤ ᠡᠵᠡᠩᠨᠡᠯᠲᠡ ᠶᠢᠨ ᠴᠢᠨᠠᠷᠲᠠᠶ ᠬᠤᠶᠠᠳᠤᠭᠠᠷ ᠳᠡᠰ ᠤᠨ ᠵᠠᠰᠠᠮᠠᠯ ᠵᠠᠮ | ᠣᠷᠣᠰᠢᠵᠤ᠂ ᠲᠤᠭ᠎ᠠ ᠪᠦᠷᠢᠳᠬᠡᠯ ᠢᠶᠠᠷ ᠳᠠᠮᠵᠢᠭᠠᠳ ᠣᠲᠣ ᠪᠣᠯᠲᠠᠯ᠎ᠠ ᠡᠵᠡᠩᠨᠡᠯᠲᠡ ᠶᠢᠨ ᠴᠢᠨᠠᠷᠲᠠᠶ ᠬᠤᠶᠠᠳᠤᠭᠠᠷ | ᠳᠡᠰ ᠤᠨ ᠵᠠᠰᠠᠮᠠᠯ ᠵᠠᠮ ᠪᠠᠰᠠ 2768.1 ᠺᠢᠯᠣᠮᠧᠲᠷ ᠪᠠᠶᠢᠨ᠎ᠠ᠃ | ︵ᠬᠤᠶᠠᠷ︶ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠲᠤᠭᠤᠰᠢᠯᠠᠭᠤᠯᠪᠠ᠃ | 2020 ᠣᠨ ᠳᠤ᠂ ᠮᠠᠨ ᠤ ᠣᠷᠣᠨ ᠨᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ | ᠶᠢ ᠠᠬᠢᠭᠤᠯᠬᠤ ᠪᠠ ᠪᠣᠳᠠᠲᠤ ᠴᠣᠭᠴᠠ ᠶᠢᠨ ᠠᠵᠤ ᠠᠬᠤᠶ ᠶᠢᠨ ᠠᠵᠤ ᠠᠬᠤᠶᠢᠯᠠᠯ ᠤᠨ ᠥᠪᠡᠷ ᠤᠨ ᠥᠷᠲᠡᠭ ᠢ | ᠪᠠᠭᠤᠷᠠᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠶᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠤ ᠠᠰᠢᠭ | ᠬᠦᠷᠲᠡᠭᠡᠬᠦ ᠠᠷᠭ᠎ᠠ ᠬᠡᠮᠵᠢᠶ᠎ᠡ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠪᠠᠷᠠᠭᠠᠨ ᠤ ᠭᠦᠶᠯᠭᠡᠭᠡᠨ | ᠤ ᠦᠶᠯᠡᠰ ᠤᠨ ︽ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ︾ ᠶᠢ ᠠᠬᠢᠭᠤᠯᠪᠠ᠃ | ᠪᠥᠬᠦ ᠣᠷᠣᠨ ᠤ ᠰᠦᠶᠳᠬᠡᠯ ᠬᠤᠷᠢᠶᠠᠬᠤ ᠵᠠᠰᠠᠮᠠᠯ ᠵᠠᠮ ᠤᠨ ᠲᠡᠷᠭᠡ ᠬᠥᠰᠬᠡ ᠨᠡᠪᠲᠡᠷᠡᠬᠦ ᠰᠦᠶᠳᠬᠡᠯ ᠢ ᠨᠡᠶᠢᠲᠡ 48. | 8 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠦᠨ᠂ ᠲᠦᠷᠦᠭᠦᠦ ᠵᠢᠯ ᠤᠨ ᠬᠢ ᠠᠴᠠ 30.3 ᠳ᠋ᠦᠩᠰᠢᠭᠤᠷ | ᠲᠥᠭᠦᠷᠢᠭ ᠨᠡᠮᠡᠭᠳᠡᠵᠦ᠂ 164.4% ᠪᠠᠷ ᠨᠡᠮᠡᠭᠳᠡᠪᠡ᠃ ᠨᠡᠪᠲᠡᠷᠡᠬᠦ ᠰᠦᠶᠳᠬᠡᠯ ᠢ ᠬᠠᠰᠤᠵᠤ ᠭᠡᠯᠳᠦᠷᠢᠭᠦᠯᠬᠦ ᠲᠤᠭ᠎ᠠ | ᠨᠢ ᠬᠤᠷᠢᠶᠠᠬᠤ ᠶᠣᠰᠣᠲᠠᠶ ᠨᠡᠪᠲᠡᠷᠡᠬᠦ ᠰᠦᠶᠳᠬᠡᠯ ᠤᠨ ᠪᠥᠬᠦ ᠲᠣᠭᠠᠨ ᠤ 27.7% ᠶᠢ ᠡᠵᠡᠯᠡᠪᠡ᠃ | ︵ᠭᠤᠷᠪᠠ︶ ᠥᠭᠴᠡᠭᠡᠨ ᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠪᠡ᠃ 2020 ᠣᠨ ᠳᠤ ᠮᠠᠨ ᠤ | ᠣᠷᠣᠨ ᠤ ᠰᠦᠶᠳᠬᠡᠯ ᠬᠤᠷᠢᠶᠠᠬᠤ ᠵᠠᠰᠠᠮᠠᠯ ᠵᠠᠮ ᠤᠨ ᠨᠢᠭᠡᠳᠦᠭᠡᠷ ᠳᠡᠰ ᠤᠨ ᠵᠠᠰᠠᠮᠠᠯ ᠵᠠᠮ ᠢ ᠳᠡᠰ ᠳᠡᠪᠰᠢᠭᠦᠯᠦᠨ | ᠳᠡᠭᠡᠳᠦ ᠬᠤᠷᠳᠤ ᠶᠢᠨ ᠵᠠᠰᠠᠮᠠᠯ ᠵᠠᠮ ᠪᠣᠯᠭᠠᠨ ᠥᠭᠡᠷᠡᠴᠢᠯᠡᠨ ᠪᠠᠶᠢᠭᠤᠯᠤᠭᠰᠠᠨ ᠲᠥᠷᠥᠯ ᠵᠦᠶᠯ ᠨᠡᠯᠢᠶᠡᠳ ᠣᠯᠠᠨ | ᠠᠴᠠ ᠪᠣᠯᠵᠣ᠂ ᠰᠦᠶᠳᠬᠡᠯ ᠬᠤᠷᠢᠶᠠᠬᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ | ᠶᠢᠨ ᠶᠡᠷᠦᠩᠬᠡᠶ ᠲᠤᠭ᠎ᠠ ᠪᠠ ᠵᠢᠭᠡᠯᠡᠯᠭᠡ ᠵᠢᠭᠡᠯᠡᠬᠦ ᠡᠬᠡ ᠮᠥᠩᠭᠦ ᠶᠢᠨ ᠬᠡᠪᠴᠢᠶ᠎ᠡ ᠶᠢ ᠤᠯᠠᠮ ᠨᠢᠭᠡ ᠠᠯᠬᠤᠮ | ᠥᠷᠭᠡᠳᠬᠡᠪᠡ᠃ ᠪᠥᠬᠦ ᠣᠷᠣᠨ ᠤ ᠰᠦᠶᠳᠬᠡᠯ ᠬᠤᠷᠢᠶᠠᠬᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠪᠠᠯᠠ | ᠣᠷᠣᠭᠤᠯᠤᠯᠲᠠ ᠶᠢᠨ ᠶᠡᠷᠦᠩᠬᠡᠶ ᠲᠤᠭ᠎ᠠ ᠨᠢ ᠲᠦᠷᠦᠭᠦᠦ ᠵᠢᠯ ᠤᠨ ᠡᠴᠦᠰ ᠤᠨ ᠬᠢ ᠠᠴᠠ 47.8 ᠳ᠋ᠦᠩᠰᠢᠭᠤᠷ | ᠲᠥᠭᠦᠷᠢᠭ ᠴᠡᠪᠡᠷ ᠨᠡᠮᠡᠭᠳᠡᠵᠦ᠂ 1.2% ᠢᠶᠠᠷ ᠨᠡᠮᠡᠭᠳᠡᠨ᠂ ᠵᠢᠯ ᠤᠨ ᠡᠴᠦᠰ ᠤᠨ ᠥᠭᠴᠡᠭᠡ ᠶᠢᠨ ᠦᠯᠡᠳᠡᠪᠦᠷᠢ | ᠲᠤᠭ᠎ᠠ ᠨᠢ 49.1 ᠳ᠋ᠦᠩᠰᠢᠭᠤᠷ ᠲᠥᠭᠦᠷᠢᠭ ᠴᠡᠪᠡᠷ ᠨᠡᠮᠡᠭᠳᠡᠵᠦ᠂ 1.8% ᠪᠠᠷ ᠨᠡᠮᠡᠭᠳᠡᠪᠡ᠃ | ︵ᠳᠥᠷᠪᠡ︶ ᠣᠷᠣᠯᠭ᠎ᠠ ᠵᠠᠷᠤᠯᠭ᠎ᠠ ᠶᠢᠨ ᠳᠤᠲᠠᠭᠤᠳᠠᠯ ᠮᠥᠨ ᠨᠡᠯᠢᠶᠡᠳ ᠶᠡᠭᠡ ᠪᠠᠶᠢᠨ᠎ᠠ᠃ 2020 ᠣᠨ | ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠶᠳᠬᠡᠯ ᠬᠤᠷᠢᠶᠠᠬᠤ ᠵᠠᠰᠠᠮᠠᠯ ᠵᠠᠮ ᠤᠨ ᠨᠡᠪᠲᠡᠷᠡᠬᠦ | ᠰᠦᠶᠳᠬᠡᠯ ᠤᠨ ᠣᠷᠣᠯᠭ᠎ᠠ ᠵᠠᠷᠤᠯᠭ᠎ᠠ ᠶᠢᠨ ᠳᠤᠲᠠᠭᠤᠳᠠᠯ 103.1 ᠳ᠋ᠦᠩᠰᠢᠭᠤᠷ ᠲᠥᠭᠦᠷᠢᠭ ᠪᠠᠶᠢᠵᠤ᠂ ᠲᠦᠷᠦᠭᠦᠦ | ᠵᠢᠯ ᠤᠨ ᠬᠢ ᠠᠴᠠ 9.9 ᠳ᠋ᠦᠩᠰᠢᠭᠤᠷ ᠲᠥᠭᠦᠷᠢᠭ ᠨᠡᠮᠡᠭᠳᠡᠨ᠂ 10.6% ᠪᠠᠷ ᠨᠡᠮᠡᠭᠳᠡᠵᠦ᠂ ᠰᠦᠶᠳᠬᠡᠯ | ᠬᠤᠷᠢᠶᠠᠬᠤ ᠵᠠᠰᠠᠮᠠᠯ ᠵᠠᠮ ᠤᠨ ᠨᠡᠪᠲᠡᠷᠡᠬᠦ ᠰᠦᠶᠳᠬᠡᠯ ᠤᠨ ᠣᠷᠣᠯᠭ᠎ᠠ ᠵᠠᠷᠤᠯᠭ᠎ᠠ ᠶᠢᠨ ᠳᠤᠲᠠᠭᠤᠳᠠᠯ ᠮᠥᠨ ᠨᠡᠯᠢᠶᠡᠳ | ᠶᠡᠭᠡ ᠪᠠᠶᠢᠨ᠎ᠠ᠃ | 2020 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠶᠳᠬᠡᠯ ᠬᠤᠷᠢᠶᠠᠬᠤ ᠵᠠᠰᠠᠮᠠᠯ | ᠵᠠᠮ ᠤᠨ ᠲᠤᠭ᠎ᠠ ᠪᠦᠷᠢᠳᠬᠡᠯ ᠤᠨ ᠠᠯᠪᠠᠨ ᠮᠡᠳᠡᠭᠡ |