9 ᠳ᠋ᠦ᠋ᠭᠡᠷ ᠰᠠᠷ᠎ᠠ ᠶᠢᠨ 29 ᠤ ᠡᠳᠦᠷ᠂ ᠪᠤᠭᠤᠲᠤ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠨᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠰᠡᠳᠦᠪᠲᠦ | ᠪᠣᠯᠪᠠᠰᠤᠷᠠᠭᠤᠯᠤᠯ ᠵᠢᠴᠢ ︽ᠢᠷᠭᠡᠨ ᠤ ᠬᠠᠤᠯᠢ ᠶᠢᠨ ᠪᠢᠴᠢᠭ︾ ᠤᠨ ᠲᠠᠶᠢᠯᠤᠮᠵᠢ ᠡᠷᠭᠢᠯᠡᠵᠦ᠂ ᠲᠣᠪᠴᠢᠶ᠎ᠠ ᠶᠢᠨ | ᠤᠳᠤᠷᠢᠳᠤᠯᠭ᠎ᠠ᠂ ᠲᠣᠪᠴᠢᠶ᠎ᠠ ᠶᠢᠨ ᠪᠠᠶᠢᠭᠤᠯᠭ᠎ᠠ ᠶᠢᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠲᠣᠪᠴᠢᠶ᠎ᠠ ᠶᠢᠨ | ᠬᠠᠷᠢᠶ᠎ᠠ ᠡᠯ᠎ᠡ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠬᠦᠨ ᠪᠠ ᠬᠠᠮᠢᠶ᠎ᠠ ᠪᠥᠬᠦᠶ ᠰᠠᠯᠠᠭ᠎ᠠ ᠲᠠᠰᠤᠭ ᠤᠨ | ᠬᠠᠷᠢᠭᠤᠴᠠᠯᠭᠠᠲᠠᠨ ᠪᠣᠯᠪᠠᠰᠤᠷᠠᠭᠤᠯᠤᠯ ᠳᠤ ᠣᠷᠣᠯᠴᠠᠪᠠ᠃ | ᠲᠣᠰ ᠤᠳᠠᠭᠠᠨ ᠤ ᠪᠣᠯᠪᠠᠰᠤᠷᠠᠭᠤᠯᠤᠯ ᠳᠤ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠤᠨ ᠶᠡᠭᠡ ᠰᠤᠷᠭᠠᠭᠤᠯᠢ ᠶᠢᠨ ᠫᠷᠤᠹᠧᠰᠰᠤᠷ ᠵᠦ ᠬᠠᠶ ᠱᠧᠨ ᠢ ᠤᠷᠢᠵᠤ ︽ᠢᠷᠭᠡᠨ ᠤ ᠬᠠᠤᠯᠢ ᠶᠢᠨ ᠪᠢᠴᠢᠭ︾ ᠤᠨ | ᠲᠤᠬᠠᠶ ᠬᠠᠤᠯᠢ ᠴᠠᠭᠠᠵᠠ ᠶᠢᠨ ᠮᠡᠳᠡᠯᠭᠡ ᠶᠢᠨ ᠲᠤᠰᠬᠠᠶ ᠰᠡᠳᠦᠪᠲᠦ ᠲᠠᠶᠢᠯᠤᠮᠵᠢ ᠬᠢᠯᠭᠡᠬᠦ ᠶᠢᠨ ᠬᠠᠮᠲᠤ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠰᠡᠳᠦᠪᠲᠦ ᠪᠣᠯᠪᠠᠰᠤᠷᠠᠭᠤᠯᠤᠯ ᠢ | ᠥᠷᠨᠢᠭᠦᠯᠪᠡ᠃ ᠵᠦ ᠬᠠᠢ ᠱᠧᠨ ᠫᠷᠤᠹᠧᠰᠰᠤᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠤᠨ | ᠪᠤᠭᠤᠲᠤ ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠣᠳᠣᠬᠢ ᠪᠠᠶᠢᠳᠠᠯ ᠳᠤ ᠵᠠᠳᠠᠯᠤᠯᠲᠠ | ᠬᠢᠵᠦ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠦᠷᠭᠡᠳᠬᠡᠨ ᠪᠠᠶᠢᠭᠤᠯᠬᠤ ᠳᠤ | ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠳᠤ ᠲᠠᠶᠢᠯᠤᠮᠵᠢ ᠬᠢᠭᠰᠡᠨ ᠪᠥᠭᠡᠳ ᠵᠠᠮ ᠬᠠᠷᠢᠯᠴᠠᠭ᠎ᠠ | ᠲᠡᠭᠡᠭᠡᠪᠦᠷᠢ ᠶᠢᠨ ᠠᠵᠢᠯ ᠲᠦᠷᠦᠯ ᠤᠨ ᠪᠣᠳᠠᠲᠠᠢ ᠪᠠᠶᠢᠳᠠᠯ ᠲᠠᠢ ᠤᠶᠠᠯᠳᠤᠭᠤᠯᠤᠨ ︽ᠢᠷᠭᠡᠨ ᠤ ᠬᠠᠤᠯᠢ ᠶᠢᠨ ᠪᠢᠴᠢᠭ | ︾ ᠤᠨ ᠬᠠᠮᠢᠶ᠎ᠠ ᠪᠦᠬᠦᠢ ᠵᠦᠢᠯ ᠵᠤᠷᠪᠤᠰ ᠲᠤ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠬᠢᠵᠦ᠂ ᠬᠠᠤᠯᠢᠵᠢᠯ | ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠣᠯᠤᠨ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠲᠣᠭᠤᠷᠢᠨ ᠳᠤ ᠪᠣᠳᠠᠲᠠᠢ ᠠᠷᠭ᠎ᠠ ᠬᠡᠮᠵᠢᠶ᠎ᠡ ᠳᠤᠷᠠᠳᠪᠠ᠃ | ᠲᠣᠪᠴᠢᠶᠠᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠯᠠᠭᠠᠨ ᠤ ᠬᠠᠷᠢᠭᠤᠴᠠᠯᠭᠠᠲᠠᠨ ᠠᠴᠠ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠ ︽ᠢᠷᠭᠡᠨ ᠤ ᠬᠠᠤᠯᠢ ᠶᠢᠨ ᠪᠢᠴᠢᠭ︾ ᠢ | ᠤᠬᠠᠭᠤᠯᠤᠨ ᠲᠤᠭᠤᠰᠢᠯᠠᠭᠤᠯᠬᠤ ᠠᠵᠢᠯ ᠤᠨ ᠱᠠᠭᠠᠷᠳᠠᠯᠭ᠎ᠠ ᠶᠢ ᠰᠠᠶᠢᠲᠤᠷ ᠬᠢᠬᠦ ᠲᠤᠬᠠᠶ᠂ ᠡᠯ᠎ᠡ ᠨᠢᠭᠡᠴᠢ ᠪᠠ | ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ ᠤᠨ ᠬᠢᠨ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠤᠯᠠᠮ ᠨᠢᠭᠡ | ᠠᠯᠬᠤᠮ ᠥᠷᠭᠡᠳᠬᠡᠵᠦ᠂ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠵᠦ᠂ 2021 ᠣᠨ ᠤ | ᠪᠥᠬᠦ ᠤᠯᠤᠰ᠂ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠦᠨᠡᠯᠡᠯᠲᠡ | ᠶᠢᠨ ᠠᠵᠢᠯ ᠢ ᠰᠠᠶᠢᠲᠤᠷ ᠬᠢᠵᠦ᠂ ︽ᠢᠷᠭᠡᠨ ᠤ ᠬᠠᠤᠯᠢ ᠶᠢᠨ ᠪᠢᠴᠢᠭ︾ ᠢ ᠰᠤᠷᠤᠯᠴᠠᠨ ᠤᠬᠠᠭᠤᠯᠬᠤ ᠠᠵᠢᠯᠯᠠᠭ᠎ᠠ | ᠶᠢ ᠪᠠᠶᠢᠩᠭᠤᠵᠢᠭᠤᠯᠤᠨ ᠥᠷᠨᠢᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠵᠢᠯ ᠢᠶᠠᠨ ᠠᠬᠢᠭᠤᠯᠬᠤ | ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠤᠷᠤᠯᠴᠠᠨ ᠲᠤᠭᠤᠰᠢᠯᠠᠭᠤᠯᠬᠤ ᠶᠠᠪᠤᠴᠠ ᠶᠢ ᠮᠡᠳᠡᠬᠦᠶ ᠬᠢᠬᠦᠶ ᠪᠠᠨ | ᠨᠢᠭᠡᠳᠬᠡᠬᠦ ᠶᠠᠪᠤᠴᠠ ᠪᠣᠯᠭᠠᠬᠤ ᠪᠠᠷ ᠴᠢᠷᠮᠠᠶᠢᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠪᠡ᠃ ︵ᠵᠢᠶᠠ ᠹᠠᠨ︶ |