ᠵᠣᠣ ᠵᠢᠶᠦ᠋ᠨ ᠬᠠᠲᠤᠨ ᠭᠤᠤᠯ ᠤᠨ ᠣᠨᠴᠠ ᠶᠡᠭᠡ ᠬᠥᠭᠦᠷᠭᠡ ᠶᠢᠨ ᠭᠤᠤᠯ ᠬᠥᠭᠦᠷᠭᠡ ᠶᠢᠨ ᠬᠤᠶᠠᠷ ᠲᠠᠯ᠎ᠠ ᠶᠢ ᠤᠷᠤᠭᠰᠢᠲᠠᠶ ᠨᠡᠶᠢᠯᠡᠭᠦᠯᠪᠡ
ᠨᠡᠶᠢᠲᠡᠯᠡᠭᠰᠡᠨ ᠴᠠᠭ᠄
2021/10/9
     10 ᠳ᠋ᠤᠭᠠᠷ ᠰᠠᠷ᠎ᠠ ᠶᠢᠨ 5 ᠤ ᠥᠷᠯᠥᠭᠡ᠂ ᠬᠠᠮᠤᠭ ᠰᠡᠭᠦᠯᠴᠢ ᠶᠢᠨ 1 ᠲᠡᠷᠭᠡ ᠶᠢᠨ ᠪᠧᠲ᠋ᠤᠨ ᠤ ᠬᠥᠭᠡᠷᠭᠡ ᠶᠢ ᠬᠡᠪ ᠲᠤ ᠣᠷᠣᠭᠤᠯᠬᠤ ᠶᠢ ᠲᠠᠭᠠᠯᠳᠤᠨ᠂ ᠥᠪᠥᠷ ᠮᠣᠩᠭᠤᠯ ᠤᠨ ᠳᠡᠭᠡᠳᠦ ᠳᠡᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠨᠡᠭᠡᠭᠡᠨ ᠬᠦᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ 8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠺᠣᠮᠫᠠᠨᠢ ᠶᠢᠨ ᠬᠤᠶᠠᠳᠤᠭᠠᠷ ᠵᠠᠰᠠᠮᠠᠯ ᠵᠠᠮ ᠤᠨ ᠢᠨᠵᠧᠨᠧᠷᠢᠩ ᠤᠨ ᠲᠣᠪᠴᠢᠶ᠎ᠠ ᠶᠢᠨ ᠳᠠᠭᠠᠭᠠᠴᠢᠯᠠᠨ ᠪᠠᠶᠢᠭᠤᠯᠤᠭᠰᠠᠨ ᠵᠤᠤ ᠵᠢᠶᠦ᠋ᠨ ᠬᠠᠳᠤᠨ ᠭᠤᠣᠯ ᠤᠨ ᠶᠡᠭᠡ ᠬᠥᠭᠦᠷᠭᠡ ᠶᠢᠨ ᠭᠤᠣᠯ ᠬᠥᠭᠦᠷᠭᠡ ᠶᠢᠨ ᠬᠤᠶᠠᠷ ᠲᠠᠯ᠎ᠠ ᠶᠢ ᠤᠷᠤᠭᠰᠢᠲᠠᠶ ᠨᠡᠶᠢᠯᠡᠭᠦᠯᠪᠡ᠃      4 ᠵᠢᠯ ᠬᠠᠭᠠᠰ ᠤᠨ ᠪᠡᠷᠬᠡ ᠶᠢ ᠲᠣᠭᠤᠯᠬᠤ ᠪᠠᠷ᠂ ᠬᠠᠲᠤᠨ ᠭᠤᠤᠯ ᠤᠨ ᠬᠤᠶᠠᠷ ᠡᠷᠭᠢ ᠪᠠᠷ ᠢᠶᠠᠨ ᠤᠷᠤᠭᠰᠢᠲᠠᠶ ᠪᠠᠷ ︽ᠭᠠᠷ ᠬᠤᠯᠪᠣᠯᠴᠠᠨ︾᠂ ᠵᠣᠣ ᠵᠢᠶᠦ᠋ᠨ ᠬᠠᠲᠤᠨ ᠭᠤᠤᠯ ᠤᠨ ᠣᠨᠴᠠ ᠶᠡᠭᠡ ᠬᠥᠭᠦᠷᠭᠡ ᠨᠢ ᠶᠠᠭ ᠯᠠ ︽ᠬᠥᠬᠡ ᠬᠠᠳᠠᠭ︾ ᠰᠢᠭ᠋ ᠢᠶᠠᠷ ᠬᠠᠲᠤᠨ ᠭᠤᠤᠯ ᠳᠤ ᠬᠥᠨᠳᠡᠯᠢᠰᠴᠦ᠂ ᠰᠦᠷᠯᠢᠭ ᠦᠵᠡᠮᠵᠢᠲᠡᠶ ᠬᠠᠷᠠᠭᠳᠠᠨ᠎ᠠ᠃      ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠺᠣᠮᠫᠠᠨᠢ ᠶᠢᠨ ᠬᠤᠶᠠᠳᠤᠭᠠᠷ ᠵᠠᠰᠠᠮᠠᠯ ᠵᠠᠮ ᠤᠨ ᠢᠨᠵᠧᠨᠧᠷᠢᠩ ᠤᠨ ᠲᠣᠪᠴᠢᠶ᠎ᠠ ᠶᠢᠨ ᠬᠢᠵᠠᠭᠠᠷᠲᠤ ᠺᠣᠮᠫᠠᠨᠢ ᠶᠢᠨ ᠪᠣᠭᠤᠳᠤ ᠠᠴᠠ ᠮᠣᠤᠮᠢᠩ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠤᠯᠪᠣᠬᠤ ᠱᠤᠭᠤᠮ ᠤᠨ ᠪᠠᠷᠢᠯᠭ᠎ᠠ ᠶᠢᠨ ᠵᠣᠣ ᠵᠢᠶᠦ᠋ᠨ ᠬᠠᠲᠤᠨ ᠭᠤᠤᠯ ᠤᠨ ᠣᠨᠴᠠ ᠶᠡᠭᠡ ᠬᠥᠭᠦᠷᠭᠡ ᠶᠢᠨ ᠲᠥᠷᠥᠯ ᠵᠦᠢᠯ ᠤᠨ ᠳᠠᠭᠠᠭᠠᠮᠠᠯ ᠵᠠᠩ ᠰᠢᠶᠤᠤ ᠢᠦᠶ ᠲᠠᠨᠢᠯᠴᠠᠭᠤᠯᠬᠤ ᠳᠤ ᠪᠠᠨ᠂ ᠵᠣᠣ ᠵᠢᠶᠦ᠋ᠨ ᠬᠠᠲᠤᠨ ᠭᠤᠤᠯ ᠤᠨ ᠣᠨᠴᠠ ᠶᠡᠭᠡ ᠬᠥᠭᠦᠷᠭᠡ ᠶᠢ ᠬᠤᠤᠰ ᠴᠢᠭᠯᠡᠯ ᠢᠶᠠᠷ 4 ᠲᠡᠷᠭᠡᠨ ᠵᠠᠮ ᠲᠠᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠪᠥᠬᠦ ᠣᠷᠳᠣ ᠨᠢ 4300 ᠮᠧᠲᠷ ᠪᠣᠯᠤᠨ᠎ᠠ᠃ ᠶᠡᠭᠡ ᠬᠥᠭᠦᠷᠭᠡ ᠶᠢ ᠬᠤᠶᠢᠲᠤ ᠡᠷᠭᠢ ᠶᠢᠨ ᠲᠠᠩ ᠬᠥᠭᠦᠷᠭᠡ᠂ ᠬᠤᠶᠢᠲᠤ ᠡᠷᠭᠢ ᠶᠢᠨ ᠳᠠᠯᠠᠩ ᠠᠯᠤᠰᠯᠠᠭᠰᠠᠨ ᠬᠥᠭᠦᠷᠭᠡ᠂ ᠭᠤᠤᠯ ᠬᠥᠭᠦᠷᠭᠡ᠂ ᠡᠮᠦᠨ᠎ᠡ ᠡᠷᠭᠢ ᠶᠢᠨ ᠲᠠᠩ ᠬᠥᠭᠦᠷᠭᠡ᠂ ᠡᠮᠦᠨ᠎ᠡ ᠡᠷᠭᠢ ᠶᠢᠨ ᠳᠠᠯᠠᠩ ᠠᠯᠤᠰᠯᠠᠭᠰᠠᠨ ᠬᠥᠭᠦᠷᠭᠡ ᠵᠡᠷᠭᠡ ᠲᠠᠪᠤᠨ ᠬᠡᠰᠡᠭ ᠲᠤ ᠬᠤᠪᠢᠶᠠᠵᠤ᠂ ᠭᠤᠤᠯ ᠬᠥᠭᠦᠷᠭᠡ ᠶᠢ ᠲᠠᠩ ᠬᠤᠯᠪᠣᠯᠲᠠ 1520m ︵85+9×150+85︶ ᠶᠢᠨ ᠳᠣᠯᠭᠢᠶᠠᠯᠢᠭ ᠪᠣᠯᠣᠳ ᠬᠡᠪᠡᠯᠢ ᠶᠢᠨ ᠬᠠᠪᠲᠠᠰᠤᠨ ᠤ ᠪᠡᠯᠡᠳᠬᠡᠯ ᠬᠤᠪᠢᠷᠠᠭᠠᠭᠳᠠᠯ ᠤᠨ ᠬᠦᠴᠦᠯᠡᠴᠡ ᠲᠠᠢ ᠪᠧᠲ᠋ᠣᠨ ᠤ ᠦᠷᠭᠦᠯᠵᠢᠯᠡᠭᠰᠡᠨ ᠨᠢᠷᠤᠭᠤ ᠪᠣᠯᠣᠨ᠎ᠠ᠂ ᠤᠯᠤᠰ ᠤᠨ ᠳᠣᠲᠣᠭᠠᠳᠤ ᠳᠤ ᠪᠠᠶᠢᠭᠤᠯᠵᠤ ᠪᠠᠶᠢᠭ᠎ᠠ ᠲᠠᠩ ᠬᠤᠯᠪᠣᠯᠲᠠ ᠨᠢ ᠬᠠᠮᠤᠭ ᠤᠨ ᠣᠷᠳᠣ ᠨᠢᠷᠤᠭᠤᠲᠤ ᠬᠥᠭᠦᠷᠭᠡ ᠪᠣᠯᠤᠨ᠎ᠠ᠃ ᠲᠣᠰ ᠲᠥᠷᠥᠯ ᠵᠦᠢᠯ ᠨᠢ ᠮᠥᠨ ᠴᠦ ᠵᠠᠮ ᠬᠠᠷᠢᠯᠴᠠᠭᠠᠨ ᠤ ᠶᠠᠮᠤᠨ ᠤ ︽ᠠᠩᠬᠠᠳᠠᠭᠴᠢ ᠪᠦᠯᠦᠭ ᠵᠠᠰᠠᠮᠠᠯ ᠵᠠᠮ ᠤᠨ ᠪᠣᠯᠣᠳ ᠪᠦᠲᠦᠴᠡ ᠶᠢᠨ ᠬᠥᠭᠦᠷᠭᠡ ᠶᠢᠨ ᠵᠢᠱᠢᠶ᠎ᠡ ᠦᠵᠡᠭᠦᠯᠬᠦ ᠪᠠᠷᠢᠯᠭ᠎ᠠ︾ ᠶᠢᠨ ᠲᠥᠷᠥᠯ ᠵᠦᠢᠯ ᠪᠣᠯᠤᠨ᠎ᠠ᠃ ᠶᠡᠭᠡ ᠬᠥᠭᠦᠷᠭᠡ ᠶᠢ ᠪᠠᠶᠢᠭᠤᠯᠵᠤ ᠳᠠᠭᠤᠰᠤᠭᠰᠠᠨ ᠤ ᠳᠠᠷᠠᠭ᠎ᠠ ᠪᠤᠭᠤᠲᠤ ᠬᠤᠲᠠ ᠶᠢᠨ ᠬᠠᠲᠤᠨ ᠭᠤᠣᠯ ᠤᠨ ᠭᠤᠷᠪᠠᠳᠤᠭᠠᠷ ᠶᠡᠭᠡ ᠬᠥᠭᠦᠷᠭᠡ ᠪᠣᠯᠵᠤ᠂ ᠪᠤᠭᠤᠲᠤ ᠪᠣᠯᠤᠨ ᠣᠷᠳᠣᠰ ᠤᠨ ᠬᠠᠲᠤᠨ ᠭᠤᠣᠯ ᠤᠨ ᠬᠤᠶᠠᠷ ᠡᠷᠭᠢ ᠶᠢ ᠬᠤᠯᠪᠣᠨ ᠨᠡᠪᠲᠡᠷᠡᠭᠦᠯᠦᠭᠰᠡᠨ ᠢᠶᠠᠷ ᠪᠠᠷᠠᠬᠤ ᠦᠭᠡᠶ᠂ ᠬᠤᠶᠠᠷ ᠭᠠᠵᠠᠷ ᠤᠨ ᠲᠡᠷᠭᠡ ᠶᠠᠪᠤᠬᠤ ᠴᠠᠭ ᠢ ᠪᠣᠭᠤᠨᠢᠰᠬᠠᠵᠤ᠂ ᠪᠤᠭᠤᠲᠤ ᠠᠴᠠ ᠮᠣᠤᠮᠢᠩ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠵᠡᠷᠭᠡ ᠬᠠᠮᠢᠶ᠎ᠠ ᠪᠥᠬᠦᠶ ᠵᠠᠮ ᠤᠨ ᠵᠠᠮ ᠬᠠᠷᠢᠯᠴᠠᠭᠠᠨ ᠤ ᠳᠠᠷᠤᠯᠲᠠ ᠶᠢ ᠲᠦᠢᠯ ᠤᠨ ᠶᠡᠭᠡ ᠪᠠᠷ ᠬᠥᠩᠭᠡᠷᠡᠭᠦᠯᠵᠦ᠂ ᠪᠤᠭᠤᠲᠤ ᠳᠤ ᠣᠷᠣᠬᠤ ︽ᠪᠣᠭᠤᠮᠢ︾ ᠵᠠᠮ ᠤᠨ ᠬᠡᠰᠡᠭ ᠢ ᠨᠡᠪᠲᠡᠷᠡᠭᠦᠯᠵᠦ᠂ ᠪᠤᠭᠤᠲᠤ ᠶᠢᠨ ᠪᠠᠷᠠᠭᠤᠨ ᠬᠤᠶᠢᠲᠤ ᠬᠡᠰᠡᠭ ᠵᠢᠴᠢ ᠡᠮᠦᠨᠡᠲᠦ ᠬᠡᠰᠡᠭ ᠤᠨ ᠭᠠᠵᠠᠷ ᠣᠷᠣᠨ ᠤ ᠲᠡᠷᠭᠡ ᠬᠥᠰᠬᠡ ᠶᠢᠨ ᠭᠠᠳᠠᠭᠰᠢ ᠭᠠᠷᠬᠤ ᠳᠤ ᠪᠡᠭᠡᠵᠢᠩ ᠠᠴᠠ ᠲᠥᠪᠡᠳ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ᠂ ᠪᠤᠭᠤᠲᠤ ᠠᠴᠠ ᠳ᠋ᠦᠩᠱᠧᠩ ᠬᠦᠷᠲᠡᠯᠡᠬᠢ ᠳᠡᠭᠡᠳᠦ ᠬᠤᠷᠳᠦ ᠶᠢᠨ ᠵᠠᠰᠠᠮᠠᠯ ᠵᠠᠮ᠂ 210 ᠤᠯᠤᠰ ᠤᠨ ᠵᠠᠮ ᠵᠡᠷᠭᠡ ᠶᠢ ᠲᠣᠭᠤᠷᠢᠨ ᠶᠠᠪᠤᠬᠤ ᠵᠠᠶ ᠶᠢ ᠪᠠᠷᠤᠭ 20 ᠺᠢᠯᠣᠮᠧᠲᠷ ᠪᠠᠭᠠᠰᠬᠠᠵᠤ᠂ ᠵᠠᠮ ᠤᠨ ᠲᠣᠤᠷ ᠤᠨ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠦᠨ᠂ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号