ᠥᠪᠥᠷ ᠮᠣᠩᠭᠤᠯ ᠵᠠᠰᠠᠮᠠᠯ ᠵᠠᠮ ᠤᠰᠤᠨ ᠵᠠᠮ ᠤᠨ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠪᠡ
ᠨᠡᠶᠢᠲᠡᠯᠡᠭᠰᠡᠨ ᠴᠠᠭ᠄
2021/11/10
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠰᠤᠨ ᠵᠠᠮ ᠢ ᠢᠯᠭᠠᠷᠠᠭᠤᠯᠤᠨ ᠪᠠᠶᠢᠴᠠᠭᠠᠵᠤ ᠪᠠᠶᠢᠳᠠᠯ ᠢ ᠣᠶᠢᠯᠠᠭᠠᠵᠤ ᠳᠠᠩᠰᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠵᠠᠰᠠᠮᠠᠯ ᠵᠠᠮ ᠤᠰᠤᠨ ᠵᠠᠮ ᠤᠨ ᠡᠳ᠋ ᠬᠥᠷᠥᠩᠭᠡ ᠶᠢᠨ ︽ᠬᠥᠷᠥᠩᠭᠡ ᠬᠤᠭᠰᠢᠯ︾ ᠢ ᠪᠥᠬᠦ ᠲᠠᠯ᠎ᠠ ᠪᠠᠷ ᠲᠤᠰᠬᠠᠵᠤ᠂ ᠵᠠᠰᠠᠭ  ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠪᠠ ᠵᠠᠰᠠᠭ ᠵᠠᠬᠢᠷᠭ᠎ᠠ ᠠᠵᠢᠯ ᠦᠶᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠮᠡᠳᠡᠭᠦᠯᠦᠯᠲᠡ ᠶᠢᠨ ᠲᠣᠭᠠᠴᠠᠭ᠎ᠠ ᠬᠢᠬᠦ ᠰᠠᠭᠤᠷᠢ ᠶᠢ ᠪᠠᠬᠢᠵᠢᠭᠦᠯᠬᠦ  ᠶᠢᠨ ᠲᠥᠯᠥᠭᠡ᠂ ᠡᠳ᠋ ᠤᠨ ᠵᠠᠰᠠᠭ ᠤᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠠᠷᠢᠯᠭ᠎ᠠ ᠶᠢᠨ ᠦᠨ᠎ᠡ ᠥᠷᠲᠡᠭ ᠤᠨ ᠥᠷᠲᠡᠭᠡ ᠠᠴᠠ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠭᠰᠠᠨ ︽ᠵᠠᠰᠠᠮᠠᠯ ᠵᠠᠮ ᠤᠰᠤᠨ ᠵᠠᠮ ᠤᠨ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠲᠥᠷᠥᠯ ᠬᠤᠪᠢᠶᠠᠬᠤ ᠠᠷᠭ᠎ᠠ ᠵᠢᠴᠢ ᠳᠠᠬᠢᠨ ᠲᠥᠬᠦᠷᠭᠡᠬᠦ ᠥᠪᠡᠷ ᠤᠨ ᠥᠷᠲᠡᠭ ᠤᠨ ᠪᠠᠷᠢᠮᠵᠢᠶ᠎ᠠ ᠶᠢᠨ ᠵᠢᠯᠣᠭᠤᠳᠬᠤ ᠰᠠᠨᠠᠯ︾ ︵︽ᠰᠠᠨᠠᠯ︾ ᠭᠡᠵᠦ ᠲᠣᠪᠴᠢᠯᠠᠨ᠎ᠠ︶ ᠢ ᠪᠡᠶᠡᠯᠡᠭᠦᠯᠬᠦ ᠶᠢᠨ ᠬᠠᠮᠲᠤ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃      ︽ᠰᠠᠨᠠᠯ︾ ᠪᠣᠯ ᠥᠪᠥᠷ ᠮᠣᠩᠭᠤᠯ ᠤᠨ ᠵᠠᠰᠠᠮᠠᠯ ᠵᠠᠮ ᠤᠰᠤᠨ ᠵᠠᠮ ᠤᠨ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢ ᠲᠥᠷᠥᠯ ᠬᠤᠪᠢᠶᠠᠨ ᠳᠠᠬᠢᠨ ᠲᠥᠬᠦᠷᠭᠡᠬᠦ ᠥᠪᠡᠷ ᠤᠨ ᠥᠷᠲᠡᠭ ᠤᠨ ᠵᠠᠷᠤᠳᠠᠯ ᠢ ᠨᠠᠶᠢᠷᠠᠭᠤᠯᠤᠨ ᠵᠣᠬᠢᠶᠠᠬᠤ ᠶᠢᠨ ᠵᠢᠯᠣᠭᠤᠳᠬᠤ ᠴᠢᠨᠠᠷᠲᠠᠶ ᠦᠨᠳᠦᠰᠦᠯᠡᠯ ᠪᠣᠯᠤᠨ᠎ᠠ᠂ ᠥᠪᠥᠷ ᠮᠣᠩᠭᠤᠯ ᠤᠨ ᠣᠷᠣᠨ ᠪᠦᠰᠡ ᠶᠢᠨ ᠳᠣᠲᠤᠷᠠᠬᠢ ᠵᠠᠰᠠᠮᠠᠯ ᠵᠠᠮ ᠤᠰᠤᠨ ᠵᠠᠮ ᠤᠨ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠨᠢ ᠠᠩᠬ᠎ᠠ ᠪᠠᠶᠢᠭᠤᠯᠤᠭᠰᠠᠨ ᠠᠩᠬᠠᠨ ᠤ ᠣᠭ ᠮᠠᠲ᠋ᠧᠷᠢᠶᠠᠯ ᠢ ᠠᠷᠭ᠎ᠠ ᠥᠬᠡᠶ ᠦᠶ᠎ᠡ ᠳᠤ ᠳᠠᠬᠢᠨ ᠲᠥᠬᠦᠷᠭᠡᠬᠦ ᠥᠪᠡᠷ ᠤᠨ ᠥᠷᠲᠡᠭ ᠢ ᠬᠡᠷᠡᠭᠯᠡᠬᠦ ᠪᠣᠯᠤᠨ᠎ᠠ᠃      ᠵᠠᠰᠠᠮᠠᠯ ᠵᠠᠮ ᠤᠰᠤᠨ ᠵᠠᠮ ᠤᠨ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠪᠣᠯ ᠵᠠᠰᠠᠭ ᠤᠨ ᠣᠷᠳᠣᠨ ᠤ ᠡᠳ᠋ ᠬᠥᠷᠥᠩᠭᠡ ᠶᠢᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠵᠠᠰᠠᠮᠠᠯ ᠵᠠᠮ ᠤᠰᠤᠨ ᠵᠠᠮ ᠤᠨ ᠣᠯᠠᠨ ᠨᠡᠶᠢᠲᠡ  ᠶᠢᠨ ᠰᠠᠭᠤᠷᠢ ᠲᠥᠬᠦᠭᠡᠷᠦᠮᠵᠢ ᠡᠳ᠋ ᠬᠥᠷᠥᠩᠭᠡ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠨᠣᠲᠠᠯᠠᠨ ᠲᠣᠭᠲᠠᠭᠠᠬᠤ᠂ ᠬᠡᠮᠵᠢᠬᠦ᠂ ᠲᠡᠮᠳᠡᠭᠯᠡᠬᠦ ᠪᠠ ᠮᠡᠳᠡᠭᠦᠯᠵᠦ᠂ ᠡᠷᠬᠡ ᠬᠠᠷᠢᠭᠤᠴᠠᠯᠭ᠎ᠠ ᠡᠭᠦᠰᠬᠦ ᠳᠦᠷᠢᠮᠲᠦ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠲᠦᠷᠢᠮ ᠢ ᠪᠠᠶᠢᠭᠤᠯᠬᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ  ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃   ︵ᠯᠢ ᠷᠦᠢ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号